﹇ᠬᠠᠤᠯᠢ ᠳᠦᠷᠢᠮ﹈ ᠵᠠᠷᠭᠤ ᠶᠢᠨ ᠳᠤᠮᠳᠠᠬᠢ ᠡᠷᠬᠡ ᠪᠠ ᠡᠭᠦᠷᠭᠡ
ᠨᠡᠶᠢᠲᠡᠯᠡᠭᠰᠡᠨ ᠴᠠᠭ᠄
2025/5/8
                             ᠵᠠᠭᠠᠯᠳᠤᠭᠳᠠᠭᠴᠢ ᠪᠠ ᠵᠠᠭᠠᠯᠳᠤᠭᠴᠢ ᠶᠢᠨ ᠵᠠᠷᠭᠤ ᠶᠢᠨ ᠳᠤᠮᠳᠠᠬᠢ ᠡᠷᠬᠡ᠄                    1᠂ ᠬᠡᠷᠡᠭ ᠤᠨ ᠪᠣᠳᠠᠲᠤ ᠤᠴᠢᠷ ᠲᠤ ᠲᠣᠭᠠᠴᠢᠬᠤ ᠪᠠ ᠲᠣᠳᠣᠷᠬᠠᠶᠢᠯᠠᠨ ᠮᠠᠷᠭᠤᠬᠤ ᠡᠷᠬᠡ ᠲᠠᠢ᠃          2᠂ ᠲᠤᠬᠠᠢ ᠶᠢᠨ ᠬᠥᠮᠥᠨ ᠣᠷᠣᠯᠠᠭᠴᠢ ᠳᠤ ᠨᠠᠶᠢᠳᠠᠬᠤ ᠡᠷᠬᠡ ᠲᠠᠢ᠃          3᠂ ᠭᠡᠷᠡᠴᠢ ᠴᠤᠭᠯᠠᠭᠤᠯᠬᠤ ᠪᠠ ᠭᠡᠷᠡᠴᠢ ᠭᠠᠷᠭᠠᠬᠤ ᠡᠷᠬᠡ ᠲᠠᠢ᠃          4᠂ ᠮᠠᠷᠭᠤᠬᠤ ᠡᠷᠬᠡ ᠲᠠᠢ᠃          5᠂ ᠡᠶᠡᠳᠡᠬᠦ ᠪᠠᠷ ᠭᠤᠶᠤᠴᠢᠯᠠᠬᠤ ᠡᠷᠬᠡ ᠲᠠᠢ᠃ ᠰᠢᠭᠦᠬᠦ ᠲᠢᠩᠬᠢᠮ ᠳᠤ ᠰᠠᠶᠢᠨ ᠳᠤᠷ᠎ᠠ ᠠᠴᠠ ᠪᠠᠨ ᠬᠠᠤᠯᠢ ᠳᠤ ᠨᠡᠶᠢᠴᠡᠬᠦ ᠪᠠᠶᠢᠳᠠᠯ ᠳᠣᠣᠷ᠎ᠠ ᠡᠶᠡᠳᠡᠭᠦᠯᠦᠨ ᠰᠢᠢᠳᠪᠦᠷᠢᠯᠡᠬᠦ ᠶᠢ ᠭᠤᠶᠤᠴᠢᠯᠠᠵᠤ ᠪᠣᠯᠣᠨ᠎ᠠ᠃          6᠂ ᠳᠡᠭᠡᠭᠰᠢ ᠵᠠᠭᠠᠯᠳᠤᠬᠤ ᠡᠷᠬᠡ ᠲᠠᠢ᠃ ᠨᠢᠭᠡᠳᠦᠭᠡᠷ ᠰᠢᠭᠦᠯᠲᠡ ᠶᠢᠨ ᠰᠢᠭᠦᠨ ᠲᠠᠰᠤᠯᠤᠯᠳᠠ ᠶᠢ ᠲᠠᠭᠠᠬᠤ ᠦᠭᠡᠢ ᠪᠣᠯ ᠬᠠᠤᠯᠢ ᠶᠣᠰᠣᠭᠠᠷ ᠳᠡᠭᠡᠳᠦ ᠱᠠᠲᠤᠨ ᠤ ᠠᠷᠠᠳ ᠤᠨ ᠰᠢᠭᠦᠬᠦ ᠬᠤᠷᠢᠶᠠᠨ ᠳᠤ ᠳᠡᠭᠡᠭᠰᠢ ᠵᠠᠭᠠᠯᠳᠤᠵᠤ ᠪᠣᠯᠣᠨ᠎ᠠ᠃          7᠂ ᠲᠠᠭᠢᠨ ᠰᠢᠭᠦᠯᠭᠡᠬᠦ ᠪᠠᠷ ᠭᠤᠶᠤᠴᠢᠯᠠᠬᠤ ᠡᠷᠬᠡ ᠲᠠᠢ᠃ ᠬᠠᠤᠯᠢ ᠶᠢᠨ ᠬᠦᠴᠦᠨ ᠲᠠᠢ ᠪᠣᠯᠤᠭᠰᠠᠨ ᠰᠢᠭᠦᠨ ᠲᠠᠰᠤᠯᠤᠯᠳᠠ ᠶᠢ ᠪᠤᠷᠤᠭᠤ ᠲᠠᠢ ᠭᠡᠵᠦ ᠦᠵᠡᠪᠡᠯ ᠲᠠᠭᠢᠨ ᠰᠢᠭᠦᠯᠭᠡᠬᠦ ᠪᠠᠷ ᠭᠤᠶᠤᠴᠢᠯᠠᠵᠤ ᠪᠣᠯᠣᠨ᠎ᠠ᠃          8᠂ ᠭᠦᠢᠴᠡᠳᠬᠡᠯᠭᠡᠬᠦ ᠪᠠᠷ ᠭᠤᠶᠤᠴᠢᠯᠠᠬᠤ ᠡᠷᠬᠡ ᠲᠠᠢ᠃ ᠰᠢᠭᠦᠨ ᠲᠠᠰᠤᠯᠤᠯᠳᠠ ᠨᠢ ᠬᠠᠤᠯᠢ ᠶᠢᠨ ᠬᠦᠴᠦᠨ ᠲᠠᠢ ᠪᠣᠯᠣᠮᠠᠭᠴᠠ ᠠᠷᠠᠳ ᠤᠨ ᠰᠢᠭᠦᠬᠦ ᠬᠤᠷᠢᠶ᠎ᠠ ᠪᠠᠷ ᠠᠯᠪᠠᠳᠠᠨ ᠭᠦᠢᠴᠡᠳᠬᠡᠯᠭᠡᠬᠦ ᠪᠠᠷ ᠭᠤᠶᠤᠴᠢᠯᠠᠵᠤ ᠪᠣᠯᠣᠨ᠎ᠠ᠃          9᠂ ᠵᠠᠷᠭᠤ ᠶᠢᠨ ᠠᠯᠢ ᠦᠶ᠎ᠡ ᠳᠤ ᠴᠤ ᠭᠡᠳ ᠡᠪᠰᠡᠬᠦ ᠳᠡᠭᠡᠨ ᠤᠯᠤᠰ ᠭᠡᠷ ᠤᠨ ᠠᠰᠢᠭ ᠲᠤᠰᠠ᠂ ᠨᠡᠶᠢᠭᠡᠮ ᠤᠨ ᠠᠰᠢᠭ ᠲᠤᠰᠠ ᠪᠠ ᠪᠤᠰᠤᠳ ᠬᠥᠮᠥᠨ ᠤ ᠡᠷᠬᠡ ᠠᠰᠢᠭ ᠢ ᠬᠤᠬᠢᠷᠠᠭᠤᠯᠵᠤ ᠪᠤᠯᠬᠤ ᠦᠭᠡᠢ᠃          10᠂ ᠭᠡᠷᠡᠴᠢᠯᠡᠭᠴᠢ᠂ ᠰᠢᠯᠭᠠᠨ ᠲᠣᠭᠲᠠᠭᠠᠭᠴᠢ ᠠᠴᠠ ᠠᠰᠠᠭᠤᠬᠤ ᠪᠠ ᠭᠡᠷᠡᠴᠢ ᠪᠣᠯᠣᠨ ᠰᠢᠯᠭᠠᠨ ᠲᠣᠭᠲᠠᠭᠠᠯᠲᠠ ᠳᠤ ᠲᠣᠳᠣᠷᠬᠠᠶᠢᠯᠠᠯᠲᠠ ᠬᠢᠯᠭᠡᠬᠦ ᠪᠠᠷ ᠱᠠᠭᠠᠷᠳᠠᠬᠤ ᠡᠷᠬᠡ ᠲᠠᠢ᠃          11᠂ ᠲᠤᠰ ᠬᠡᠷᠡᠭ ᠤᠨ ᠬᠤᠯᠪᠣᠭᠳᠠᠯ ᠪᠦᠬᠦᠢ ᠮᠠᠲ᠋ᠧᠷᠢᠶᠠᠯ ᠪᠣᠯᠣᠨ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠪᠠᠭᠤᠯᠭᠠᠨ ᠠᠪᠬᠤ ᠡᠷᠬᠡ ᠲᠠᠢ᠃          12᠂ ᠵᠠᠶᠢᠯᠠᠭᠤᠯᠬᠤ ᠪᠠᠷ ᠭᠤᠶᠤᠴᠢᠯᠠᠬᠤ ᠡᠷᠬᠡ ᠲᠠᠢ᠃ ᠰᠢᠭᠦᠬᠦ ᠲᠢᠩᠬᠢᠮ ᠤᠨ ᠰᠢᠭᠦᠭᠴᠢ᠂ ᠰᠢᠯᠭᠠᠨ ᠲᠣᠭᠲᠠᠭᠠᠭᠴᠢ᠂ ᠬᠠᠶᠢᠨ ᠪᠠᠶᠢᠴᠠᠭᠠᠭᠴᠢ᠂ ᠣᠷᠴᠢᠭᠤᠯᠤᠭᠴᠢ᠂ ᠪᠢᠴᠢᠭᠡᠴᠢ ᠨᠢ ᠲᠤᠰ ᠬᠡᠷᠡᠭ ᠲᠠᠢ ᠠᠰᠢᠭ ᠬᠤᠣᠷ ᠤᠨ ᠰᠢᠭᠤᠳ ᠬᠠᠷᠢᠴᠠᠭ᠎ᠠ ᠲᠠᠢ ᠪᠤᠶᠤ ᠪᠤᠰᠤᠳ ᠬᠠᠷᠢᠴᠠᠭ᠎ᠠ ᠪᠠᠶᠢᠪᠠᠯ ᠲᠥᠪ ᠭᠤᠤᠯᠴᠢ ᠪᠠᠷ ᠰᠢᠭᠦᠨ ᠲᠠᠰᠤᠯᠬᠤ ᠳᠤ ᠨᠥᠯᠥᠭᠡ ᠪᠣᠯᠣᠨ᠎ᠠ ᠬᠡᠮᠡᠨ ᠪᠣᠳᠠᠲᠤ ᠬᠡᠷᠡᠭ ᠪᠣᠯᠣᠨ ᠤᠴᠢᠷ ᠰᠢᠯᠲᠠᠭᠠᠨ ᠢᠶᠠᠨ ᠳᠤᠷᠠᠳᠴᠤ ᠵᠠᠶᠢᠯᠠᠭᠤᠯᠬᠤ ᠪᠠᠷ ᠭᠤᠶᠤᠴᠢᠯᠠᠵᠤ ᠪᠣᠯᠣᠨ᠎ᠠ᠃          13᠂ ᠰᠢᠭᠦᠬᠦ ᠲᠢᠩᠬᠢᠮ ᠤᠨ ᠲᠡᠮᠳᠡᠭᠯᠡᠯ ᠢ ᠠᠳᠡᠭᠦᠦ ᠲᠠᠰᠢᠶ᠎ᠠ ᠲᠠᠢ ᠭᠡᠵᠦ ᠦᠵᠡᠪᠡᠯ ᠨᠥᠬᠦᠪᠦᠷᠢᠯᠡᠨ ᠵᠠᠯᠠᠷᠠᠭᠤᠯᠬᠤ ᠪᠠᠷ ᠭᠤᠶᠤᠴᠢᠯᠠᠵᠤ ᠪᠣᠯᠣᠨ᠎ᠠ᠃          14᠂ ᠲᠤᠬᠠᠢ ᠶᠢᠨ ᠬᠥᠮᠥᠨ ᠡᠳ᠋ ᠬᠥᠷᠥᠩᠭᠡ ᠶᠢᠨ ᠪᠠᠲᠤᠯᠠᠭ᠎ᠠ ᠬᠢᠯᠭᠡᠬᠦ᠂ ᠭᠡᠷᠡᠴᠢ ᠪᠠᠷᠢᠮᠲᠠ ᠳᠤ ᠪᠠᠲᠤᠯᠠᠭ᠎ᠠ ᠬᠢᠯᠭᠡᠬᠦ ᠪᠠ ᠤᠷᠢᠳᠴᠢᠯᠠᠨ ᠭᠦᠢᠴᠡᠳᠬᠡᠯᠭᠡᠬᠦ ᠪᠠᠷ ᠭᠤᠶᠤᠴᠢᠯᠠᠬᠤ ᠡᠷᠬᠡ ᠲᠠᠢ᠃          15᠂ ᠥᠪᠡᠷ ᠤᠨ ᠦᠨᠳᠦᠰᠦᠲᠡᠨ ᠤ ᠪᠠᠨ ᠦᠭᠡ ᠭᠡᠯᠨ ᠦᠰᠦᠭ ᠪᠢᠴᠢᠭ ᠢᠶᠠᠷ ᠵᠠᠷᠭᠤ ᠬᠢᠬᠦ ᠡᠷᠬᠡ ᠲᠠᠢ          16᠂ ᠵᠠᠭᠠᠯᠳᠤᠭᠴᠢ ᠨᠢ ᠵᠠᠷᠭᠤ ᠶᠢᠨ ᠭᠤᠶᠤᠴᠢᠯᠠᠯ ᠪᠠ ᠤᠴᠢᠷ ᠰᠢᠯᠲᠠᠭᠠᠨ ᠢᠶᠠᠨ ᠲᠠᠶᠠᠭᠳᠠᠬᠤ᠂ ᠬᠤᠪᠢᠷᠠᠭᠤᠯᠬᠤ ᠪᠤᠶᠤ ᠨᠥᠬᠦᠪᠦᠷᠢᠯᠡᠬᠦ ᠡᠷᠬᠡ ᠲᠠᠢ᠃          17᠂ ᠵᠠᠭᠠᠯᠳᠤᠭᠳᠠᠭᠴᠢ ᠨᠢ ᠵᠠᠭᠠᠯᠳᠤᠭᠴᠢ ᠶᠢᠨ ᠵᠠᠷᠭᠤ ᠶᠢᠨ ᠭᠤᠶᠤᠴᠢᠯᠠᠯ ᠢ ᠮᠡᠳᠡᠷᠡᠬᠦ᠂ ᠭᠡᠳᠡᠷᠭᠦ ᠨᠢᠴᠤᠭᠠᠬᠤ ᠪᠠ ᠭᠡᠳᠡᠷᠭᠦ ᠵᠠᠭᠠᠯᠳᠤᠬᠤ ᠡᠷᠬᠡ ᠲᠠᠢ᠃          ᠵᠠᠭᠠᠯᠳᠤᠭᠳᠠᠭᠴᠢ ᠪᠠ ᠵᠠᠭᠠᠯᠳᠤᠭᠴᠢ ᠶᠢᠨ ᠵᠠᠷᠭᠤ ᠶᠢᠨ ᠳᠤᠮᠳᠠᠬᠢ ᠡᠭᠦᠷᠭᠡ᠄                    1᠂ ᠵᠠᠷᠭᠤ ᠶᠢᠨ ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠬᠦ ᠬᠡᠷᠡᠭᠲᠡᠢ᠃          2᠂ ᠵᠠᠷᠭᠤ ᠶᠢᠨ ᠡᠮᠬᠢ ᠳᠢᠭᠯᠢᠮ ᠢ ᠤᠬᠠᠮᠰᠠᠷ ᠠᠴᠠ ᠪᠠᠨ ᠰᠠᠬᠢᠬᠤ ᠬᠡᠷᠡᠭᠲᠡᠢ᠃          3᠂ ᠬᠠᠤᠯᠢ ᠶᠢᠨ ᠬᠦᠴᠦᠨ ᠲᠠᠢ ᠪᠣᠯᠤᠭᠰᠠᠨ ᠰᠢᠭᠦᠨ ᠲᠠᠰᠤᠯᠤᠯᠳᠠ᠂ ᠬᠢᠨᠠᠨ ᠲᠠᠰᠤᠯᠤᠯᠳᠠ ᠪᠠ ᠡᠶᠡᠳᠡᠭᠦᠯᠦᠨ ᠲᠠᠰᠤᠯᠤᠬᠰᠠᠨ ᠪᠢᠴᠢᠭ ᠢ ᠡᠷᠬᠡᠪᠰᠢ ᠭᠦᠢᠴᠡᠳᠬᠡᠬᠦ ᠬᠡᠷᠡᠭᠲᠡᠢ᠃                            
 
ᠢᠷᠡᠯᠲᠡ᠄ ᠥᠪᠥᠷ ᠮᠣᠩᠭᠤᠯ ᠤᠨ ᠡᠮᠡᠭᠲᠡᠶᠢᠴᠦᠳ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号