﹇ᠬᠠᠤᠯᠢ ᠳᠦᠷᠢᠮ﹈ ᠲᠡᠷᠭᠡᠨ ᠤ ᠥᠮᠴᠢᠯᠡᠭᠴᠢ ᠪᠠ ᠬᠡᠷᠡᠭᠯᠡᠭᠴᠢ ᠨᠢ ᠨᠢᠭᠡ ᠬᠥᠮᠥᠨ ᠪᠢᠰᠢ ᠪᠠᠶᠢᠬᠤ ᠦᠶ᠎ᠡ ᠳᠤ ᠵᠠᠮ ᠬᠠᠷᠢᠯᠴᠠᠭᠠᠨ ᠤ ᠡ᠊ᠨᠳᠡᠯ ᠭᠠᠷᠤᠭᠰᠠᠨ ᠪᠠᠶᠢᠪᠠᠯ ᠬᠡᠨ ᠲᠥᠯᠥᠬᠦ ᠬᠠᠷᠢᠭᠤᠴᠠᠯᠭ᠎ᠠ ᠡᠭᠦᠷᠭᠡᠯᠡᠬᠦ ᠪᠤᠢ
ᠨᠡᠶᠢᠲᠡᠯᠡᠭᠰᠡᠨ ᠴᠠᠭ᠄
2025/5/8
                                 ᠵᠢᠱᠢᠶ᠎ᠡ ᠬᠡᠷᠡᠭ          ᠵᠢᠯᠣᠭᠤᠴᠢ ᠪᠠᠲᠠᠷᠴᠢ ᠲᠦᠭᠵᠢᠯ ᠤᠨ ᠪᠠᠷᠠᠭᠠᠨ ᠲᠡᠷᠭᠡ ᠶᠢ ᠣᠷᠲᠤ ᠬᠤᠭᠤᠴᠠᠭ᠎ᠠ ᠪᠠᠷ ᠲᠦᠷᠢᠶᠡᠰᠦᠯᠡᠨ ᠪᠠᠷᠠᠭ᠎ᠠ ᠵᠥᠭᠡᠭᠡᠪᠦᠷᠢᠯᠡᠵᠦ᠂ ᠡ᠊ᠩ ᠤᠨ ᠴᠠᠭ ᠲᠤ ᠪᠠᠲᠠᠷᠴᠢ ᠲᠡᠷᠭᠡ ᠶᠢ ᠬᠠᠮᠢᠶᠠᠷᠴᠤ᠂ ᠲᠦᠭᠵᠢᠯ ᠨᠢ ᠵᠦᠪᠭᠡᠨ ᠲᠦᠷᠢᠶᠡᠰᠦᠨ ᠮᠥᠩᠭᠦ ᠠᠪᠲᠠᠭ ᠪᠠᠶᠢᠵᠠᠢ᠃ ᠨᠢᠭᠡ ᠤᠳᠠᠭ᠎ᠠ ᠪᠠᠲᠠᠷᠴᠢ ᠪᠠᠷᠠᠭ᠎ᠠ ᠵᠥᠭᠡᠭᠡᠪᠦᠷᠢᠯᠡᠬᠦ ᠵᠠᠮ ᠳᠤᠮᠳᠠ ᠪᠠᠨ ᠭᠡᠨᠡᠳᠡᠯ ᠠᠴᠠ ᠪᠣᠯᠵᠤ ᠢᠲᠡᠭᠡᠯᠲᠦ ᠶᠢ ᠰᠢᠷᠬᠠᠲᠤᠭᠤᠯᠪᠠ᠃ ᠢᠲᠡᠭᠡᠯᠲᠦ ᠰᠢᠷᠬ᠎ᠠ ᠡᠳᠡᠭᠡᠷᠡᠭᠰᠡᠨ ᠠᠴᠠ ᠰᠡᠭᠦᠯᠡᠷ ᠪᠠᠲᠠᠷᠴᠢ ᠪᠣᠯᠣᠨ ᠲᠦᠭᠵᠢᠯ ᠢ ᠴᠥᠮ ᠰᠢᠭᠦᠬᠦ ᠬᠤᠷᠢᠶᠠᠨ ᠳᠤ ᠵᠠᠭᠠᠯᠳᠤᠵᠤ᠂ ᠲᠥᠯᠥᠭᠦᠯᠬᠦ ᠪᠠᠷ ᠱᠠᠭᠠᠷᠳᠠᠭᠰᠠᠨ ᠪᠠᠶᠢᠨ᠎ᠠ᠃ ᠡᠭᠦᠨ ᠳᠤ ᠲᠦᠭᠵᠢᠯ ᠮᠠᠷᠭᠤᠵᠤ᠂ ᠪᠠᠲᠠᠷᠴᠢ ᠲᠡᠷᠭᠡ ᠶᠢ ᠬᠠᠮᠢᠶᠠᠷᠤᠨ ᠬᠡᠷᠡᠭᠯᠡᠵᠦ ᠪᠠᠶᠢᠭ᠎ᠠ ᠪᠣᠯᠬᠤᠷ ᠥᠪᠡᠷ ᠲᠤᠨᠢ ᠲᠥᠯᠥᠬᠦ ᠬᠠᠷᠢᠭᠤᠴᠠᠯᠭ᠎ᠠ ᠦᠭᠡᠢ ᠭᠡᠵᠡᠢ᠃ ᠲᠡᠭᠡᠪᠡᠯ ᠲᠦᠭᠵᠢᠯ ᠤᠨ ᠬᠡᠯᠡᠯᠭᠡ ᠵᠦᠢᠲᠡᠢ ᠦᠦ︖          ᠵᠠᠳᠠᠯᠤᠯᠲᠠ           ︽ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢᠨ ᠬᠠᠤᠯᠢ︾ ᠎ ᠶᠢ ᠦᠨᠳᠦᠰᠦᠯᠡᠪᠡᠯ᠂ ᠲᠦᠷᠢᠶᠡᠰᠦᠯᠡᠭᠦᠯᠦᠭᠰᠡᠨ᠂ ᠵᠢᠭᠡᠯᠡᠨ ᠬᠡᠷᠡᠭᠯᠡᠭᠰᠡᠨ ᠵᠡᠷᠭᠡ ᠪᠠᠶᠢᠳᠠᠯ ᠠᠴᠠ ᠪᠣᠯᠵᠤ ᠮᠠᠰᠢᠨᠲᠤ ᠲᠡᠷᠭᠡᠨ ᠤ ᠥᠮᠴᠢᠯᠡᠭᠴᠢ ᠪᠠ ᠬᠡᠷᠡᠭᠯᠡᠭᠴᠢ ᠨᠢ ᠨᠢᠭᠡ ᠯᠡ ᠬᠥᠮᠥᠨ ᠪᠢᠰᠢ ᠪᠠᠶᠢᠬᠤ ᠦᠶ᠎ᠡ ᠳᠤ ᠵᠠᠮ ᠬᠠᠷᠢᠯᠴᠠᠭᠠᠨ ᠤ ᠡ᠊ᠨᠳᠡᠯ ᠭᠠᠷᠴᠤ᠂ ᠲᠣᠰ ᠮᠠᠰᠢᠨᠲᠤ ᠲᠡᠷᠭᠡ ᠶᠢᠨ ᠲᠠᠯ᠎ᠠ ᠶᠢᠨ ᠬᠢᠨ ᠤ ᠬᠠᠷᠢᠭᠤᠴᠠᠯᠭ᠎ᠠ ᠠᠴᠠ ᠪᠣᠯᠤᠭᠰᠠᠨ ᠪᠠᠶᠢᠪᠠᠯ ᠳᠠᠭᠠᠳᠬᠠᠯ ᠤᠨ ᠺᠤᠮᠫᠠᠨᠢ ᠠᠴᠠ ᠮᠠᠰᠢᠨᠲᠤ ᠲᠡᠷᠭᠡᠨ ᠤ ᠠᠯᠪᠠᠳᠠᠯᠭ᠎ᠠ ᠶᠢᠨ ᠳᠠᠭᠠᠳᠬᠠᠯ ᠤᠨ ᠬᠠᠷᠢᠭᠤᠴᠠᠯᠭ᠎ᠠ ᠶᠢᠨ ᠬᠢᠵᠠᠭᠠᠷᠲᠤ ᠲᠣᠭᠠᠨ ᠤ ᠬᠡᠪᠴᠢᠶᠡᠨ ᠳᠣᠲᠣᠷ᠎ᠠ ᠲᠥᠯᠥᠵᠦ ᠥᠭᠭᠦᠨ᠎ᠡ᠃ ᠬᠦᠷᠬᠦ ᠦᠭᠡᠢ ᠬᠡᠰᠡᠭ ᠲᠤᠨᠢ ᠮᠠᠰᠢᠨᠲᠤ ᠲᠡᠷᠭᠡᠨ ᠤ ᠬᠡᠷᠡᠭᠯᠡᠭᠴᠢ ᠠᠴᠠ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ;ᠮᠠᠰᠢᠨᠲᠤ ᠲᠡᠷᠭᠡᠨ ᠤ ᠥᠮᠴᠢᠯᠡᠭᠴᠢ ᠨᠢ ᠬᠤᠬᠢᠷᠠᠯ ᠤᠨ ᠡᠭᠦᠰᠬᠦ ᠳᠤ ᠣᠰᠣᠯ ᠲᠠᠢ ᠪᠠᠶᠢᠪᠠᠯ ᠵᠣᠬᠢᠰᠲᠠᠢ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃ ᠡᠨᠡ ᠨᠢ ᠲᠦᠷᠢᠶᠡᠰᠦᠯᠡᠭᠦᠯᠦᠭᠰᠡᠨ᠂ ᠵᠢᠭᠡᠯᠡᠨ ᠬᠡᠷᠡᠭᠯᠡᠭᠰᠡᠨ ᠵᠡᠷᠭᠡ ᠪᠠᠶᠢᠳᠠᠯ ᠠᠴᠠ ᠪᠣᠯᠵᠤ ᠮᠠᠰᠢᠨᠲᠤ ᠲᠡᠷᠭᠡᠨ ᠤ ᠥᠮᠴᠢᠯᠡᠭᠴᠢ ᠪᠠ ᠬᠡᠷᠡᠭᠯᠡᠭᠴᠢ ᠨᠢ ᠨᠢᠭᠡ ᠯᠡ ᠬᠥᠮᠥᠨ ᠪᠢᠰᠢ ᠪᠠᠶᠢᠬᠤ ᠦᠶ᠎ᠡ ᠳᠤ ᠵᠠᠮ ᠬᠠᠷᠢᠯᠴᠠᠭᠠᠨ ᠤ ᠡ᠊ᠨᠳᠡᠯ ᠭᠠᠷᠤᠭᠰᠠᠨ ᠪᠠᠶᠢᠪᠠᠯ ᠲᠥᠯᠥᠬᠦ ᠬᠠᠷᠢᠭᠤᠴᠠᠯᠭ᠎ᠠ ᠶᠢ ᠬᠡᠷᠬᠢᠨ ᠡᠭᠦᠷᠭᠡᠯᠡᠬᠦ ᠲᠤᠬᠠᠢ ᠬᠠᠤᠯᠢ ᠶᠢᠨ ᠲᠣᠭᠲᠠᠭᠠᠯ ᠪᠣᠯᠣᠨ᠎ᠠ᠃ ᠲᠣᠰ ᠬᠡᠷᠡᠭ ᠲᠤ᠂ ᠪᠠᠷᠠᠭᠠᠨ ᠪ᠊ ᠲᠡᠷᠭᠡ ᠶᠢ ᠪᠠᠲᠠᠷᠴᠢ ᠲᠣᠵᠢ ᠬᠠᠮᠢᠶᠠᠷᠤᠨ ᠬᠡᠷᠡᠭᠯᠡᠵᠦ᠂ ᠲᠦᠭᠵᠢᠯ ᠭᠡᠨᠡᠳᠡᠯ ᠡᠭᠦᠰᠬᠦ ᠳᠤ ᠣᠰᠣᠯ ᠦᠭᠡᠢ ᠪᠣᠯᠬᠤᠷ ᠲᠥᠯᠥᠬᠦ ᠬᠠᠷᠢᠭᠤᠴᠠᠯᠭ᠎ᠠ ᠡᠭᠦᠷᠭᠡᠯᠡᠬᠦ ᠦᠭᠡᠢ᠃ ᠡᠶᠢᠮᠦ ᠠᠴᠠ ᠢᠲᠡᠭᠡᠯᠲᠦ ᠨᠢ ᠪᠠᠲᠠᠷᠴᠢ ᠪᠠᠷ ᠲᠥᠯᠥᠭᠦᠯᠬᠦ ᠪᠠᠷ ᠱᠠᠭᠠᠷᠳᠠᠪᠠᠯ ᠵᠣᠬᠢᠨ᠎ᠠ᠃          ᠬᠤᠯᠪᠣᠭᠳᠠᠯ ᠪᠦᠬᠦᠢ ᠬᠠᠤᠯᠢ ᠶᠢᠨ ᠬᠡᠯᠬᠢᠶᠡᠰᠦ           ︽ᠪᠦᠭᠦᠲᠡ ᠨᠠᠶᠢᠷᠠᠮᠳᠠᠬᠤ ᠳᠣᠮᠲᠠᠲᠣ ᠠᠷᠠᠳ ᠤᠯᠤᠰ ᠤᠨ ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢᠨ ᠬᠠᠤᠯᠢ︾ ᠎ ᠶᠢᠨ ᠳᠥᠴᠢ ᠶᠢᠰᠦᠳᠦᠭᠡᠷ ᠵᠦᠢᠯ ᠳᠤ᠄ ︽ᠲᠦᠷᠢᠶᠡᠰᠦᠯᠡᠭᠦᠯᠦᠭᠰᠡᠨ᠂ ᠵᠢᠭᠡᠯᠡᠨ ᠬᠡᠷᠡᠭᠯᠡᠭᠰᠡᠨ ᠵᠡᠷᠭᠡ ᠪᠠᠶᠢᠳᠠᠯ ᠠᠴᠠ ᠪᠣᠯᠵᠤ ᠮᠠᠰᠢᠨᠲᠤ ᠲᠡᠷᠭᠡᠨ ᠤ ᠥᠮᠴᠢᠯᠡᠭᠴᠢ ᠪᠠ ᠬᠡᠷᠡᠭᠯᠡᠭᠴᠢ ᠨᠢ ᠨᠢᠭᠡ ᠯᠡ ᠬᠥᠮᠥᠨ ᠪᠢᠰᠢ ᠪᠠᠶᠢᠬᠤ ᠦᠶ᠎ᠡ ᠳᠤ ᠵᠠᠮ ᠬᠠᠷᠢᠯᠴᠠᠭᠠᠨ ᠤ ᠡ᠊ᠨᠳᠡᠯ ᠭᠠᠷᠴᠤ᠂ ᠲᠣᠰ ᠮᠠᠰᠢᠨᠲᠤ ᠲᠡᠷᠭᠡ ᠶᠢᠨ ᠲᠠᠯ᠎ᠠ ᠶᠢᠨ ᠎ ᠬᠢᠨ ᠤ ᠬᠠᠷᠢᠭᠤᠴᠠᠯᠭ᠎ᠠ ᠠᠴᠠ ᠪᠣᠯᠤᠭᠰᠠᠨ ᠪᠠᠶᠢᠪᠠᠯ ᠳᠠᠭᠠᠳᠬᠠᠯ ᠤᠨ ᠺᠤᠮᠫᠠᠨᠢ ᠠᠴᠠ ᠮᠠᠰᠢᠨᠲᠤ ᠲᠡᠷᠭᠡᠨ ᠤ ᠠᠯᠪᠠᠳᠠᠯᠭ᠎ᠠ ᠶᠢᠨ ᠳᠠᠭᠠᠳᠬᠠᠯ ᠤᠨ ᠬᠠᠷᠢᠭᠤᠴᠠᠯᠭ᠎ᠠ ᠶᠢᠨ ᠬᠢᠵᠠᠭᠠᠷᠲᠤ ᠲᠣᠭᠠᠨ ᠤ ᠬᠡᠪᠴᠢᠶᠡᠨ ᠳᠣᠲᠣᠷ᠎ᠠ ᠲᠥᠯᠥᠵᠦ ᠥᠭᠭᠦᠨ᠎ᠡ᠃ ᠬᠦᠷᠬᠦ ᠦᠭᠡᠢ ᠬᠡᠰᠡᠭ ᠲᠤᠨᠢ ᠮᠠᠰᠢᠨᠲᠤ ᠲᠡᠷᠭᠡᠨ ᠤ ᠬᠡᠷᠡᠭᠯᠡᠭᠴᠢ ᠠᠴᠠ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ;ᠮᠠᠰᠢᠨᠲᠤ ᠲᠡᠷᠭᠡᠨ ᠤ ᠥᠮᠴᠢᠯᠡᠭᠴᠢ ᠨᠢ ᠬᠤᠬᠢᠷᠠᠯ ᠤᠨ ᠡᠭᠦᠰᠬᠦ ᠳᠤ ᠣᠰᠣᠯ ᠲᠠᠢ ᠪᠠᠶᠢᠪᠠᠯ ᠵᠣᠬᠢᠰᠲᠠᠢ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ︾ ᠭᠡᠵᠦ ᠲᠣᠭᠲᠠᠭᠠᠪᠠ᠃                  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号