ᠯᠢᠦ ᡁᠢ ᠴᠢᠶᠠᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/8
     4 ᠰᠠᠷ᠎ᠠ ᠶᠢᠨ 16᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠯᠠᠨ ᠲᠦᠮᠡᠨ ᠤ ᠪᠦᠯᠬᠦᠮ᠂ ᠣᠶ ᠰᠢᠭᠤᠶ ᠡᠪᠡᠰᠦ ᠪᠡᠯᠴᠢᠭᠡᠷ ᠢ ᠰᠦᠢᠳᠬᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠡᠷᠬᠢᠨ ᠲᠣᠭᠤᠷᠢᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠷᠬᠢᠨ ᠲᠣᠭᠤᠷᠢᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠬᠥᠭᠵᠢᠯ ᠴᠡᠴᠡᠭᠯᠡᠯ ᠢ ᠪᠡᠶᠡᠯᠡᠭᠦᠯᠬᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠮᠠᠨ ᠤ ᠬᠤᠰᠢᠭᠤᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠥᠯᠵᠡᠶ ᠪᠣᠭᠤᠮᠲᠠ ᠶᠢᠨ ᠭᠠᠳᠠᠭᠰᠢ ᠨᠡᠭᠡᠭᠡᠯᠲᠡ ᠬᠢᠬᠦ ᠵᠠᠩᠭᠢᠯᠠᠭ᠎ᠠ ᠶᠢᠨ ᠠᠵᠢᠯ ᠢ ᠴᠢᠨᠠᠷ ᠰᠠᠶᠢᠲᠠᠶ ᠪᠥᠲᠥᠭᠡᠨ ᠪᠠᠶᠢᠭᠤᠯᠵᠤ᠂ ᠭᠠᠳᠠᠭᠰᠢ ᠨᠡᠭᠡᠭᠡᠯᠲᠡ ᠬᠢᠬᠦ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠪᠥᠬᠦ ᠣᠷᠣᠨ ᠤ ᠣᠶ ᠰᠢᠭᠤᠶ ᠡᠪᠡᠰᠦ ᠪᠡᠯᠴᠢᠭᠡᠷ ᠢ ᠰᠦᠢᠳᠬᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠪᠣᠯᠤᠨ ᠪᠥᠬᠦ ᠠᠶᠢᠮᠠᠭ ᠤᠨ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠤᠰᠬᠠᠶ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠪᠠ ᠨᠤᠲᠤᠭ ᠪᠡᠯᠴᠢᠭᠡᠷ ᠤᠨ ᠬᠡᠲᠦ ᠪᠡᠯᠴᠢᠭᠡᠷᠯᠡᠭᠦᠯᠬᠦ ᠠᠰᠠᠭᠤᠳᠠᠯ ᠢ ᠴᠡᠭᠴᠡᠯᠡᠨ ᠵᠠᠰᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠶ ᠬᠠᠷᠭᠤᠭᠤᠯᠤᠨ ᠪᠠᠶᠢᠴᠠᠭᠠᠵᠤ᠂ ᠣᠶ ᠰᠢᠭᠤᠶ ᠡᠪᠡᠰᠦ ᠪᠡᠯᠴᠢᠭᠡᠷ ᠢ ᠡᠪᠳᠡᠵᠤ ᠰᠦᠢᠳᠬᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠵᠦ᠂ ᠤᠷᠭᠤᠮᠠᠯ ᠤᠨ ᠪᠦᠷᠬᠦᠴᠡ ᠶᠢ ᠰᠡᠷᠭᠦᠭᠡᠬᠦ ᠶᠢ ᠱᠠᠯᠠᠪᠳᠠᠭᠤᠯᠤᠨ ᠰᠠᠶᠢᠲᠤᠷ ᠬᠢᠵᠦ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠨ᠂ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠮᠠᠨ ᠤ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠵᠤ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠬᠤ ᠶᠢ ᠴᠢᠬᠤᠯᠠᠴᠢᠯᠠᠵᠤ᠂ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠡᠯ᠎ᠡ ᠲᠦᠷᠦᠯ ᠤᠨ ᠰᠠᠶᠢᠨ ᠳᠤᠷ᠎ᠠ ᠶᠢᠨ ᠦᠢᠯᠡᠴᠢᠯᠡᠭᠡ ᠪᠣᠯᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠡᠭᠦᠳᠦᠨ ᠪᠠᠶᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠪᠡ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号