ᠠᠯᠠᠱᠠ ᠵᠡᠭᠦᠨ ᠬᠤᠰᠢᠭᠤᠨ ᠤ ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠪᠥᠬᠦ ᠲᠠᠯ᠎ᠠ ᠪᠠᠷ ᠠᠵᠢᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2025/5/8
   4 ᠰᠠᠷ᠎ᠠ ᠶᠢᠨ 15᠎ ᠤ ᠡᠳᠦᠷ᠂ ᠪᠠᠶᠠᠨᠬᠤᠲᠠ ᠶᠢᠨ ᠬᠤᠲᠠ ᠲᠣᠭᠤᠷᠢᠭ ᠵᠢᠩᠬᠢᠨᠢ ᠪᠠᠷ ᠳᠤᠯᠠᠭᠠᠯᠭ᠎ᠠ ᠪᠠᠨ ᠵᠣᠭᠰᠣᠭᠠᠬᠤ ᠶᠢ ᠳᠠᠭᠠᠯᠳᠣᠨ᠂ ᠠᠯᠠᠱᠠ ᠵᠡᠭᠦᠨ ᠬᠤᠰᠢᠭᠤᠨ ᠤ ᠬᠠᠭᠤᠴᠢᠨ ᠬᠤᠷᠢᠶᠠᠯᠠᠯ ᠤᠨ ᠥᠭᠡᠷᠡᠴᠢᠯᠡᠨ ᠰᠢᠨᠡᠴᠢᠯᠡᠬᠦ ᠲᠦᠷᠦᠯ ᠵᠦᠢᠯ ᠪᠦᠬᠦ ᠲᠠᠯ᠎ᠠ ᠪᠠᠷ ᠰᠡᠷᠭᠦᠪᠡ᠃    ᠠᠶᠢᠮᠠᠭ ᠤᠨ ᠣᠷᠣᠨ ᠨᠣᠳᠤᠭ ᠤᠨ ᠭᠠᠶᠢᠯᠢ ᠶᠢᠨ ᠬᠤᠷᠢᠶᠠᠯᠠᠯ᠂ ᠴᠠᠭ ᠠᠭᠤᠷ ᠤᠨ ᠲᠣᠪᠴᠢᠶ᠎ᠠ ᠶᠢᠨ ᠬᠡᠷ ᠪᠦᠯᠢ ᠶᠢᠨ ᠠᠰᠠᠷ ᠵᠡᠷᠭᠡ ᠭᠠᠵᠠᠷ ᠲᠤ᠂ ᠪᠠᠷᠢᠯᠭ᠎ᠠ ᠶᠢᠨ ᠠᠵᠢᠯᠲᠠᠳ ᠬᠠᠭᠤᠴᠢᠨ ᠭᠠᠵᠠᠷ ᠵᠢᠴᠢ ᠬᠠᠷᠰᠢ ᠰᠠᠭᠠᠳ ᠪᠦᠬᠦᠨ ᠢ ᠠᠷᠢᠯᠭᠠᠬᠤ ᠠᠵᠢᠯ ᠢ ᠬᠢᠵᠦ᠂ ᠲᠤᠬᠠᠢ ᠶᠢᠨ ᠲᠠᠯᠠᠪᠠᠢ ᠳᠤ ᠶᠠᠭᠠᠷᠠᠯᠲᠠᠢ ᠪᠠᠶᠢᠳᠠᠯ ᠢᠯᠡᠷᠡᠪᠡ᠃
   ᠣᠶᠢᠯᠠᠭᠠᠭᠰᠠᠨ ᠢᠶᠠᠷ᠂ ᠡᠨᠡ ᠵᠢᠯ ᠠᠯᠠᠱᠠ ᠵᠡᠭᠦᠨ ᠬᠤᠰᠢᠭᠤ ᠠᠶᠢᠮᠠᠭ ᠤᠨ ᠣᠷᠣᠨ ᠨᠤᠲᠤᠭ ᠤᠨ ᠭᠠᠶᠢᠯᠢ ᠶᠢᠨ ᠬᠤᠷᠢᠶᠠᠯᠠᠯ᠂ ᠴᠠᠭ ᠠᠭᠤᠷ ᠤᠨ ᠲᠣᠪᠴᠢᠶ᠎ᠠ ᠶᠢᠨ ᠬᠡᠷ ᠪᠦᠯᠢ ᠶᠢᠨ ᠠᠰᠠᠷ᠂ ᠠᠮᠣᠷ ᠲᠦᠪᠰᠢᠨ ᠬᠤᠷᠢᠶᠠᠯᠠᠯ᠂ ᠴᠧᠩ ᠯᠦᠩ ᠬᠤᠷᠢᠶᠠᠯᠠᠯ᠂ ᠠᠨᠴᠢᠯ  ᠬᠤᠷᠢᠶᠠᠯᠠᠯ ᠵᠡᠷᠭᠡ 5 ᠬᠤᠷᠢᠶᠠᠯᠠᠯ ᠤᠨ 264 ᠡᠷᠦᠬᠡ ᠶᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠢ ᠪᠡᠶᠡᠯᠡᠭᠦᠯᠦᠨ᠎ᠡ᠃ ᠭᠤᠣᠯ  ᠥᠭᠡᠷᠡᠴᠢᠯᠡᠬᠦ ᠵᠦᠢᠯᠡᠰ ᠲᠤ ᠬᠤᠷᠢᠶᠠᠯᠠᠯ ᠤᠨ ᠤᠰᠤ ᠬᠠᠩᠭᠠᠬᠤ ᠤᠰᠤ ᠵᠠᠯᠠᠬᠤ ᠬᠤᠭᠤᠯᠠᠶ ᠶᠢᠨ ᠲᠣᠤᠷ᠂ ᠢᠯᠴᠢ ᠬᠠᠩᠭᠠᠬᠤ ᠬᠤᠭᠤᠯᠠᠶ ᠶᠢᠨ ᠲᠣᠤᠷ᠂ ᠵᠠᠮ ᠢ ᠬᠠᠲᠠᠭᠤᠷᠠᠭᠤᠯᠬᠤ᠂ ᠬᠢᠨᠠᠨ ᠡᠵᠡᠮᠳᠡᠬᠦ ᠰᠢᠰᠲ᠋ᠧᠮ᠂ ᠭᠡᠷᠡᠯᠲᠦᠭᠦᠯᠭᠡ ᠶᠢᠨ ᠪᠡᠯᠡᠳᠬᠡᠮᠵᠢ ᠵᠡᠷᠭᠡ ᠶᠢ ᠪᠠᠭᠲᠠᠭᠠᠬᠤ ᠶᠢᠨ ᠬᠠᠮᠲᠤ ᠲᠡᠷᠭᠡᠨ ᠵᠣᠭᠰᠣᠭᠠᠯ ᠨᠡᠮᠡᠵᠦ᠂ ᠭᠠᠯ ᠤᠨᠲᠠᠷᠠᠭᠠᠬᠤ ᠬᠤᠭᠤᠯᠠᠶ ᠵᠢᠴᠢ ᠢᠵᠢ ᠪᠦᠷᠢᠳᠦᠭᠦᠯᠬᠦ ᠪᠡᠯᠡᠳᠬᠡᠮᠵᠢ ᠵᠡᠷᠭᠡ ᠶᠢ ᠲᠡᠭᠦᠯᠳᠡᠷᠵᠢᠭᠦᠯᠦᠨ᠎ᠡ᠃ ᠲᠤᠰ ᠲᠥᠷᠥᠯ ᠵᠦᠢᠯ ᠢ ᠵᠢᠱᠢᠯᠲᠡ ᠪᠠᠷ ᠡᠨᠡ ᠵᠢᠯ ᠤᠨ 10 ᠰᠠᠷ᠎ᠠ ᠶᠢᠨ ᠰᠡᠭᠦᠯᠴᠢ ᠪᠠᠷ ᠪᠦᠬᠦᠨ ᠢ ᠳᠠᠭᠤᠰᠬᠠᠨ᠎ᠠ᠃    ᠣᠶᠢᠷ᠎ᠠ ᠶᠢᠨ ᠵᠢᠯ ᠳᠤ᠂ ᠠᠯᠠᠱᠠ ᠵᠡᠭᠦᠨ ᠬᠤᠰᠢᠭᠤ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠬᠤ ᠪᠠᠷ ᠳᠡᠮᠵᠢᠨ᠂ ᠰᠠᠭᠤᠷᠢ ᠪᠡᠯᠡᠳᠬᠡᠮᠵᠢ ᠶᠢᠨ ᠴᠢᠳᠠᠮᠵᠢ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠨᠢᠭᠡ ᠪᠦᠯᠦᠭ  ᠬᠠᠭᠤᠴᠢᠨ ᠬᠤᠷᠢᠶᠠᠯᠠᠯ ᠤᠨ ᠳᠦᠷᠰᠦ ᠪᠠᠶᠢᠳᠠᠯ ᠢ ᠰᠢᠨ᠎ᠡ ᠳᠦᠷᠰᠦ ᠪᠠᠶᠢᠳᠠᠯ ᠲᠠᠢ ᠪᠣᠯᠭᠠᠵᠤ᠂ ᠬᠤᠲᠠ ᠪᠠᠯᠭᠠᠰᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠨᠢᠭᠡᠨᠲᠡ 2005 ᠣᠨ ᠠᠴᠠ ᠡᠮᠦᠨ᠎ᠡ ᠪᠠᠶᠢᠭᠤᠯᠤᠭᠰᠠᠨ 67 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠥᠭᠡᠷᠡᠴᠢᠯᠡᠨ ᠰᠠᠶᠢᠵᠢᠷᠠᠭᠤᠯᠤᠭᠰᠠᠨ ᠲᠠᠯᠠᠪᠠᠶ 100.093 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ 9631 ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠪᠡ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号