| ᠲᠣᠪᠴᠢ ᠨᠠᠮᠲᠠᠷ | | ᠰᠢᠦᠢ ᠵᠢᠦᠢ ᠮᠠᠨ᠂ ᠡᠮᠡᠭᠲᠡᠢ᠂ ᠬᠢᠲᠠᠳ ᠦᠨᠳᠦᠰᠦᠲᠡᠨ᠂ 1989 ᠣᠨ ᠤ 7 ᠳ᠋ᠤᠭᠠᠷ ᠰᠠᠷ᠎ᠠ ᠳᠤ | ᠲᠦᠷᠦᠵᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠲᠣ ᠠᠯᠠᠱᠠ ᠵᠡᠭᠦᠨ ᠬᠤᠰᠢᠭᠤᠨ ᠤ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠡᠳ᠋ ᠳᠠᠷᠤᠭ᠎ᠠ | | ᠠᠵᠢᠯ ᠤᠨ ᠬᠤᠪᠢᠶᠠᠷᠢᠯᠠᠯ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢ ᠬᠠᠮᠵᠢᠨ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ᠂ ᠠᠶᠢᠯ ᠲᠣᠰᠬᠤᠨ ᠤ ᠲᠥᠯᠦᠪᠵᠢᠭᠦᠯᠭᠡ᠂ | ᠬᠤᠯᠪᠣᠭᠳᠠᠯ ᠪᠦᠬᠦᠢ ᠲᠤᠰᠬᠠᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ᠂ ᠡᠯ᠎ᠡ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠵᠦᠢᠯᠡᠰ ᠤᠨ ᠲᠥᠯᠦᠪᠵᠢᠭᠦᠯᠭᠡ ᠶᠢ ᠬᠢᠨᠠᠨ ᠵᠥᠪᠰᠢᠶᠡᠷᠡᠬᠦ | ᠠᠵᠢᠯ ᠢ ᠬᠠᠷᠢᠭᠤᠴᠠᠨ᠎ᠠ︔ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠷᠠᠳ ᠨᠡᠶᠢᠲᠡ ᠶᠢᠨ | ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠬᠠᠮᠢᠶᠠᠷᠬᠤ ᠵᠡᠷᠭᠡ ᠭᠠᠵᠠᠷ ᠰᠢᠷᠣᠢ ᠶᠢᠨ | ᠠᠰᠢᠭᠯᠠᠯᠲᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ᠂ ᠭᠠᠵᠠᠷ ᠰᠢᠷᠣᠢ ᠶᠢᠨ ᠬᠡᠷᠡᠭᠯᠡᠬᠦ | ᠡᠷᠬᠡ ᠶᠢ ᠬᠠᠩᠭᠠᠬᠤ᠂ ᠭᠠᠵᠠᠷ ᠰᠢᠷᠣᠢ ᠶᠢᠨ ᠡᠳ᠋ ᠬᠥᠷᠥᠩᠭᠡ ᠶᠢ ᠰᠢᠢᠳᠪᠦᠷᠢᠯᠡᠬᠦ᠂ ᠲᠦᠷ ᠬᠡᠷᠡᠭᠯᠡᠬᠦ ᠭᠠᠵᠠᠷ ᠢ | ᠬᠠᠮᠢᠶᠠᠷᠬᠤ᠂ ᠭᠠᠵᠠᠷ ᠰᠢᠷᠣᠢ ᠶᠢ ᠵᠥᠪᠰᠢᠶᠡᠷᠡᠭᠰᠡᠨ ᠤ ᠳᠠᠷᠠᠭᠠᠬᠢ ᠬᠢᠨᠠᠨ ᠬᠠᠮᠢᠶᠠᠷᠬᠤ ᠠᠵᠢᠯ ᠢ ᠲᠥᠯᠥᠪᠵᠢᠭᠦᠯᠬᠦ ᠶᠢ | ᠬᠠᠷᠢᠭᠤᠴᠠᠨ᠎ᠠ︔ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ ︵ ᠥᠯᠥ | ᠬᠥᠳᠡᠯᠬᠦ ᠬᠥᠷᠥᠩᠭᠡ︶ ᠢ ᠳᠡᠩᠰᠡᠯᠡᠨ ᠬᠠᠮᠢᠶᠠᠷᠬᠤ ᠶᠢ ᠰᠢᠯᠢᠳᠡᠭᠵᠢᠭᠦᠯᠬᠦ ᠶᠢ ᠬᠠᠷᠢᠭᠤᠴᠠᠨ᠎ᠠ᠃ ᠬᠤᠪᠢᠳᠠᠨ | ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠶᠢᠨ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ᠂ ᠦᠵᠡᠯ ᠤᠬᠠᠮᠰᠠᠷ ᠤᠨ ᠬᠡᠯᠪᠡᠷᠢ᠂ ᠠᠶᠦᠯᠭᠦᠢ | ᠦᠢᠯᠡᠳᠪᠦᠷᠢᠯᠡᠯ᠂ ᠬᠠᠤᠯᠢ ᠬᠡᠷᠡᠭᠵᠢᠭᠦᠯᠦᠯᠲᠡ ᠶᠢᠨ ᠬᠢᠨᠠᠨ ᠪᠠᠶᠢᠴᠠᠭᠠᠯᠲᠠ᠂ ᠨᠢᠭᠤᠴᠠ ᠶᠢ ᠬᠠᠮᠠᠭᠠᠯᠠᠬᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠬᠤ | ᠵᠡᠷᠭᠡ ᠠᠵᠢᠯ ᠢ ᠬᠠᠷᠢᠭᠤᠴᠠᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ | ᠲᠠᠰᠤᠭ᠂ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠥᠮᠴᠢᠯᠡᠭᠴᠢ ᠶᠢᠨ ᠡᠷᠬᠡ ᠠᠰᠢᠭ ᠤᠨ ᠲᠠᠰᠤᠭ | ᠂ ᠠᠯᠠᠱᠠ ᠵᠡᠭᠦᠨ ᠬᠤᠰᠢᠭᠤᠨ ᠤ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠢ ᠬᠤᠪᠢᠳᠠᠨ ᠬᠠᠮᠢᠶᠠᠷᠤᠨ᠎ᠠ᠃ | | |