ᠬᠤᠸᠠᠩ ᠶᠠ ᠯᠢ ᠠᠯᠠᠱᠠ ᠵᠡᠭᠦᠨ ᠬᠤᠰᠢᠭᠤᠨ ᠤ ᠵᠡᠭᠦᠨ ᠪᠡᠯ ᠪᠠᠯᠭᠠᠰᠤᠨ ᠳᠤ ᠭᠦᠨᠵᠡᠭᠡᠶᠢᠷᠡᠨ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠬᠦ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/5/7
     4 ᠰᠠᠷ᠎ᠠ ᠶᠢᠨ 14 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠯᠠᠱᠠ ᠵᠡᠭᠦᠨ ᠬᠤᠰᠢᠭᠤᠨ ᠤ ᠵᠡᠭᠦᠨ ᠪᠡᠯ ᠪᠠᠯᠭᠠᠰᠤᠨ ᠳᠤ ᠭᠦᠨᠵᠡᠭᠡᠶᠢᠷᠡᠨ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠦᠨᠳᠦᠰᠦᠨ ᠱᠠᠲᠤᠨ ᠤ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠬᠦ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃    ᠠᠯᠠᠱᠠ ᠵᠡᠭᠦᠨ ᠬᠤᠰᠢᠭᠤᠨ ᠤ ᠵᠡᠭᠦᠨ ᠪᠡᠯ ᠪᠠᠯᠭᠠᠰᠤᠨ ᠳᠤ᠂ ᠬᠤᠸᠠᠩ ᠶᠠ ᠯᠢ ᠲᠤᠬᠠᠢ ᠶᠢᠨ ᠲᠠᠯᠠᠪᠠᠢ ᠳᠤ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠤᠢ ᠰᠢᠭᠤᠢ ᠡᠪᠡᠰᠦ ᠪᠡᠯᠴᠢᠭᠡᠷ ᠢ ᠡᠪᠳᠡᠭᠰᠡᠨ ᠠᠰᠠᠭᠤᠳᠠᠯ ᠢ ᠴᠡᠭᠴᠡᠯᠡᠨ ᠵᠠᠰᠠᠭᠰᠠᠨ ᠪᠠᠶᠢᠳᠠᠯ ᠢ ᠪᠠᠶᠢᠴᠠᠭᠠᠨ ᠦᠵᠡᠪᠡ᠃
   ᠠᠯᠠᠱᠠ ᠵᠡᠭᠦᠨ ᠬᠤᠰᠢᠭᠤᠨ ᠤ ᠵᠡᠭᠦᠨ ᠪᠡᠯ ᠪᠠᠯᠭᠠᠰᠤᠨ ᠳᠤ᠂ ᠬᠤᠸᠠᠩ ᠶᠠ ᠯᠢ ᠲᠤᠬᠠᠢ ᠶᠢᠨ ᠲᠠᠯᠠᠪᠠᠢ ᠳᠤ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠤᠢ ᠰᠢᠭᠤᠢ ᠡᠪᠡᠰᠦ ᠪᠡᠯᠴᠢᠭᠡᠷ ᠢ ᠡᠪᠳᠡᠭᠰᠡᠨ ᠠᠰᠠᠭᠤᠳᠠᠯ ᠢ ᠴᠡᠭᠴᠡᠯᠡᠨ ᠵᠠᠰᠠᠭᠰᠠᠨ ᠪᠠᠶᠢᠳᠠᠯ ᠢ ᠪᠠᠶᠢᠴᠠᠭᠠᠨ ᠦᠵᠡᠵᠦ᠂ ᠴᠡᠭᠴᠡᠯᠡᠨ ᠰᠠᠶᠢᠵᠢᠷᠠᠭᠤᠯᠬᠤ ᠠᠬᠢᠴᠠ᠂ ᠴᠡᠭᠴᠡᠯᠡᠨ ᠵᠠᠰᠠᠬᠤ ᠲᠥᠯᠥᠪᠯᠡᠭᠡ ᠪᠣᠯᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠠᠬᠢᠴᠠ ᠶᠢ ᠨᠠᠷᠢᠨ ᠣᠶᠢᠯᠠᠭᠠᠵᠤ᠂ ᠠᠵᠤ ᠠᠬᠤᠶᠢᠯᠠᠯ ᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠵᠦ᠂ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠣᠯᠤᠨ ᠨᠠᠷᠢᠨ ᠨᠢᠭᠲᠠ ᠲᠥᠯᠥᠪᠯᠡᠭᠡ ᠭᠠᠷᠭᠠᠵᠤ᠂ ᠬᠤᠷᠳᠤᠴᠠ ᠪᠠᠨ ᠲᠦᠷᠭᠡᠳᠬᠡᠵᠦ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠶᠠᠰᠤ ᠴᠢᠨᠠᠷ ᠢᠶᠠᠨ ᠴᠢᠩᠳᠠᠯᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠥᠪᠡᠷ ᠢᠶᠠᠨ ᠪᠠᠶᠢᠴᠠᠭᠠᠵᠤ ᠥᠪᠡᠷ ᠢᠶᠠᠨ ᠰᠠᠶᠢᠵᠢᠷᠠᠭᠤᠯᠵᠤ᠂ ᠠᠰᠠᠭᠤᠳᠠᠯ ᠨᠢᠭᠡᠪᠦᠷᠢ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠤᠬᠢᠷᠠᠭᠰᠠᠨ ᠤᠢ ᠰᠢᠭᠤᠢ ᠡᠪᠡᠰᠦ ᠪᠡᠯᠴᠢᠭᠡᠷ ᠨᠢᠭᠡᠪᠦᠷᠢ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠲᠦᠷᠭᠡᠨ᠂ ᠴᠢᠩᠭ᠎ᠠ᠂ ᠨᠠᠷᠢᠯᠢᠭ᠂ ᠪᠣᠳᠠᠲᠠᠶ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠬᠠᠭᠤᠯᠬᠤ᠂ ᠤᠶᠢᠯᠠᠭᠠᠨ ᠵᠢᠭᠰᠠᠭᠠᠬᠤ᠂ ᠴᠡᠭᠴᠡᠯᠡᠨ ᠰᠠᠶᠢᠵᠢᠷᠠᠭᠤᠯᠬᠤ᠂ ᠰᠢᠢᠳᠪᠦᠷᠢᠯᠡᠬᠦ ᠵᠡᠷᠭᠡ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠡᠷᠡᠰ ᠵᠠᠯᠠᠷᠠᠭᠤᠯᠤᠨ ᠵᠠᠰᠠᠵᠤ᠂ ᠴᠢᠩᠭ᠎ᠠ ᠴᠣᠬᠢᠯᠲᠠ ᠥᠭᠬᠦ ᠬᠡᠷᠡᠭᠲᠡᠶ ᠭᠡᠵᠦ ᠱᠠᠭᠠᠷᠳᠠᠪᠠ  ᠃    ᠬᠤᠸᠠᠩ ᠶᠠ ᠯᠢ ᠠᠯᠠᠱᠠ ᠵᠡᠭᠦᠨ ᠬᠤᠰᠢᠭᠤᠨ ᠤ ᠵᠡᠭᠦᠨ ᠪᠡᠯ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠨᠥᠬᠦᠳ ᠪᠣᠯᠤᠨ ᠬᠡᠰᠡᠭ ᠭᠠᠴᠠᠭᠠᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠠᠬᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠪᠠ᠃
   ᠳᠠᠷᠠᠭ᠎ᠠ ᠨᠢ᠂ ᠬᠤᠸᠠᠩ ᠶᠠ ᠯᠢ ᠵᠡᠭᠦᠨ ᠪᠠᠯ ᠪᠠᠯᠭᠠᠰᠤᠨ ᠳᠤ ᠬᠦᠷᠴᠦ᠂ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠨᠥᠬᠦᠳ ᠪᠣᠯᠤᠨ ᠬᠡᠰᠡᠭ ᠭᠠᠴᠠᠭᠠᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ ᠲᠠᠢ ᠨᠢᠭᠤᠷᠳᠠᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠠᠬᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠪᠠ᠃  ᠬᠤᠸᠠᠩ ᠶᠠ ᠯᠢ ︽ᠨᠢᠭᠡ ᠭᠠᠷᠠᠭ ᠲᠤ ᠬᠡᠳᠦᠢ ᠪᠢᠴᠢᠭ ᠮᠠᠲ᠋ᠧᠷᠢᠶᠠᠯ ᠬᠤᠷᠢᠶᠠᠬᠤ᠂ ᠳᠠᠷᠤᠭᠠᠰᠤ ᠶᠢ ᠬᠥᠩᠭᠡᠷᠡᠭᠦᠯᠦᠭᠰᠡᠨ ᠦᠷ᠎ᠡ ᠪᠦᠲᠦᠮᠵᠢ ᠨᠢ ᠶᠠᠮᠠᠷ ᠵᠡᠷᠭᠡ ᠪᠠᠶᠢᠬᠤ︾ ᠵᠡᠷᠭᠡ ᠪᠠᠶᠢᠳᠠᠯ ᠢ ᠮᠠᠰᠢ ᠨᠠᠷᠢᠨ ᠯᠠᠪᠯᠠᠨ ᠠᠰᠠᠭᠤᠪᠠ᠃ ᠲᠡᠷᠡ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠨᠢ ᠬᠠᠷᠢᠭᠤᠴᠠᠯᠭ᠎ᠠ ᠡᠭᠦᠷᠭᠡᠯᠡᠯ ᠶᠢ ᠪᠠᠭᠠᠰᠬᠠᠨ᠂ ᠵᠢᠳᠬᠦᠯ ᠴᠢᠷᠮᠠᠶᠢᠯᠭ᠎ᠠ ᠶᠢ ᠪᠠᠭᠠᠰᠬᠠᠬᠤ ᠶᠠᠪᠤᠳᠠᠯ ᠪᠢᠰᠢ᠂ ᠬᠠᠷᠢᠨ ᠡᠷᠬᠡ ᠬᠠᠷᠢᠭᠤᠴᠠᠯᠭ᠎ᠠ ᠪᠠ ᠲᠣᠭᠲᠠᠴᠠ ᠶᠢ ᠰᠢᠯᠤᠭᠤᠳᠬᠠᠬᠤ ᠪᠠᠷ ᠳᠠᠮᠵᠢᠭᠤᠯᠵᠤ᠂ ᠤᠯᠠᠨ ᠲᠦᠮᠡᠨ ᠳᠤ ᠨᠡᠩ ᠰᠠᠶᠢᠨ ᠦᠢᠯᠡᠴᠢᠯᠡᠬᠦ ᠶᠠᠪᠤᠳᠠᠯ ᠪᠣᠯᠤᠨ᠎ᠠ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ︽ᠳᠠᠷᠤᠭᠠᠰᠤ ᠶᠢ ᠬᠥᠩᠭᠡᠷᠡᠭᠦᠯᠬᠦ᠂ ᠴᠢᠳᠠᠪᠤᠷᠢ ᠣᠯᠭᠤᠬᠤ᠂ ᠬᠦᠴᠢᠷᠳᠡᠯ ᠢ ᠰᠢᠢᠳᠪᠦᠷᠢᠯᠡᠬᠦ ᠂ ᠠᠬᠢᠭᠤᠯᠬᠤ︾ ᠡᠯ᠎ᠡ ᠵᠦᠢᠯ ᠤᠨ ᠠᠵᠢᠯ ᠢ ᠨᠢᠭᠡ ᠴᠤᠬᠴᠠᠵᠢᠭᠤᠯᠤᠨ ᠠᠬᠢᠭᠤᠯᠵᠤ᠂ ᠦᠨᠡᠨ ᠬᠦ ᠳᠠᠷᠤᠭᠠᠰᠤ ᠶᠢ ᠬᠥᠩᠭᠡᠷᠡᠭᠦᠯᠵᠦ᠂ ᠺᠠᠳ᠋ᠷᠴᠤᠳ ᠢ ᠬᠡᠷᠡᠭ ᠦᠭᠡᠢ ᠪᠢᠴᠢᠭ ᠮᠠᠲ᠋ᠧᠷᠢᠶᠠᠯ᠂ ᠪᠠᠷᠠᠰᠢ ᠦᠭᠡᠢ ᠬᠤᠷᠠᠯ ᠪᠠ ᠬᠡᠳᠣ ᠠᠯᠪᠠᠷᠬᠠᠭᠰᠠᠨ ᠶᠠᠪᠣᠳᠠᠯ ᠠᠴᠠ ᠦᠨᠡᠨ ᠬᠦ ᠴᠢᠯᠥᠭᠡᠯᠡᠬᠦ ᠬᠡᠷᠡᠭᠲᠡᠢ᠃ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠴᠠᠭ ᠪᠠ ᠤᠶᠤᠨ ᠴᠢᠳᠠᠯ ᠢᠶᠠᠨ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ᠂ ᠠᠷᠠᠳ ᠤᠨ ᠠᠮᠢᠳᠤᠷᠠᠯ ᠤᠨ ᠵᠣᠯ ᠵᠢᠷᠭᠠᠯ ᠢ ᠨᠡᠮᠡᠭᠳᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠡᠭᠡᠷ᠎ᠡ ᠢᠯᠡᠭᠦᠬᠡᠨ ᠬᠡᠷᠡᠭᠯᠡᠵᠦ᠂ ᠨᠠᠮ ᠪᠣᠯᠤᠨ ᠵᠠᠰᠠᠭ ᠤᠨ ᠣᠷᠳᠣᠨ ᠤ ᠤᠯᠠᠨ ᠲᠦᠮᠡᠨ ᠲᠠᠢ ᠬᠠᠷᠢᠯᠴᠠᠬᠤ ᠬᠥᠭᠦᠷᠭᠡ ᠶᠢ ᠨᠡᠩ ᠰᠠᠶᠢᠲᠤᠷ ᠪᠠᠶᠢᠭᠤᠯᠵᠤ᠂ ᠠᠷᠠᠳ ᠲᠦᠮᠡᠨ ᠳᠤ ᠦᠢᠯᠡᠴᠢᠯᠡᠬᠦ ᠠᠷᠭ᠎ᠠ ᠵᠠᠮ ᠢ ᠢᠯᠡᠭᠦᠬᠡᠨ ᠡᠷᠢᠯᠬᠢᠯᠡᠵᠦ᠂ ᠠᠷᠠᠳ ᠲᠦᠮᠡᠨ ᠤ ᠲᠥᠯᠥᠭᠡ ᠴᠢᠨᠡᠭᠡᠯᠢᠭᠵᠢᠬᠦ ᠵᠠᠮ ᠢ ᠢᠯᠡᠭᠦᠬᠡᠨ ᠨᠡᠭᠡᠭᠡᠵᠦ᠂ ᠠᠷᠭ᠎ᠠ ᠪᠦᠬᠦᠨ ᠢ ᠰᠦᠪᠡᠭᠴᠢᠯᠡᠨ ᠠᠷᠠᠳ ᠢ ᠪᠠᠶᠠᠵᠢᠭᠤᠯᠬᠤ ᠠᠵᠤ ᠦᠢᠯᠡᠰ ᠢ ᠬᠢᠵᠦ᠂ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠵᠤ᠂ ᠠᠷᠠᠳ ᠤᠯᠠᠨ ᠤ ᠠᠮᠢᠳᠤᠷᠠᠯ ᠢ ᠡᠳᠦᠷ ᠠᠴᠠ ᠡᠳᠦᠷ ᠥᠭᠡᠳᠡᠯᠡᠭᠦᠯᠬᠦ ᠬᠡᠷᠡᠭᠲᠡᠢ ᠭᠡᠪᠡ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号