| 4 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ | ᠳᠤᠭᠤᠶᠢᠯᠠᠩ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠣᠭᠤᠷᠢᠨ ᠳᠤ ᠬᠠᠮᠲᠤ ᠶᠢᠨ | ᠰᠤᠷᠤᠯᠴᠠᠯᠭ᠎ᠠ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠶ ᠴᠢᠬᠤᠯᠠ ᠥᠭᠦᠯᠡᠯᠲᠡ᠂ ᠨᠠᠮ ᠤᠨ ᠲᠥᠪ ᠬᠤᠷᠢᠶᠠᠨ ᠤ ᠤᠯᠤᠰ ᠲᠥᠷᠦ ᠶᠢᠨ | ᠲᠣᠪᠴᠢᠶᠠᠨ ᠤ ︽ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ᠂ ᠣᠯᠠᠨ ᠲᠦᠮᠡᠨ ᠲᠠᠢ ᠨᠢᠭᠲᠠ ᠬᠠᠷᠢᠯᠴᠠᠬᠤ ᠨᠠᠢᠮᠠᠨ | ᠵᠤᠷᠪᠤᠰ ᠲᠣᠭᠲᠠᠭᠠᠯ︾ ᠵᠡᠷᠭᠡ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠠᠶᠢᠮᠠᠭ ᠤᠨ ᠨᠠᠮ ᠤᠨ | ᠬᠤᠷᠢᠶᠠᠨ ᠤ ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ ᠬᠤᠷᠠᠯ | ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠯᠢᠦ ᡁᠢ ᠴᠢᠶᠠᠩ᠂ ᠨᠠᠮ ᠤᠨ ᠭᠡᠰᠢᠭᠦᠨ ᠺᠠᠳ᠋ᠷ ᠢᠯᠠᠩᠭᠤᠶ᠎ᠠ ᠨᠠᠮ ᠤᠨ ᠭᠡᠰᠢᠭᠦᠨ ᠤᠳᠤᠷᠢᠳᠬᠤ ᠺᠠᠳ᠋ᠷ | ᠰᠠᠨᠠᠭᠠᠴᠢᠯᠠᠭ᠎ᠠ ᠠᠴᠠ ᠪᠠᠨ ᠤᠷᠢᠳᠠᠪᠠᠷ ᠰᠤᠷᠤᠯᠴᠠᠵᠤ᠂ ᠭᠦᠨᠵᠡᠭᠡᠶ ᠰᠤᠷᠤᠯᠴᠠᠵᠤ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭᠠᠨ ᠤ ᠭᠤᠤᠯ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠶ | ᠡᠵᠡᠮᠳᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ | ᠣᠨᠣᠪᠴᠢᠲᠠᠶ ᠡᠵᠡᠮᠳᠡᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠶ ᠴᠢᠬᠤᠯᠠ ᠥᠭᠦᠯᠡᠯᠲᠡ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ | ᠪᠠᠲᠤ ᠵᠡᠷᠭᠡ ᠠᠭᠤᠯᠭ᠎ᠠ ᠲᠠᠢ ᠤᠶᠠᠯᠳᠤᠭᠤᠯᠵᠤ᠂ ᠭᠦᠨᠵᠡᠭᠡᠶ ᠰᠤᠷᠤᠯᠴᠠᠵᠤ᠂ ᠰᠢᠰᠲ᠋ᠧᠮ ᠲᠠᠢ ᠰᠤᠷᠤᠯᠴᠠᠵᠤ᠂ ᠦᠨᠡᠨ | ᠬᠦ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠡᠵᠡᠮᠰᠢᠬᠦ ᠬᠡᠷᠡᠭᠲᠡᠶ᠃ ᠠᠰᠠᠭᠤᠳᠠᠯ ᠢ ᠣᠨᠣᠪᠴᠢᠲᠠᠢ ᠪᠠᠶᠢᠴᠠᠭᠠᠨ | ᠳᠡᠯᠭᠡᠵᠦ᠂ ᠵᠣᠷᠢᠭᠲᠠᠢ ᠪᠠᠷ ᠬᠢᠳᠤᠭᠠᠨ ᠢᠷ ᠢ ᠳᠣᠲᠣᠭᠰᠢ ᠬᠠᠨᠳᠤᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ᠂ ᠲᠣᠭᠤᠷᠢᠨ ᠪᠠᠶᠢᠴᠠᠭᠠᠵᠤ ᠱᠠᠯᠠᠪᠳᠠᠭᠤᠯᠤᠨ ᠪᠠᠶᠢᠴᠠᠭᠠᠬᠤ ᠵᠡᠷᠭᠡ ᠠᠷᠭ᠎ᠠ ᠵᠠᠮ ᠢ ᠭᠦᠢᠴᠡᠳ | ᠠᠰᠢᠭᠯᠠᠵᠤ᠂ ᠥᠪᠡᠷ ᠢᠶᠠᠨ ᠪᠠᠶᠢᠴᠠᠭᠠᠬᠤ᠂ ᠤᠯᠠᠨ ᠲᠦᠮᠡᠨ ᠳᠤᠷᠠᠳᠬᠤ᠂ ᠬᠠᠷᠢᠯᠴᠠᠨ ᠬᠠᠪᠰᠤᠷᠬᠤ ᠵᠡᠷᠭᠡ ᠠᠷᠭ᠎ᠠ | ᠬᠡᠯᠪᠡᠷᠢ ᠪᠠᠷ ᠨᠡᠶᠢᠲᠡᠯᠢᠭ ᠴᠢᠨᠠᠷᠲᠠᠢ ᠠᠰᠠᠭᠤᠳᠠᠯ ᠢ ᠡᠷᠢᠬᠦ ᠮᠥᠷᠲᠡᠭᠡᠨ ᠥᠪᠡᠷᠮᠢᠴᠡ ᠴᠢᠨᠠᠷᠲᠠᠢ ᠠᠰᠠᠭᠤᠳᠠᠯ ᠢ ᠡᠷᠢᠵᠦ᠂ | ᠰᠤᠷᠲᠠᠯ ᠤᠨ ᠠᠰᠠᠭᠤᠳᠠᠯ ᠢ ᠪᠠᠶᠢᠴᠠᠭᠠᠬᠤ ᠮᠥᠷᠲᠡᠭᠡᠨ ᠪᠠᠰᠠ ᠦᠵᠡᠯ ᠰᠠᠨᠠᠭᠠᠨ ᠤ ᠠᠰᠠᠭᠤᠳᠠᠯ ᠢ ᠪᠠᠶᠢᠴᠠᠭᠠᠵᠤ᠂ | ᠰᠤᠷᠲᠠᠯ ᠪᠠ ᠢᠯᠵᠠᠷᠡᠯ ᠢ ᠵᠡᠷᠭᠡᠪᠡᠷ ᠵᠠᠰᠠᠬᠤ ᠶᠢ ᠭᠦᠨᠵᠡᠭᠡᠢ ᠠᠬᠢᠭᠤᠯᠵᠤ᠂ ᠰᠤᠷᠲᠠᠯ ᠵᠢᠴᠢ ᠢᠯᠵᠠᠷᠠᠯ ᠤᠨ ᠬᠡᠯᠬᠢᠶ᠎ᠡ ᠶᠢ | ᠡᠷᠡᠰ ᠲᠠᠰᠤᠯᠵᠤ᠂ ᠢᠯᠵᠠᠷᠠᠯ ᠤᠨ ᠪᠤᠢ ᠪᠣᠯᠤᠭᠰᠠᠨ ᠬᠥᠷᠥᠰᠥ ᠰᠢᠷᠣᠢ ᠪᠠ ᠨᠥᠬᠦᠴᠡᠯ ᠢ ᠬᠦᠴᠦᠯᠡᠨ ᠠᠷᠢᠯᠭᠠᠬᠤ | ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠥᠩᠭᠡᠨ ᠲᠠᠯ᠎ᠠ ᠪᠠ | ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠨ᠂ ︽ᠣᠳᠣᠬᠠᠨ ᠳᠤ ᠥᠭᠡᠷᠡᠴᠢᠯᠡᠬᠦ︾ ᠪᠠ ︽ᠣᠷᠳᠣ | ᠬᠤᠭᠤᠴᠠᠭ᠎ᠠ ᠪᠠᠷ ᠪᠠᠶᠢᠭᠤᠯᠬᠤ︾ ᠶᠢ ᠬᠠᠷᠢᠯᠴᠠᠨ ᠨᠡᠪᠲᠡᠷᠡᠯᠴᠡᠭᠦᠯᠬᠦ ᠶᠢ ᠴᠢᠬᠤᠯᠠᠴᠢᠯᠠᠵᠤ᠂ ᠪᠠᠷᠢᠨ ᠪᠠᠶᠢᠴᠠᠭᠠᠵᠤ | ᠪᠠᠷᠢᠨ ᠰᠠᠶᠢᠵᠢᠷᠠᠭᠤᠯᠬᠤ᠂ ᠪᠠᠷᠢᠨ ᠮᠡᠳᠡᠵᠦ ᠪᠠᠷᠢᠨ ᠥᠭᠡᠷᠡᠴᠢᠯᠡᠬᠦ ᠶᠢ ᠪᠡᠶᠡᠯᠡᠭᠦᠯᠵᠦ᠂ ᠡᠯ᠎ᠡ ᠲᠥᠷᠥᠯ ᠤᠨ | ᠠᠰᠠᠭᠤᠳᠠᠯ ᠢ ᠲᠦᠢᠯᠪᠤᠷᠢᠲᠠᠶ ᠥᠭᠡᠷᠡᠴᠢᠯᠡᠵᠦ᠂ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ ᠭᠡᠪᠡ | ᠃ | | | |