ᠠᠯᠠᠱᠠ ᠵᠡᠭᠦᠨ ᠬᠤᠰᠢᠭᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯᠯᠠᠭ᠎ᠠ ᠥᠷᠨᠢᠭᠦᠯᠪᠠ
ᠨᠡᠶᠢᠲᠡᠯᠡᠭᠰᠡᠨ ᠴᠠᠭ᠄
2025/5/8
     ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠮᠤᠷ ᠲᠦᠪᠰᠢᠨ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠠᠶᠤᠯᠭᠦᠶ ᠦᠢᠯᠡᠳᠪᠦᠷᠢᠯᠡᠯ ᠤᠨ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠵᠦ ᠥᠯᠢᠭᠡᠷ ᠠᠪᠬᠤ ᠠᠵᠢᠯ ᠢ ᠵᠡᠷᠭᠡ ᠪᠠᠷ ᠠᠬᠢᠭᠤᠯᠵᠤ᠂ ᠪᠥᠬᠦ ᠬᠤᠰᠢᠭᠤᠨ ᠤ ᠮᠠᠯ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠳᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃
   ᠠᠵᠢᠯᠲᠠᠳ ᠪᠠᠶᠠᠨᠬᠤᠲᠠ ᠪᠠᠯᠭᠠᠰᠤᠨ ᠤ ᠭᠦᠨ ᠬᠤᠳᠳᠤᠭ ᠭᠠᠴᠠᠭᠠᠨ ᠤ ᠮᠠᠯᠴᠢᠨ ᠭᠤᠤ ᠵᠢᠶᠠᠨ ᠵᠦᠩ ᠤᠨ ᠬᠡᠷ ᠲᠤ᠂ ᠦᠬᠡᠷ᠂ ᠬᠤᠨᠢ ᠠᠴᠠ ᠥᠯᠢᠭᠡᠷ ᠠᠪᠴᠤ ᠪᠠᠶᠢᠴᠠᠭᠠᠪᠠ᠃ ᠬᠢᠨᠠᠨ ᠬᠡᠮᠵᠢᠬᠦ ᠶᠠᠪᠤᠴᠠ ᠳᠤ ᠢᠯᠡᠷᠡᠭᠦᠯᠦᠭᠰᠡᠨ ᠬᠢᠵᠢᠭ ᠢ ᠰᠡᠷᠭᠡᠶᠢᠯᠡᠬᠦ ᠪᠠᠭᠤᠷᠠᠶ ᠭᠤᠭᠴᠤᠭ᠎ᠠ ᠳᠤ ᠴᠢᠭᠯᠡᠭᠦᠯᠦᠨ᠂ ᠠᠵᠢᠯᠲᠠᠳ ᠲᠤᠰᠬᠠᠢ ᠮᠡᠷᠭᠡᠵᠢᠯ ᠤᠨ ᠮᠡᠳᠡᠯᠭᠡ ᠲᠠᠢ ᠪᠠᠨ ᠤᠶᠠᠯᠳᠤᠭᠤᠯᠵᠤ᠂ ᠲᠤᠬᠠᠢ ᠶᠢᠨ ᠲᠠᠯᠠᠪᠠᠢ ᠳᠤ ᠮᠠᠯᠵᠢᠬᠤ ᠡᠷᠦᠬᠡ ᠳᠤ ᠬᠠᠨᠳᠤᠯᠭᠠᠲᠤ ᠴᠢᠨᠠᠷᠲᠠᠢ ᠰᠡᠷᠭᠡᠶᠢᠯᠡᠨ ᠡᠵᠡᠮᠳᠡᠬᠦ ᠰᠠᠨᠠᠭᠤᠯᠭ᠎ᠠ ᠳᠤᠷᠠᠳᠴᠠᠢ᠃ ᠮᠠᠯᠵᠢᠬᠤ ᠡᠷᠦᠬᠡ ᠲᠠᠢ ᠬᠠᠷᠢᠯᠴᠠᠬᠤ ᠳᠠᠭᠠᠨ ᠠᠵᠢᠯᠲᠠᠳ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠠᠶᠤᠯᠭᠦᠶ ᠦᠢᠯᠡᠳᠪᠦᠷᠢᠯᠡᠯ ᠵᠡᠷᠭᠡ ᠠᠭᠤᠯᠭ᠎ᠠ ᠶᠢᠨ ᠲᠤᠬᠠᠶ ᠨᠠᠷᠢᠨ ᠲᠠᠶᠢᠯᠪᠤᠷᠢᠯᠠᠯᠲᠠ ᠬᠢᠵᠡᠶ᠃    ᠮᠠᠯᠵᠢᠬᠤ ᠡᠷᠦᠬᠡ ᠶᠢᠨ ᠬᠡᠷ ᠲᠤ ᠭᠦᠨᠵᠡᠭᠡᠶᠢᠷᠡᠬᠦ ᠠᠴᠠ ᠭᠠᠳᠠᠨ᠎ᠠ᠂ ᠠᠯᠠᠱᠠ ᠵᠡᠭᠦᠨ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠠᠵᠢᠯᠲᠠᠳ ᠠᠵᠢᠯ ᠤᠨ ᠬᠡᠪᠴᠢᠶ᠎ᠡ ᠪᠠᠨ ᠲᠡᠮᠡᠭᠡᠨ ᠤ ᠲᠤᠰᠬᠠᠶ ᠲᠡᠵᠢᠭᠡᠨ ᠦᠷᠡᠵᠢᠭᠦᠯᠬᠦ ᠲᠠᠯᠠᠪᠠᠶ᠂ ᠨᠢᠲᠤᠯᠬᠤ ᠲᠠᠯᠠᠪᠤᠷ ᠵᠡᠷᠭᠡ ᠭᠤᠤᠯᠳᠠᠯᠭ᠎ᠠ ᠲᠠᠢ ᠲᠠᠯᠠᠪᠤᠷ ᠲᠤ ᠬᠦᠷᠲᠡᠯ᠎ᠡ ᠥᠷᠭᠡᠳᠬᠡᠵᠦ᠂ ᠠᠶᠤᠯᠭᠦᠶ ᠦᠢᠯᠡᠳᠪᠦᠷᠢᠯᠡᠯ ᠤᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠪᠡᠯᠡᠳᠬᠡᠮᠵᠢ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠵᠢᠴᠢ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠲᠠᠯ᠎ᠠ ᠪᠠᠷ ᠪᠥᠬᠦ ᠲᠠᠯ᠎ᠠ ᠶᠢᠨ ᠨᠠᠷᠢᠨ ᠪᠠᠶᠢᠴᠠᠭᠠᠯᠳᠠ ᠬᠢᠪᠡ᠃ ᠬᠦᠷᠦᠭᠰᠡᠨ ᠭᠠᠵᠠᠷ ᠪᠣᠯᠭᠠᠨ ᠳᠤ ᠂ ᠠᠵᠢᠯᠲᠠᠳ ᠴᠥᠮ ᠬᠤᠯᠪᠣᠭᠳᠠᠯ ᠪᠦᠬᠦᠢ ᠲᠡᠮᠳᠡᠭᠯᠡᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠲᠠᠯᠠᠪᠤᠷ ᠭᠠᠵᠠᠷ ᠤᠨ ᠣᠷᠴᠢᠨ ᠲᠣᠭᠤᠷᠢᠨ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠣᠯᠣᠮᠵᠢ ᠪᠦᠬᠦᠢ ᠠᠮᠤᠷ ᠲᠦᠪᠰᠢᠨ ᠤ ᠬᠡᠮ ᠰᠣᠭᠤᠭ ᠤᠨ ᠠᠯᠢ ᠨᠢᠭᠡ ᠶᠢ ᠨᠢ ᠴᠦ ᠣᠷᠬᠢᠭᠳᠠᠭᠤᠯᠬᠤ ᠦᠭᠡᠢ ᠪᠠᠶᠢᠵᠤ᠂ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠪᠠ᠃
   ᠠᠮᠢᠲᠠᠨ ᠤ ᠬᠢᠵᠢᠭ ᠡᠪᠡᠳᠴᠢᠨ ᠤ ᠳᠡᠯᠭᠡᠷᠡᠬᠦ ᠪᠠᠶᠢᠳᠠᠯ ᠢ ᠣᠨᠣᠪᠴᠢᠲᠠᠶ ᠡᠵᠡᠮᠰᠢᠬᠦ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠵᠦ ᠦᠯᠢᠭᠡᠷ ᠠᠪᠬᠤ ᠠᠵᠢᠯ ᠢ ᠵᠡᠷᠭᠡᠪᠡᠷ ᠥᠷᠨᠢᠭᠦᠯᠪᠡ᠃ ᠠᠵᠢᠯᠲᠠᠳ ᠠᠵᠢᠯᠯᠠᠬᠤ ᠳᠦᠷᠢᠮ ᠢ ᠴᠢᠩᠭ᠎ᠠ ᠵᠢᠷᠤᠮᠯᠠᠨ᠂ ᠭᠠᠭ᠋ᠠᠶ᠂ ᠦᠬᠡᠷ᠂ ᠬᠤᠨᠢ ᠵᠡᠷᠭᠡ ᠭᠤᠤᠯ ᠪᠣᠯᠬᠤ ᠮᠠᠯ ᠵᠢᠭᠦᠷᠲᠡᠨ ᠤ ᠦᠯᠢᠭᠡᠷ ᠠᠪᠴᠠᠢ᠃ ᠣᠲᠣ ᠪᠣᠯᠲᠠᠯ᠎ᠠ᠂ ᠨᠢᠭᠡᠨᠲᠡ 1750 ᠬᠤᠪᠢ ᠥᠯᠢᠭᠡᠷ ᠠᠪᠬᠤ ᠬᠠᠷᠠᠯᠲᠠ ᠪᠠᠨ ᠪᠡᠶᠡᠯᠡᠭᠦᠯᠵᠦ᠂ ᠠᠮᠢᠲᠠᠨ ᠤ ᠬᠢᠵᠢᠭ ᠡᠪᠡᠳᠴᠢᠨ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠳᠤ ᠶᠡᠭᠡ ᠬᠡᠮᠵᠢᠶᠠᠨ ᠤ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠭᠰᠠᠨ ᠪᠠᠶᠢᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号