| | ᠭᠠᠴᠠᠭᠠᠨ ᠤ ᠨᠤᠲᠤᠭ ᠪᠡᠯᠴᠢᠭᠡᠷ ᠢ ᠬᠤᠳᠠᠯᠳᠤᠵᠤ ᠪᠣᠯᠣᠨ᠎ᠠ᠂ ᠭᠡᠪᠡᠴᠦ ᠵᠦᠪᠭᠡᠨ ᠨᠤᠲᠤᠭ | ᠪᠡᠯᠴᠢᠭᠡᠷ ᠤᠨ ᠬᠡᠷᠡᠭᠯᠡᠬᠦ ᠡᠷᠬᠡ ᠶᠢ ᠬᠤᠳᠠᠯᠳᠤᠭᠠᠯᠠᠵᠤ ᠪᠣᠯᠣᠨ᠎ᠠ᠂ ᠥᠮᠴᠢᠯᠡᠬᠦ ᠡᠷᠬᠡ ᠶᠢ ᠬᠤᠳᠠᠯᠳᠤᠭᠠᠯᠠᠵᠤ ᠪᠤᠯᠬᠤ | ᠦᠭᠡᠢ᠃ ᠮᠠᠨ ᠤ ᠤᠯᠤᠰ ᠤᠨ ︽ᠬᠥᠳᠡᠭᠡ ᠲᠤᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠤᠯᠢ︾ | ᠶᠢᠨ ᠠᠷᠪᠠᠨ ᠬᠤᠶᠠᠳᠤᠭᠠᠷ ᠵᠦᠢᠯ ᠳᠤ ᠲᠣᠭᠲᠠᠭᠠᠭᠰᠠᠨ ᠨᠢ᠂ ᠲᠠᠷᠢᠶᠠᠴᠢᠳ ᠤᠨ ᠬᠠᠮᠲᠤ ᠶᠢᠨ ᠦᠮᠴᠢᠯᠡᠯ ᠤᠨ | ᠭᠠᠵᠠᠷ ᠰᠢᠷᠣᠢ ᠨᠢ ᠬᠠᠤᠯᠢ ᠶᠣᠰᠣᠭᠠᠷ ᠭᠠᠴᠠᠭᠠᠨ ᠤ ᠲᠠᠷᠢᠶᠠᠴᠢᠳ ᠤᠨ ᠬᠠᠮᠲᠤ ᠶᠢᠨ ᠦᠮᠴᠢᠯᠡᠯ ᠳᠤ ᠬᠠᠷᠢᠶᠠᠯᠠᠭᠳᠠᠵᠤ | ᠪᠠᠶᠢᠪᠠᠯ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠤᠶᠤ ᠭᠠᠴᠠᠭᠠᠨ ᠤ ᠠᠷᠠᠳ ᠤᠨ | ᠵᠥᠪᠯᠡᠯ ᠠᠴᠠ ᠲᠠᠭᠠᠭᠠᠴᠢᠯᠠᠭᠤᠯᠤᠨᠠ;ᠨᠢᠭᠡᠨᠲᠡ ᠭᠠᠴᠠᠭᠠᠨ ᠤ ᠳᠣᠲᠣᠭᠠᠳᠤ ᠳᠠᠬᠢ ᠬᠤᠶᠠᠷ ᠠᠴᠠ ᠳᠡᠭᠡᠭᠰᠢᠬᠢ | ᠬᠥᠳᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠲᠠᠷᠢᠶᠠᠴᠢᠳ ᠤᠨ | ᠬᠠᠮᠲᠤ ᠶᠢᠨ ᠦᠮᠴᠢᠯᠡᠯ ᠳᠤ ᠲᠤᠰ ᠲᠤᠰ ᠬᠠᠷᠢᠶᠠᠯᠠᠭᠳᠠᠭᠰᠠᠨ ᠪᠠᠶᠢᠪᠠᠯ᠂ ᠭᠠᠴᠠᠭᠠᠨ ᠤ ᠳᠣᠲᠣᠭᠠᠳᠤ ᠳᠠᠬᠢ ᠲᠡᠷᠡ ᠬᠦ | ᠬᠥᠳᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠤᠶᠤ ᠭᠠᠴᠠᠭᠠᠨ ᠤ ᠠᠷᠠᠳ ᠤᠨ | ᠳᠤᠭᠤᠶᠢᠯᠠᠩ ᠤᠳ ᠠᠴᠠ ᠳᠠᠭᠠᠭᠠᠴᠢᠯᠠᠭᠤᠯᠤᠨ᠎ᠠ᠃ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠪᠤᠶᠤ ᠭᠠᠴᠠᠭᠠᠨ ᠤ ᠠᠷᠠᠳ ᠤᠨ ᠵᠥᠪᠯᠡᠯ ᠠᠴᠠ ᠳᠠᠭᠠᠭᠠᠴᠢᠯᠠᠭᠤᠯᠤᠭᠰᠠᠨ ᠪᠠᠶᠢᠪᠠᠯ ᠭᠠᠴᠠᠭᠠᠨ ᠤ | ᠳᠣᠲᠣᠭᠠᠳᠤ ᠳᠠᠬᠢ ᠡᠯ᠎ᠡ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠲᠠᠷᠢᠶᠠᠴᠢᠳ ᠤᠨ | ᠬᠠᠮᠲᠤ ᠶᠢᠨ ᠦᠮᠴᠢᠯᠡᠯ ᠤᠨ ᠭᠠᠵᠠᠷ ᠰᠢᠷᠣᠢ ᠶᠢᠨ ᠦᠮᠴᠢᠯᠡᠯ ᠤᠨ ᠡᠷᠬᠡ ᠶᠢ ᠬᠤᠪᠢᠷᠠᠭᠤᠯᠵᠤ ᠪᠤᠯᠬᠤ ᠦᠭᠡᠢ᠃ | ᠲᠠᠷᠢᠶᠠᠴᠢᠳ ᠤᠨ ᠬᠠᠤᠯᠢ ᠶᠣᠰᠣᠭᠠᠷ ᠬᠠᠮᠲᠤ ᠪᠠᠷ ᠬᠡᠷᠡᠭᠯᠡᠵᠦ ᠪᠠᠶᠢᠭ᠎ᠠ ᠤᠯᠤᠰ ᠤᠨ ᠦᠮᠴᠢᠯᠡᠯ ᠤᠨ ᠬᠥᠳᠡᠭᠡ | ᠲᠤᠰᠬᠤᠨ ᠤ ᠭᠠᠵᠠᠷ ᠰᠢᠷᠣᠢ ᠶᠢ ᠪᠣᠯ ᠲᠤᠰ ᠭᠠᠵᠠᠷ ᠰᠢᠷᠣᠢ ᠶᠢ ᠬᠡᠷᠡᠭᠯᠡᠵᠦ ᠪᠠᠶᠢᠭ᠎ᠠ ᠬᠥᠳᠡᠭᠡ ᠲᠤᠰᠬᠤᠨ ᠤ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠭᠠᠴᠠᠭᠠᠨ ᠤ ᠠᠷᠠᠳ ᠤᠨ ᠵᠥᠪᠯᠡᠯ ᠪᠤᠶᠤ ᠭᠠᠴᠠᠭᠠᠨ ᠤ | ᠠᠷᠠᠳ ᠤᠨ ᠳᠤᠭᠤᠶᠢᠯᠠᠩ ᠠᠴᠠ ᠳᠠᠭᠠᠭᠠᠴᠢᠯᠠᠭᠤᠯᠤᠨ᠎ᠠ᠃ ︽ᠬᠥᠳᠡᠭᠡ ᠲᠤᠰᠬᠤᠨ ᠤ ᠭᠠᠵᠠᠷ ᠰᠢᠷᠣᠢ ᠶᠢᠨ | ᠳᠠᠭᠠᠭᠠᠴᠢᠯᠠᠯᠲᠠ ᠶᠢᠨ ᠬᠠᠤᠯᠢ︾ ᠶᠢᠨ ᠭᠤᠴᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠨᠢ᠂ ᠡᠷᠦᠭᠡ ᠳᠤ | ᠳᠠᠭᠠᠭᠠᠴᠢᠯᠠᠭᠤᠯᠬᠤ ᠪᠠᠷ ᠳᠠᠮᠵᠢᠭᠠᠳ ᠣᠯᠣᠭᠰᠠᠨ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠪᠠᠨ ᠬᠠᠤᠯᠢ | ᠶᠣᠰᠣᠭᠠᠷ ᠰᠢᠯᠵᠢᠭᠦᠯᠦᠨ ᠳᠠᠭᠠᠭᠠᠴᠢᠯᠠᠭᠤᠯᠬᠤ᠂ ᠲᠦᠷᠢᠶᠡᠰᠦᠯᠡᠭᠦᠯᠬᠦ᠂ ᠬᠠᠷᠢᠯᠴᠠᠨ ᠰᠣᠯᠢᠬᠤ᠂ ᠰᠢᠯᠵᠢᠭᠦᠯᠦᠨ ᠥᠭᠬᠦ | ᠪᠤᠶᠤ ᠪᠤᠰᠤᠳ ᠭᠡᠯᠪᠡᠷᠢ ᠪᠠᠷ ᠡᠷᠭᠢᠯᠲᠡ ᠳᠤ ᠣᠷᠣᠭᠤᠯᠵᠤ ᠪᠣᠯᠣᠨ᠎ᠠ᠃ |