ᠢᠳᠡᠭᠡᠨ ᠤᠮᠳᠠᠭᠠᠨ ᠤ ᠠᠮᠤᠷ ᠲᠦᠪᠰᠢᠨ ᠬᠡᠷᠡᠭᠯᠡᠭᠡᠨ ᠤ ᠰᠠᠨᠠᠭᠤᠯᠤᠮᠵᠢ
ᠨᠡᠶᠢᠲᠡᠯᠡᠭᠰᠡᠨ ᠴᠠᠭ᠄
2025/5/8
           ᠨᠢᠭᠡ᠂ ᠦᠵᠡᠬᠦ ᠳᠤ ᠪᠣᠭᠤᠳᠠᠯ ᠨᠢ ᠰᠠᠶᠢᠨ ᠰᠢᠭ᠋ ᠢᠳᠡᠭᠡᠨ ᠪᠤᠶᠤ ᠢᠳᠡᠭᠡᠨ ᠤ ᠲᠦᠭᠦᠬᠡᠢ ᠮᠠᠲ᠋ᠧᠷᠢᠶᠠᠯ ᠢ ᠰᠣᠩᠭᠤᠨ᠎ᠠ᠂ ᠣᠨᠴᠠᠭᠠᠶᠢᠯᠠᠨ ᠰᠢᠨ᠎ᠡ ᠰᠣᠷᠭᠤᠭ ᠡᠰᠡᠬᠦ᠂ ᠴᠢᠨᠠᠷ ᠢ ᠪᠠᠲᠤᠯᠠᠬᠤ ᠬᠤᠭᠤᠴᠠᠭᠠᠨ ᠳᠠᠭᠠᠨ ᠪᠠᠶᠢᠬᠤ ᠡᠰᠡᠬᠦ᠂ ᠪᠣᠭᠤᠳᠠᠯ ᠨᠢ ᠪᠦᠷᠢᠨ ᠪᠦᠲᠦᠨ ᠪᠠᠶᠢᠬᠤ ᠡᠰᠡᠬᠦ᠂ ᠬᠡᠢ ᠣᠷᠣᠭᠰᠠᠨ ᠡᠰᠡᠬᠦ ᠶᠢ ᠨᠠᠷᠢᠨ ᠠᠵᠢᠭᠯᠠᠨ᠎ᠠ᠃ ᠡᠷᠡᠭᠦᠯᠵᠢᠯ ᠤᠨ ᠡᠳ᠋ ᠬᠤᠳᠠᠯᠳᠤᠨ ᠠᠪᠬᠤ ᠳᠠᠭᠠᠨ ᠲᠡᠮᠳᠡᠭ ᠪᠠ ᠵᠥᠪᠰᠢᠶᠡᠷᠡᠯ ᠤᠨ ᠳ᠋ᠤᠭᠠᠷ ᠢ ᠨᠢ ᠨᠠᠷᠢᠨ ᠦᠵᠡᠨ᠎ᠡ᠃          ᠬᠤᠶᠠᠷ᠂ ᠪᠣᠯᠤᠭᠰᠠᠨ ᠢᠳᠡᠭᠡᠨ ᠪᠤᠶᠤ ᠬᠥᠯᠳᠡᠭᠡᠭᠦᠷ ᠲᠤ ᠬᠠᠳᠠᠭᠠᠯᠠᠨ ᠬᠤᠳᠠᠯᠳᠤᠵᠤ ᠪᠠᠶᠢᠭ᠎ᠠ  ᠢᠳᠡᠭᠡᠨ ᠢ ᠬᠤᠳᠠᠯᠳᠤᠨ ᠠᠪᠬᠤ ᠳᠠᠭᠠᠨ ᠵᠥᠭᠡᠭᠡᠪᠦᠷᠢᠯᠡᠨ ᠬᠠᠳᠠᠭᠠᠯᠠᠬᠤ ᠨᠥᠬᠦᠴᠡᠯ ᠳᠤ ᠨᠡᠶᠢᠴᠡᠭᠰᠡᠨ ᠡᠰᠡᠬᠦ ᠶᠢ ᠠᠩᠬᠠᠷᠤᠨ᠎ᠠ᠃ ᠬᠤᠳᠠᠯᠳᠤᠨ ᠠᠪᠴᠢᠷᠠᠭᠰᠠᠨ ᠤ ᠳᠠᠷᠠᠭ᠎ᠠ ᠬᠥᠯᠳᠡᠭᠡᠭᠦᠷ ᠲᠡᠭᠡᠨ ᠪᠣᠯᠤᠭᠰᠠᠨ  ᠢᠳᠡᠭᠡᠨ ᠢ ᠳᠡᠭᠡᠷ᠎ᠡ ᠳᠠᠪᠬᠤᠷᠭ᠎ᠠ ᠳᠤ᠂ ᠬᠥᠯᠳᠡᠭᠦᠦ ᠢᠳᠡᠭᠡᠨ ᠢ ᠳᠣᠣᠷ᠎ᠠ ᠳᠠᠪᠬᠤᠷᠭ᠎ᠠ ᠳᠤ ᠬᠢᠵᠦ ᠬᠠᠳᠠᠭᠠᠯᠠᠨ᠎ᠠ᠃          ᠭᠤᠷᠪᠠ᠂ ᠨᠢᠭᠡᠯᠡ ᠳᠡᠭᠡᠷ᠎ᠡ ᠬᠡᠲᠦᠷᠡᠲᠡᠯ᠎ᠡ ᠠᠷᠪᠢᠨ ᠢᠳᠡᠭᠡᠨ ᠬᠤᠳᠠᠯᠳᠤᠨ ᠠᠪᠬᠤ ᠶᠢ ᠲᠡᠪᠴᠢᠵᠦ᠂ᠬᠠᠳᠠᠭᠠᠯᠠᠬᠤ ᠠᠷᠭ᠎ᠠ ᠵᠣᠬᠢᠮᠵᠢ ᠦᠭᠡᠢ ᠪᠤᠶᠤ ᠭᠡᠳᠣ ᠤᠳᠠᠭᠠᠨ ᠬᠠᠳᠠᠭᠠᠯᠠᠭᠰᠠᠨ ᠠᠴᠠ ᠪᠣᠯᠵᠤ ᠢᠳᠡᠭᠡᠨ ᠤ ᠴᠢᠨᠠᠷ ᠬᠤᠪᠢᠷᠠᠬᠤ ᠠᠴᠠ ᠰᠡᠷᠭᠡᠶᠢᠯᠡᠨ᠎ᠡ᠃          ᠳᠥᠷᠪᠡ᠂ ᠭᠡᠷ ᠲᠡᠭᠡᠨ ᠠᠷᠪᠢᠨ ᠵᠦᠢᠯ ᠤᠨ ᠨᠣᠭᠤᠭ᠎ᠠ ᠪᠤᠳᠠᠭ᠎ᠠ ᠬᠢᠬᠦ ᠳᠡᠭᠡᠨ ᠫᠢᠯᠠ ᠳᠠᠭᠠᠨ ᠰᠠᠯᠭᠠᠵᠤ ᠰᠠᠪᠠᠯᠠᠨ᠎ᠠ᠃          ᠲᠠᠪᠤ᠂ ︽ᠰᠣᠨᠢᠨ ᠰᠡᠪᠡᠭᠦᠨ︾᠂ ︽ᠵᠡᠷᠯᠢᠭ ᠠᠮᠲᠠ︾ ᠵᠡᠷᠭᠡ ᠡᠩ ᠤᠨ ᠴᠠᠭ ᠲᠤ ᠦᠷᠭᠦᠯᠵᠢ ᠢᠳᠡᠳᠡᠭ ᠦᠭᠡᠢ ᠪᠤᠶᠤ ᠢᠳᠡᠵᠦ ᠥᠩᠭᠡᠷᠡᠭᠡ ᠦᠭᠡᠢ ᠢᠳᠡᠭᠡᠨ ᠤ ᠵᠦᠢᠯ ᠵᠢᠴᠢ ᠠᠮᠠᠷᠬᠠᠨ ᠬᠠᠷᠰᠢᠯ ᠡᠭᠦᠰᠬᠦ ᠢᠳᠡᠭᠡᠨ ᠤ ᠵᠦᠢᠯ ᠢ ᠠᠯᠢ ᠪᠤᠯᠬᠤ ᠪᠠᠷ ᠬᠡᠷᠡᠭᠯᠡᠬᠦ ᠦᠭᠡᠢ᠂ ᠣᠨᠴᠠᠭᠠᠶᠢᠯᠠᠨ‌ᠨᠠᠰᠤᠳᠡᠶᠢᠴᠤᠣᠯ᠂ ᠬᠡᠦᠬᠡᠳ ᠪᠠᠭᠠᠴᠤᠳ᠂ ᠪᠡᠶ᠎ᠡ ᠳᠠᠪᠬᠤᠷ ᠡᠮᠡᠭᠲᠡᠶᠢᠴᠦᠳ ᠵᠢᠴᠢ ᠪᠡᠶ᠎ᠡ ᠮᠠᠭᠤ ᠬᠥᠮᠥᠰ  ᠤᠯᠠᠮ ᠠᠩᠬᠠᠷᠬᠤ ᠴᠢᠬᠤᠯᠠᠲᠠᠢ᠃          ᠵᠢᠷᠭᠤᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ  ᠵᠠᠷᠯᠠᠯ ᠨᠡᠶᠢᠲᠡᠯᠡᠵᠦ ᠴᠠᠭᠠᠵᠠᠯᠠᠭᠰᠠᠨ ᠢᠳᠡᠭᠡᠨ᠂ ᠢᠷᠡᠯ ᠭᠠᠷᠤᠯ ᠨᠢ ᠲᠣᠳᠣᠷᠬᠠᠢ ᠦᠭᠡᠢ ᠢᠳᠡᠭᠡᠨ ᠢ ᠲᠡᠭᠦᠬᠦ ᠦᠭᠡᠢ᠂ ᠬᠤᠳᠠᠯᠳᠤᠨ ᠠᠪᠬᠤ ᠦᠭᠡᠢ᠂ ᠢᠳᠡᠬᠦ ᠦᠭᠡᠢ᠂ ᠬᠤᠣᠷᠳᠠᠭᠳᠠᠬᠤ ᠠᠴᠠ ᠰᠡᠷᠭᠡᠶᠢᠯᠡᠨ᠎ᠡ᠃          ᠲᠤᠯᠤᠭ᠎ᠠ᠂ ᠢᠳᠡᠭᠡᠨ ᠤᠮᠳᠠᠭᠠᠨ ᠬᠤᠳᠠᠯᠳᠤᠨ ᠠᠪᠬᠤ ᠪᠠ ᠬᠡᠭᠡᠷ᠎ᠡ ᠭᠠᠳᠠᠭ᠎ᠠ ᠭᠠᠷᠴᠤ ᠬᠤᠭᠤᠯᠠᠯᠠᠬᠤ ᠪᠠᠷ ᠢᠳᠡᠭᠡᠨ ᠤᠮᠳᠠᠭᠠᠨ ᠪᠡᠯᠡᠳᠬᠡᠬᠦ ᠳᠡᠭᠡᠨ ᠦᠨᠡᠮᠯᠡᠯ ᠪᠦᠷᠢᠨ ᠭᠦᠢᠴᠡᠳ ᠢᠳᠡᠭᠡᠨ ᠤ ᠡᠵᠡᠩᠨᠡᠯᠲᠡ ᠶᠢᠨ ᠭᠠᠵᠠᠷ ᠠᠴᠠ ᠬᠤᠳᠠᠯᠳᠤᠨ ᠠᠪᠴᠤ᠂ ᠬᠠᠮᠢᠶ᠎ᠠ ᠪᠦᠬᠦᠢ ᠭᠡᠷᠡᠴᠢ ᠪᠠᠷᠢᠮᠲᠠ ᠪᠠᠨ ᠭᠦᠢᠴᠡᠳ ᠠᠪᠤᠨ᠎ᠠ᠃ ᠢᠳᠡᠭᠰᠡᠨ ᠤ ᠲᠠᠷᠠᠭ᠎ᠠ ᠪᠡᠶ᠎ᠡ ᠡᠪᠭᠦᠶᠢᠷᠡᠭᠦ ᠪᠠᠶᠢᠳᠠᠯ ᠢᠯᠡᠷᠡᠪᠡᠯ ᠳᠠᠷᠤᠢ ᠲᠦᠷᠭᠡᠨ  ᠡᠮᠨᠡᠯᠭᠡ ᠳᠤ ᠣᠴᠢᠵᠤ ᠦᠵᠡᠭᠦᠯᠭᠦ ᠬᠡᠷᠡᠭᠲᠡᠢ᠃          ᠨᠠᠢᠮᠠ᠂ ᠲᠤᠬᠠᠢ ᠶᠢᠨ ᠭᠠᠵᠠᠷ ᠤᠨ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠦᠯᠵᠢᠶ᠎ᠡ ᠶᠢᠨ ᠢᠳᠡᠭᠡᠨ ᠤ ᠠᠮᠤᠷ ᠲᠦᠪᠰᠢᠨ ᠤ ᠰᠠᠨᠠᠭᠤᠯᠤᠮᠴᠢ ᠶᠢᠨ ᠰᠤᠷᠠᠭ ᠵᠠᠩᠭᠢ ᠶᠢ ᠴᠠᠭ ᠲᠤᠬᠠᠢ ᠳᠤᠨᠢ ᠠᠩᠬᠠᠷᠬᠤ ᠬᠡᠷᠡᠭᠲᠡᠢ᠃ ᠬᠡᠷᠪᠡ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠪᠠᠶᠢᠭᠤᠯᠭ᠎ᠠ ᠳᠤ ᠢᠳᠡᠭᠡᠨ ᠤ ᠠᠮᠤᠷ ᠲᠦᠪᠰᠢᠨ ᠤ ᠠᠰᠠᠭᠤᠳᠠᠯ ᠣᠷᠣᠰᠢᠵᠤ ᠪᠠᠶᠢᠪᠠᠯ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠢᠯᠡᠴᠢᠯᠡᠨ ᠮᠡᠳᠡᠭᠦᠯᠬᠦ ᠤᠲᠠᠰᠤ 12331 ᠤᠷᠤᠭᠤ ᠵᠠᠯᠭᠠᠭᠠᠷᠠᠢ︕
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号