| | | ᠰᠡᠩᠭᠡ ︵ᠪᠤᠷᠤᠭᠤᠯᠤᠬᠰᠠᠨ ᠨᠡᠷ᠎ᠡ︶ ᠡᠷ᠎ᠡ ᠡᠮ᠎ᠡ ᠬᠤᠶᠠᠭᠤᠯᠠ ᠡᠷᠳᠡᠨᠢ ︵ᠪᠤᠷᠤᠭᠤᠯᠤᠬᠰᠠᠨ ᠨᠡᠷ᠎ᠡ︶ | ᠠᠴᠠ 4 ᠲᠦᠮᠡᠨ ᠲᠥᠭᠦᠷᠢᠭ ᠵᠣᠭᠤᠰ ᠵᠢᠭᠡᠯᠡᠵᠦ᠂ ᠵᠢᠭᠡᠯᠡᠯᠭᠡ ᠶᠢᠨ ᠬᠤᠭᠤᠴᠠᠭ᠎ᠠ ᠲᠤᠯᠤᠭᠰᠠᠨ ᠤ ᠰᠡᠭᠦᠯᠡᠷ | 32900 ᠲᠥᠭᠦᠷᠢᠭ ᠢ ᠨᠢ ᠪᠤᠴᠠᠭᠠᠵᠤ᠂ ᠦᠯᠡᠳᠡᠭᠰᠡᠨ 7100 ᠲᠥᠭᠦᠷᠢᠭ ᠢ ᠨᠢ ᠶᠡᠷᠦ ᠨᠢ ᠪᠤᠴᠠᠭᠠᠵᠤ | ᠥᠭᠭᠦᠭᠰᠡᠨ ᠦᠭᠡᠢ ᠶᠢᠨ ᠤᠴᠢᠷ ᠡᠷᠳᠡᠨᠢ ᠠᠴᠠ ᠰᠡᠩᠭᠡ ᠡᠷ᠎ᠡ ᠡᠮ᠎ᠡ ᠬᠤᠶᠠᠭᠤᠯᠠ ᠶᠢ ᠰᠢᠭᠦᠬᠦ ᠬᠤᠷᠢᠶᠠᠨ ᠳᠤ | ᠵᠠᠭᠠᠯᠳᠤᠵᠤ ᠦᠯᠡᠳᠡᠭᠰᠡᠨ ᠵᠣᠭᠤᠰ ᠢᠶᠠᠨ ᠪᠤᠴᠠᠭᠠᠯᠭᠠᠬᠤ ᠪᠠᠷ ᠱᠠᠭᠠᠷᠳᠠᠵᠠᠢ᠃ | ᠰᠢᠭᠦᠬᠦ ᠬᠤᠷᠢᠶ᠎ᠠ ᠰᠢᠭᠦᠬᠦ ᠠᠴᠠ ᠡᠮᠦᠨ᠎ᠡ ᠡᠶᠡᠳᠡᠭᠦᠯᠭᠡ ᠬᠢᠬᠦ ᠶᠠᠪᠤᠴᠠ ᠳᠤ ᠰᠡᠩᠭᠡ ᠡᠷ᠎ᠡ ᠡᠮ᠎ᠡ | ᠬᠤᠶᠠᠭᠤᠯᠠ ᠪᠠᠨ ᠬᠤᠶᠠᠷ ᠰᠠᠷ᠎ᠠ ᠶᠢᠨ ᠬᠤᠭᠤᠴᠠᠭᠠᠨ ᠳᠤ ᠥᠷᠢᠲᠦᠵᠦ ᠪᠠᠶᠢᠭ᠎ᠠ ᠵᠣᠭᠤᠰ ᠢᠶᠠᠨ ᠯᠠᠪᠲᠠᠢ ᠪᠤᠴᠠᠭᠠᠵᠤ | ᠥᠭᠭᠦᠨ᠎ᠡ ᠬᠡᠮᠡᠨ ᠠᠮᠠᠯᠠᠭᠰᠠᠨ ᠢ ᠨᠢ ᠡᠷᠳᠡᠨᠢ ᠵᠥᠪᠰᠢᠶᠡᠷᠡᠭᠰᠡᠨ ᠦᠭᠡᠢ᠂ ᠰᠢᠭᠦᠨ ᠲᠠᠰᠤᠯᠤᠯᠳᠠ ᠶᠢᠨ ᠭᠡᠯᠪᠡᠷᠢ ᠪᠠᠷ | ᠲᠡᠭᠦᠨ ᠤ ᠬᠠᠤᠯᠢ ᠶᠣᠰᠣᠨ ᠤ ᠡᠷᠬᠡ ᠠᠰᠢᠭ ᠢ ᠨᠢ ᠬᠠᠮᠠᠭᠠᠯᠠᠵᠤ ᠥᠭᠬᠦ ᠶᠢ ᠰᠢᠭᠦᠬᠦ ᠬᠤᠷᠢᠶᠠᠨ ᠳᠤ ᠭᠤᠶᠤᠴᠢᠯᠠᠵᠠᠢ᠃ | ᠰᠢᠭᠦᠭᠴᠢ ᠠᠴᠠ ᠲᠡᠭᠦᠨ ᠳᠤ ᠡᠶᠡᠳᠡᠭᠦᠯᠭᠡ ᠶᠢᠨ ᠪᠢᠴᠢᠭ ᠪᠣᠯᠣᠨ ᠰᠢᠭᠦᠨ ᠲᠠᠰᠤᠯᠤᠯᠳᠠ ᠶᠢᠨ ᠪᠢᠴᠢᠭ ᠤᠨ | ᠬᠠᠤᠯᠢ ᠶᠢᠨ ᠬᠦᠴᠦᠨ ᠨᠢ ᠠᠳᠠᠯᠢ ᠮᠥᠷᠲᠡᠭᠡᠨ ᠡᠶᠡᠳᠡᠭᠦᠯᠭᠡ ᠶᠢᠨ ᠪᠢᠴᠢᠭ ᠢ ᠪᠣᠯ ᠲᠤᠰ ᠡᠳᠦᠷ ᠲᠤᠨᠢ ᠭᠠᠷᠭᠠᠨ | ᠲᠤᠬᠠᠢ ᠶᠢᠨ ᠬᠥᠮᠥᠨ ᠳᠤ ᠬᠦᠷᠭᠡᠵᠦ ᠬᠤᠶᠠᠷ ᠲᠠᠯ᠎ᠠ ᠪᠠᠷ ᠢᠶᠠᠨ ᠭᠠᠷ ᠤᠨ ᠦᠰᠦᠭ ᠵᠢᠷᠤᠮᠠᠭᠴᠠ ᠬᠠᠤᠯᠢ ᠶᠢᠨ | ᠬᠦᠴᠦᠨ ᠲᠠᠢ ᠪᠤᠯᠬᠤ ᠲᠤᠬᠠᠢ ᠨᠠᠷᠢᠯᠢᠭ ᠰᠠᠶᠢᠨ ᠲᠠᠶᠢᠯᠪᠤᠷᠢᠯᠠᠯᠲᠠ ᠬᠢᠵᠡᠢ᠃ ᠭᠡᠪᠡᠴᠦ ᠡᠷᠳᠡᠨᠢ ᠡᠶᠡᠳᠡᠭᠦᠯᠭᠡ ᠶᠢᠨ | ᠪᠢᠴᠢᠭ ᠭᠠᠷᠭᠠᠬᠤ ᠶᠢ ᠵᠥᠪᠰᠢᠶᠡᠷᠡᠬᠦ ᠦᠭᠡᠢ᠂ ᠵᠠᠪᠠᠯ ᠰᠢᠭᠦᠨ ᠲᠠᠰᠤᠯᠤᠯᠳᠠ ᠶᠢᠨ ᠪᠢᠴᠢᠭ ᠭᠠᠷᠭᠠᠯᠭᠠᠬᠤ ᠪᠠᠷ ᠠᠬᠢᠨ | ᠲᠠᠭᠢᠨ ᠱᠠᠭᠠᠷᠳᠠᠭᠰᠠᠨ ᠪᠣᠯᠬᠤᠷ ᠰᠢᠭᠦᠬᠦ ᠬᠤᠷᠢᠶ᠎ᠠ ᠪᠠᠭ᠎ᠠ ᠨᠤᠷᠮ᠎ᠠ ᠶᠢᠨ ᠵᠠᠷᠭᠤ ᠶᠢᠨ ᠵᠢᠷᠤᠮ ᠢ ᠬᠡᠷᠡᠭᠵᠢᠭᠦᠯᠵᠦ᠂ | ᠰᠢᠭᠦᠨ ᠲᠠᠰᠤᠯᠤᠯᠳᠠ ᠶᠢᠨ ᠭᠡᠯᠪᠡᠷᠢ ᠪᠠᠷ ᠲᠤᠰ ᠬᠡᠷᠡᠭ ᠢ ᠠᠮᠵᠢᠯᠲᠠ ᠲᠠᠢ ᠰᠢᠭᠦᠨ ᠳᠠᠭᠤᠰᠬᠠᠵᠠᠢ᠃ | ᠡᠶᠡᠳᠡᠭᠦᠯᠭᠡ ᠶᠢᠨ ᠪᠢᠴᠢᠭ ᠬᠢᠭᠡᠳ ᠰᠢᠭᠦᠨ ᠲᠠᠰᠤᠯᠤᠯᠳᠠ ᠶᠢᠨ ᠪᠢᠴᠢᠭ ᠨᠢ ᠠᠳᠠᠯᠢᠬᠠᠨ ᠬᠠᠤᠯᠢ ᠶᠢᠨ | ᠬᠦᠴᠦᠨ ᠲᠠᠢ ᠶᠤᠮ᠃ ᠬᠠᠤᠯᠢ ᠴᠠᠭᠠᠵᠠ ᠶᠢᠨ ᠵᠢᠭᠤᠷᠠᠯᠳᠤᠭᠠᠨ ᠤ ᠰᠢᠢᠳᠪᠦᠷᠢᠯᠡᠯᠲᠡ ᠨᠢ ᠭᠠᠭᠴᠠ ᠬᠦ ᠰᠢᠭᠦᠨ | ᠲᠠᠰᠤᠯᠤᠯᠳᠠ ᠨᠢᠭᠡ ᠵᠦᠢᠯ ᠤᠨ ᠠᠷᠭ᠎ᠠ ᠭᠡᠯᠪᠡᠷᠢ ᠳᠤ ᠬᠢᠵᠠᠭᠠᠷᠯᠠᠭᠳᠠᠬᠤ ᠪᠢᠰᠢ᠃ ᠭᠡᠪᠡᠴᠦ ᠡᠳᠦᠷ ᠲᠤᠳᠤᠮ ᠤᠨ | ᠠᠮᠢᠳᠤᠷᠠᠯ ᠳᠤᠮᠳᠠ ᠬᠥᠮᠥᠰ ᠶᠡᠷᠦ ᠨᠢ ᠡᠶᠡᠳᠡᠭᠦᠯᠭᠡ ᠶᠢᠨ ᠪᠢᠴᠢᠭ ᠤᠨ ᠮᠥᠨ ᠴᠢᠨᠠᠷ ᠢ ᠭᠦᠢᠴᠡᠳ ᠣᠶᠢᠯᠠᠭᠠᠬᠤ | ᠦᠭᠡᠢ᠂ ᠰᠢᠭᠦᠨ ᠲᠠᠰᠤᠯᠤᠯᠳᠠ ᠶᠢᠨ ᠪᠢᠴᠢᠭ ᠨᠢ ᠡᠶᠡᠳᠡᠭᠦᠯᠭᠡ ᠶᠢᠨ ᠪᠢᠴᠢᠭ ᠠᠴᠠ ᠨᠡᠩ ᠢᠯᠡᠭᠦᠦ ᠡᠷᠬᠡ ᠰᠦᠷᠲᠡᠢ | ᠭᠡᠵᠦ ᠪᠤᠳᠤᠳᠠᠭ᠃ ᠡᠨᠡ ᠨᠢ ᠦᠨᠡᠨ ᠳᠡᠭᠡᠨ ᠪᠤᠷᠤᠭᠤ ᠣᠶᠢᠯᠠᠭᠠᠯᠲᠠ ᠪᠣᠯᠣᠨ᠎ᠠ᠂ ᠤᠴᠢᠷ ᠨᠢ ᠡᠶᠡᠳᠡᠭᠦᠯᠭᠡ ᠶᠢᠨ | ᠪᠢᠴᠢᠭ ᠨᠢ ᠴᠤ ᠰᠢᠭᠦᠨ ᠲᠠᠰᠤᠯᠤᠯᠳᠠ ᠶᠢᠨ ᠪᠢᠴᠢᠭ ᠲᠠᠢ ᠠᠳᠠᠯᠢ ᠬᠠᠤᠯᠢ ᠶᠢᠨ ᠬᠦᠴᠦᠨ ᠲᠠᠢ᠂ ᠮᠥᠨ ᠴᠤ | ᠬᠠᠤᠯᠢ ᠶᠢᠨ ᠲᠥᠪ ᠴᠢᠩᠭ᠎ᠠ ᠴᠢᠨᠠᠷ ᠢ ᠪᠠᠲᠤᠯᠠᠵᠤ᠂ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠡᠷᠬᠡ ᠰᠦᠷᠲᠦ | ᠴᠢᠨᠠᠷ ᠢ ᠬᠠᠮᠠᠭᠠᠯᠠᠨ᠂ ᠨᠡᠶᠢᠭᠡᠮ ᠤᠨ ᠠᠮᠤᠷ ᠲᠣᠭᠲᠠᠭᠤᠨ ᠬᠢᠭᠡᠳ ᠲᠤᠬᠠᠢ ᠶᠢᠨ ᠬᠥᠮᠥᠨ ᠤ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠵᠤ ᠴᠢᠳᠠᠳᠠᠭ᠃ | |