| | ᠪᠢᠳᠠ ᠭᠠᠷ ᠤᠲᠠᠰᠤᠨ ᠳᠡᠭᠡᠷ᠎ᠡ ᠪᠠᠨ APP ᠪᠠᠭᠤᠯᠭᠠᠬᠤ ᠦᠶ᠎ᠡ ᠳᠤ ᠣᠷᠣᠨ ᠪᠠᠶᠢᠷᠢ ᠶᠢ ᠴᠢᠨᠢ | ᠲᠣᠭᠲᠠᠭᠠᠵᠤ ᠪᠤᠯᠬᠤ ᠦᠦ︖ ᠰᠢᠨ᠎ᠡ ᠮᠡᠳᠡᠭᠡ ᠬᠦᠷᠭᠡᠵᠦ ᠪᠤᠯᠬᠤ ᠦᠦ︖ ᠭᠠᠷ ᠤᠲᠠᠰᠤᠨ ᠤ ᠭᠡᠷᠡᠯ ᠵᠢᠷᠤᠭ ᠤᠨ | ᠳᠡᠪᠲᠡᠷ ᠢ ᠴᠢᠨᠢ ᠦᠵᠡᠵᠦ ᠪᠤᠯᠬᠤ ᠦᠦ︖ ᠭᠡᠬᠦ ᠮᠡᠲᠦᠴᠢᠯᠡᠨ ᠣᠯᠠᠨ ᠠᠰᠠᠭᠤᠯᠲᠠ ᠳᠤᠷᠠᠳᠬᠤ ᠪᠤᠶᠤ ᠱᠠᠭᠠᠷᠳᠠᠯᠭ᠎ᠠ | ᠲᠠᠯᠪᠢᠳᠠᠭ᠃ ᠬᠡᠷᠪᠡ ᠵᠠᠷᠢᠮ ᠨᠢᠭᠡᠨ ᠱᠠᠭᠠᠷᠳᠠᠯᠭ᠎ᠠ ᠶᠢ ᠨᠢ ᠬᠠᠩᠭᠠᠬᠤ ᠦᠭᠡᠢ ᠪᠣᠯ ᠡᠨᠡ APP ᠶᠢ ᠪᠠᠭᠤᠯᠭᠠᠵᠤ | ᠬᠡᠷᠡᠭᠯᠡᠬᠦ ᠶᠢᠨ ᠠᠷᠭ᠎ᠠ ᠦᠭᠡᠢ ᠪᠤᠯᠳᠠᠭ᠃ ᠭᠡᠬᠦ ᠳᠡᠭᠡᠨ ᠲᠡᠭᠦᠨ ᠤ ᠰᠠᠨᠠᠭ᠎ᠠ ᠪᠠᠷ ᠨᠢ ᠪᠤᠯᠭᠠᠵᠤ᠂ ᠵᠠᠷᠢᠮ ᠡᠷᠬᠡ | ᠣᠯᠭᠤᠪᠠᠯ ᠭᠠᠷ ᠤᠲᠠᠰᠤ ᠴᠢᠨᠢ ᠴᠢᠨᠦ ︽ᠰᠡᠳᠬᠢᠯ ᠢ ᠮᠡᠳᠡᠭᠴᠢ︾ ᠪᠣᠯᠵᠤ᠂ ᠰᠦᠯᠵᠢᠶᠡᠨ ᠳᠡᠭᠡᠷ᠎ᠡ ᠦᠷᠭᠦᠯᠵᠢ | ᠳᠤᠷᠠᠲᠠᠢ ᠪᠠᠷᠠᠭ᠎ᠠ ᠲᠠᠸᠠᠷ ᠢ ᠴᠢᠨᠢ ᠰᠣᠩᠭᠤᠨ ᠲᠠᠨᠢᠯᠴᠠᠭᠤᠯᠵᠤ᠂ ᠪᠣᠷᠣᠯᠠᠭᠤᠯᠤᠭᠴᠢ ᠨᠢ ᠴᠦ ᠪᠠᠶᠢᠩᠭᠤ ᠤᠲᠠᠰᠤ | ᠢᠷᠡᠭᠦᠯᠳᠡᠭ᠃ ᠡᠳᠡᠭᠡᠷ ᠨᠢ ᠪᠦᠷ ᠭᠠᠷ ᠤᠲᠠᠰᠤᠨ ᠤ APP ᠶᠢᠨ ᠬᠢᠵᠦ ᠪᠠᠶᠢᠭ᠎ᠠ ᠶᠠᠪᠤᠳᠠᠯ ᠪᠣᠯᠣᠨ᠎ᠠ᠃ | ᠬᠡᠪᠯᠡᠯ ᠮᠡᠳᠡᠭᠡᠯᠡᠯ ᠤᠨ ᠵᠠᠳᠠᠷᠠᠭᠤᠯᠤᠭᠰᠠᠨ ᠢᠶᠠᠷ᠂ ᠭᠠᠷ ᠤᠲᠠᠰᠤᠨ ᠤ APP ᠳᠤ ᠭᠡᠷᠡᠯ ᠵᠢᠷᠤᠭ ᠤᠨ | ᠳᠡᠪᠲᠡᠷ ᠲᠤ ᠨᠡᠪᠲᠡᠷᠡᠬᠦ ᠡᠷᠬᠡ ᠣᠯᠭᠤᠭᠰᠠᠨ ᠠᠷᠪᠠᠭ᠋ᠠᠨ ᠮᠢᠨᠦ᠋ᠲ ᠤᠨ ᠬᠤᠭᠤᠷᠣᠨᠳᠤ ᠭᠠᠷ ᠤᠲᠠᠰᠤᠨ ᠳᠡᠭᠡᠷᠡᠬᠢ | ᠵᠢᠷᠤᠭ ᠢ ᠴᠢᠨᠢ 2 ᠲᠦᠮᠡ ᠭᠠᠷᠤᠢ ᠤᠳᠠᠭ᠎ᠠ ᠦᠵᠡᠳᠡᠭ᠃ ᠲᠤᠰᠬᠠᠢ ᠮᠡᠷᠭᠡᠵᠢᠯᠲᠡᠨ ᠬᠡᠯᠡᠬᠦ ᠳᠡᠭᠡᠨ᠂ ᠭᠠᠷ | ᠤᠲᠠᠰᠤᠨ ᠤ APP ᠬᠠᠤᠯᠢ ᠪᠤᠰᠤ ᠪᠠᠷ ᠬᠤᠪᠢ ᠶᠢᠨ ᠨᠢᠭᠤᠴᠠ ᠪᠤᠶᠤ ᠬᠠᠮᠢᠶᠠᠲᠠᠢ ᠴᠢᠮᠡᠭᠡ ᠵᠠᠩᠭᠢ ᠴᠤᠭᠯᠠᠭᠤᠯᠬᠤ | ᠦᠶ᠎ᠡ ᠳᠤ ᠢᠯᠠ ᠪᠠᠷ ᠪᠤᠶᠤ ᠨᠢᠭᠤᠴᠠ ᠪᠠᠷ ᠴᠤᠭᠯᠠᠭᠤᠯᠳᠠᠭ᠂ ᠡᠭᠦᠨ ᠳᠤ ᠵᠠᠷᠢᠮ ᠢ ᠨᠢ ᠭᠠᠷ ᠤᠲᠠᠰᠤ ᠬᠡᠷᠡᠭᠯᠡᠭᠴᠢ | ᠬᠤᠷᠢᠭᠯᠠᠨ ᠵᠣᠭᠰᠣᠭᠠᠵᠤ ᠳᠡᠶᠢᠯᠦᠨ᠎ᠡ᠂ ᠵᠠᠷᠢᠮ ᠢ ᠨᠢ ᠶᠠᠭᠠᠬᠢᠵᠤ ᠬᠤᠯᠠᠭᠠᠶᠢᠯᠠᠭᠰᠠᠨ ᠢ ᠨᠢ ᠴᠦ ᠮᠡᠳᠡᠬᠦ ᠦᠭᠡᠢ | ᠪᠠᠶᠢᠳᠠᠭ ᠭᠡᠵᠡᠢ᠃ ᠮᠠᠨ ᠤ ᠤᠯᠤᠰ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠡᠨᠡ ᠲᠤᠬᠠᠢ ᠨᠠᠷᠢᠨ ᠰᠢᠷᠢᠨ | ᠬᠠᠤᠯᠢ ᠳᠦᠷᠢᠮ ᠲᠣᠭᠲᠠᠭᠠᠭᠰᠠᠨ ᠪᠤᠯᠪᠠᠴᠤ ᠵᠠᠷᠢᠮ ᠬᠥᠮᠥᠰ ᠡᠭᠦᠨ ᠢ ᠥᠯᠥ ᠬᠠᠶᠢᠬᠤᠷᠤᠨ᠂ ᠠᠶᠤᠮᠰᠢᠭ ᠦᠭᠡᠢ ᠪᠠᠷ | ᠪᠤᠰᠤᠳ ᠤᠨ ᠬᠤᠪᠢ ᠶᠢᠨ ᠨᠢᠭᠤᠴᠠ ᠶᠢ ᠬᠤᠯᠠᠭᠠᠶᠢᠯᠠᠵᠤ᠂ ᠬᠠᠤᠯᠢ ᠪᠤᠰᠤ ᠪᠠᠷ ᠣᠯᠵᠠ ᠠᠰᠢᠭ ᠣᠯᠵᠤ ᠪᠠᠶᠢᠨ᠎ᠠ᠃ | ᠲᠡᠭᠡᠪᠡᠯ ᠭᠠᠷ ᠤᠲᠠᠰᠤᠨ ᠤ APP ᠬᠤᠪᠢ ᠶᠢᠨ ᠨᠢᠭᠤᠴᠠ ᠲᠠᠢ ᠬᠠᠯᠳᠠᠵᠤ ᠪᠠᠶᠢᠭ᠎ᠠ ᠶᠠᠪᠤᠳᠠᠯ | ᠶᠠᠭᠠᠬᠢᠭᠠᠳ ᠤᠳᠠᠭ᠎ᠠ ᠳᠠᠷᠠᠭ᠎ᠠ ᠪᠠᠷ ᠭᠠᠷᠴᠤ ᠪᠠᠶᠢᠬᠤ ᠪᠤᠢ︖ ᠪᠢᠳᠠ ᠬᠤᠪᠢ ᠶᠢᠨ ᠨᠢᠭᠤᠴᠠ ᠪᠠᠨ ᠶᠠᠭᠠᠬᠢᠵᠤ | ᠬᠠᠮᠠᠭᠠᠯᠠᠪᠠᠯ ᠵᠣᠬᠢᠬᠤ ᠪᠤᠢ︖ ᠲᠤᠰᠬᠠᠢ ᠮᠡᠷᠭᠡᠵᠢᠯᠲᠡᠨ ᠢᠯᠡᠷᠬᠡᠶᠢᠯᠡᠬᠦ ᠳᠡᠭᠡᠨ᠂ ᠡᠭᠦᠨ ᠤ ᠭᠤᠣᠯ ᠰᠢᠯᠲᠠᠭᠠᠨ ᠨᠢ | ᠵᠠᠷᠢᠮ ᠬᠥᠮᠥᠰ ᠣᠯᠵᠠ ᠠᠰᠢᠭ ᠲᠤ ᠰᠢᠨᠤᠵᠤ ᠪᠠᠶᠢᠬᠤ ᠠᠴᠠ ᠪᠣᠯᠤᠭᠰᠠᠨ ᠶᠤᠮ᠃ ᠴᠢᠮᠡᠭᠡ ᠬᠤᠯᠪᠤᠭ᠎ᠠ᠂ ᠢᠨᠲ᠋ᠧᠷ | ᠰᠦᠯᠵᠢᠶ᠎ᠡ ᠲᠦᠷᠭᠡᠨ ᠬᠥᠭᠵᠢᠵᠦ ᠪᠠᠶᠢᠭ᠎ᠠ ᠴᠠᠭ ᠡᠷᠡᠨ ᠳᠤ ᠬᠤᠪᠢ ᠬᠥᠮᠥᠨ ᠤ ᠴᠢᠮᠡᠭᠡ ᠵᠠᠩᠭᠢ ᠨᠢ ᠴᠦ ᠨᠢᠭᠡ | ᠵᠦᠢᠯ ᠤᠨ ᠥᠪ ᠬᠥᠷᠥᠩᠭᠡ ᠪᠣᠯᠤᠭᠰᠠᠨ ᠶᠤᠮ᠃ ᠵᠠᠷᠢᠮ ᠨᠢᠭᠡ ᠲᠠᠯ᠎ᠠ ᠠᠴᠠ ᠠᠪᠴᠤ ᠬᠡᠯᠡᠪᠡᠯ᠂ ᠬᠡᠨ | ᠬᠡᠷᠡᠭᠯᠡᠭᠴᠢ ᠶᠢᠨ ᠬᠠᠮᠢᠶᠠᠲᠠᠢ ᠴᠢᠮᠡᠭᠡ ᠵᠠᠩᠭᠢ ᠶᠢ ᠡᠵᠡᠮᠰᠢᠪᠡᠯ ᠳᠠᠷᠤᠢ ᠬᠡᠷᠡᠭᠯᠡᠭᠴᠢ ᠶᠢᠨ ᠬᠠᠮᠢᠶᠠᠲᠠᠢ ᠡᠬᠢ ᠪᠠᠶᠠᠯᠢᠭ ᠢ | ᠡᠵᠡᠮᠰᠢᠭᠰᠡᠨ ᠶᠠᠪᠤᠳᠠᠯ ᠪᠤᠯᠳᠠᠭ᠃ ᠡᠶᠢᠮᠦ ᠠᠴᠠ ᠭᠠᠷ ᠤᠲᠠᠰᠤᠨ ᠤ ᠵᠠᠷᠢᠮ APP ᠬᠤᠪᠢ ᠶᠢᠨ ᠨᠢᠭᠤᠴᠠ ᠤᠷᠤᠭᠤ | ᠬᠠᠷ᠎ᠠ ᠰᠠᠪᠠᠷ ᠢᠶᠠᠨ ᠰᠤᠩᠭᠠᠵᠤ ᠪᠠᠶᠢᠨ᠎ᠠ ᠭᠡᠵᠡᠢ᠃ | ᠲᠤᠰᠬᠠᠢ ᠮᠡᠷᠭᠡᠵᠢᠯᠲᠡᠨ ᠰᠠᠨᠠᠭᠤᠯᠬᠤ ᠳᠠᠭᠠᠨ᠂ ᠭᠠᠷ ᠤᠲᠠᠰᠤᠨ ᠤ ᠬᠡᠷᠡᠭᠯᠡᠭᠴᠢ ᠡᠩ ᠲᠡᠷᠢᠭᠦᠨ ᠳᠤ | ᠠᠮᠤᠷ ᠲᠦᠪᠰᠢᠨ ᠤ ᠤᠬᠠᠮᠰᠠᠷ ᠪᠣᠯᠣᠨ ᠬᠤᠪᠢ ᠶᠢᠨ ᠨᠢᠭᠤᠴᠠ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠬᠤ | ᠬᠡᠷᠡᠭᠲᠡᠢ᠃ ᠵᠢᠱᠢᠶᠡᠯᠡᠪᠡᠯ ᠰᠢᠨ᠎ᠡ APP ᠪᠠᠭᠤᠯᠭᠠᠬᠤ ᠦᠶ᠎ᠡ ᠳᠤ ᠲᠡᠭᠦᠨ ᠤ ᠲᠤᠭ᠎ᠠ ᠪᠠᠷᠢᠮᠲᠠ ᠴᠤᠭᠯᠠᠭᠤᠯᠬᠤ | ᠱᠠᠭᠠᠷᠳᠠᠯᠭ᠎ᠠ ᠶᠢ ᠨᠢ ᠨᠠᠷᠢᠨ ᠤᠩᠰᠢᠬᠤ ᠬᠡᠷᠡᠭᠲᠡᠢ᠂ ᠡᠷᠬᠡᠪᠰᠢ ᠬᠠᠩᠭᠠᠬᠤ ᠬᠡᠷᠡᠭᠲᠡᠢ ᠴᠢᠮᠡᠭᠡ ᠵᠠᠩᠭᠢ ᠠᠴᠠ ᠪᠤᠰᠤᠳ | ᠵᠦᠢᠯ ᠳᠤ ᠵᠥᠪᠰᠢᠶᠡᠷᠡᠯ ᠣᠯᠭᠤᠵᠤ ᠪᠤᠯᠬᠤ ᠦᠭᠡᠢ᠃ ᠴᠢᠬᠤᠯᠠᠲᠠᠢ ᠦᠶ᠎ᠡ ᠳᠤ ᠮᠡᠷᠭᠡᠵᠢᠯ ᠤᠨ ᠬᠢᠨᠠᠨ ᠬᠡᠮᠵᠢᠬᠦ | ᠠᠷᠭ᠎ᠠ ᠪᠠᠷᠢᠯ ᠢ ᠠᠰᠢᠭᠯᠠᠵᠤ ᠪᠠᠶᠢᠭᠠᠳ ᠶᠠᠮᠠᠷ APP ᠢ ᠬᠠᠭᠠᠭᠰᠠᠨ ᠦᠶ᠎ᠡ ᠳᠤ ᠴᠦ ᠴᠢᠮᠡᠭᠡ ᠵᠠᠩᠭᠢ | ᠴᠤᠭᠯᠠᠭᠤᠯᠵᠤ ᠪᠠᠶᠢᠬᠤ ᠶᠢ ᠪᠠᠶᠢᠴᠠᠭᠠᠵᠤ ᠪᠣᠯᠣᠨ᠎ᠠ᠃ ᠬᠤᠪᠢ ᠶᠢᠨ ᠨᠢᠭᠤᠴᠠ ᠲᠠᠢ ᠬᠤᠯᠪᠣᠭᠳᠠᠭᠰᠠᠨ ᠲᠤᠭ᠎ᠠ | ᠪᠠᠷᠢᠮᠲᠠ ᠶᠢ ᠴᠢᠨᠢ ᠬᠤᠯᠠᠭᠠᠢ ᠪᠠᠷ ᠴᠤᠭᠯᠠᠭᠤᠯᠤᠭᠰᠠᠨ ᠪᠣᠯ ᠪᠣᠳᠠᠲᠠᠢ ᠭᠡᠷᠡᠴᠢ ᠪᠠᠷᠢᠮᠲᠠ ᠪᠠᠨ ᠴᠤᠭᠯᠠᠭᠤᠯᠤᠭᠠᠳ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠵᠠᠭᠠᠯᠳᠤᠵᠤ ᠪᠣᠯᠣᠨ᠎ᠠ ᠭᠡᠵᠡᠢ᠃ | ︵ᠣᠷᠳᠣᠰ ᠮᠣᠩᠭᠤᠯ ᠰᠦᠯᠵᠢᠶ᠎ᠡ︶ |