| - ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠪᠠᠶᠢᠷᠢᠯᠠᠭᠤᠯᠤᠯᠲᠠ ᠠᠴᠠ ᠡᠷᠡᠯᠬᠡᠭᠯᠡᠨ | ᠤᠷᠤᠭᠰᠢᠯᠠᠵᠤ ᠪᠠᠶᠢᠭ᠎ᠠ ᠥᠪᠥᠷ ᠮᠣᠩᠭᠤᠯ ᠢ ᠬᠠᠷᠠᠬᠤᠢ | ᠮᠠᠯ ᠠᠵᠤ ᠠᠬᠤᠢ ᠲᠠᠷᠢᠶᠠᠯᠠᠩ ᠪᠣᠯ ᠤᠯᠤᠰ ᠢ ᠲᠣᠭᠲᠠᠨᠢᠭᠤᠯᠬᠤ ᠦᠨᠳᠦᠰᠦ᠂ ᠤᠯᠤᠰ ᠢ | ᠬᠦᠴᠦᠷᠬᠡᠭᠵᠢᠭᠦᠯᠬᠦ ᠰᠠᠭᠤᠷᠢ ᠮᠥᠨ᠃ ᠥᠪᠥᠷ ᠮᠣᠩᠭᠤᠯ ᠤᠨ 2025 ᠣᠨ ᠤ ︽ᠵᠠᠰᠠᠭ ᠤᠨ ᠣᠷᠳᠣᠨ ᠤ ᠠᠵᠢᠯ | ᠤᠨ ᠢᠯᠡᠳᠬᠡᠯ︾ ᠳᠤ᠂ ᠡᠨᠡ ᠵᠢᠯ ︽ᠮᠠᠯ ᠠᠵᠤ ᠠᠬᠤᠢ ᠲᠠᠷᠢᠶᠠᠯᠠᠩ ᠢ ᠣᠳᠣᠬᠢᠴᠢᠯᠠᠭᠰᠠᠨ ᠲᠣᠮᠣ ᠠᠵᠤ ᠦᠢᠯᠡᠰ | ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ᠂ ᠣᠳᠣᠬᠢᠴᠢᠯᠠᠭᠰᠠᠨ ᠰᠢᠨ᠎ᠡ ᠮᠠᠯᠵᠢᠬᠤ ᠲᠠᠷᠢᠶᠠᠯᠠᠬᠤ ᠣᠷᠣᠨ ᠢ | ᠲᠦᠷᠭᠡᠳᠬᠡᠨ ᠪᠦᠲᠦᠭᠡᠨ ᠪᠠᠶᠢᠭᠤᠯᠬᠤ︾ ᠵᠡᠷᠭᠡ 11 ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ | ᠭᠡᠵᠦ ᠳᠤᠷᠠᠳᠤᠭᠰᠠᠨ ᠪᠥᠭᠡᠳ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠳᠤ ᠠᠯᠢ ᠣᠯᠠᠨ ᠰᠢᠨ᠎ᠡ | ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ᠂ ᠰᠢᠨ᠎ᠡ ᠬᠠᠷᠠᠯᠲᠠ ᠳᠤᠷᠠᠳᠴᠤ᠂ ᠬᠥᠳᠡᠭᠡ ᠲᠣᠰᠬᠤᠨ ᠢ ᠪᠦᠭᠦ ᠲᠠᠯ᠎ᠠ | ᠪᠠᠷ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠠᠬᠢᠭᠤᠯᠬᠤ ᠳᠤ ᠴᠢᠭᠯᠡᠯ ᠢ ᠵᠢᠭᠠᠨ᠂ ᠰᠡᠳᠬᠢᠮᠵᠢ ᠶᠢ | ᠲᠣᠳᠣᠷᠬᠠᠶᠢᠯᠠᠵᠤ᠂ ᠡᠷᠴᠢ ᠵᠣᠷᠢᠭ ᠢ ᠬᠥᠪᠴᠢᠯᠡᠭᠰᠡᠨ ᠪᠠᠶᠢᠨ᠎ᠠ᠃ | ᠪᠣᠳᠠᠲᠠᠢ ᠠᠵᠢᠯᠯᠠᠬᠤ ᠪᠠᠷ ᠰᠢᠨ᠎ᠡ ᠡᠭᠦᠷᠭᠡᠯᠡᠯ ᠢ ᠲᠣᠳᠣᠷᠠᠭᠤᠯᠵᠤ᠂ ᠪᠣᠳᠠᠲᠠᠢ ᠠᠮᠵᠢᠯᠲᠠ ᠪᠠᠷ ᠰᠢᠨ᠎ᠡ | ᠵᠢᠳᠬᠦᠯ ᠴᠢᠷᠮᠠᠶᠢᠯᠭ᠎ᠠ ᠶᠢ ᠢᠯᠡᠷᠡᠭᠦᠯᠦᠨ᠎ᠡ᠃ ᠣᠶᠢᠷ᠎ᠠ ᠳᠤ ᠮᠠᠨ ᠤ ᠣᠷᠣᠨ ᠤ ᠡᠯ᠎ᠡ ᠭᠠᠵᠠᠷ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠰᠢᠨ᠎ᠡ ᠱᠠᠭᠠᠷᠳᠠᠯᠭ᠎ᠠ ᠰᠢᠨ᠎ᠡ ᠬᠠᠷᠠᠯᠲᠠ ᠲᠠᠢ ᠬᠠᠷᠭᠤᠭᠤᠯᠤᠨ ᠥᠪᠡᠷᠲᠡᠭᠡᠨ | ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠠᠵᠢᠯ ᠲᠠᠢ ᠤᠶᠠᠯᠳᠤᠭᠤᠯᠪᠠ᠃ | ᠮᠠᠯ ᠠᠵᠤ ᠠᠬᠤᠢ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ | ᠳᠡᠭᠡᠭᠰᠢᠯᠡᠭᠦᠯᠦᠨ᠎ᠡ | ᠰᠤᠷᠪᠤᠯᠵᠢᠯᠠᠬᠴᠢ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠤ ᠮᠦ ᠱᠢ ᠪᠦᠯᠦᠭᠯᠡᠯ ᠤᠨ | ᠣᠳᠣᠬᠢᠴᠢᠯᠠᠭᠰᠠᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠭᠦ ᠰᠠᠭᠤᠷᠢᠨ ᠳᠤ ᠬᠦᠷᠬᠦᠯᠡᠷ | ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠲᠥᠬᠦᠭᠡᠷᠦᠮᠵᠢ᠂ ᠣᠶᠤᠨᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ | ᠭᠠᠵᠠᠷ ᠪᠣᠯᠭᠠᠨ ᠳᠤ ᠬᠠᠷᠠᠭᠳᠠᠨ᠎ᠠ᠃ | ︽ᠲᠡᠵᠢᠭᠡᠬᠦ᠂ ᠴᠢᠭᠢᠭ ᠳᠤᠯᠠᠭᠠᠨ ᠢ ᠬᠡᠮᠵᠢᠬᠦ᠂ ᠠᠷᠢᠭᠤᠳᠬᠠᠬᠤ᠂ ᠴᠡᠪᠡᠷᠯᠡᠬᠦ᠂ ᠰᠠᠯᠬᠢ ᠨᠡᠪᠲᠡᠷᠡᠭᠦᠯᠬᠦ | ᠵᠢᠴᠢ ᠢᠯᠭᠠᠳᠠᠰᠤᠨ ᠤ ᠪᠣᠬᠢᠷᠳᠤᠯ ᠢ ᠳᠠᠭᠢᠨ ᠠᠰᠢᠭᠯᠠᠬᠤ ᠳᠤ ᠴᠥᠮ ᠬᠥᠮᠥᠨ ᠤ ᠬᠦᠴᠦ ᠬᠡᠷᠡᠭᠰᠡᠬᠦ ᠦᠭᠡᠢ᠂ | 3000 ᠦᠬᠡᠷ ᠲᠡᠵᠢᠭᠡᠬᠦ ᠳᠤ ᠭᠤᠷᠪᠠ ᠳᠥᠷᠪᠡᠬᠡᠨ ᠬᠥᠮᠥᠨ ᠪᠠᠶᠢᠪᠠᠯ ᠪᠣᠯᠴᠢᠬᠠᠨ᠎ᠠ︾ ᠭᠡᠵᠦ ᠲᠡᠵᠢᠭᠡᠨ | ᠦᠷᠡᠵᠢᠭᠦᠯᠬᠦ ᠰᠠᠭᠤᠷᠢᠨ ᠤ ᠠᠵᠢᠯᠴᠢᠨ ᠲᠠᠨᠢᠯᠴᠠᠭᠤᠯᠵᠤ ᠭᠠᠷᠤᠯ᠎ᠠ᠃ | ᠮᠠᠯ ᠠᠵᠤ ᠠᠬᠤᠢ ᠲᠠᠷᠢᠶᠠᠯᠠᠩ ᠤᠨ ᠲᠣᠮᠣ ᠣᠷᠣᠨ ᠪᠣᠯᠤᠭᠰᠠᠨ ᠤ ᠬᠤᠪᠢ ᠳᠤ ᠥᠪᠥᠷ ᠮᠣᠩᠭᠤᠯ | ᠠᠮᠤ ᠪᠤᠳᠠᠭ᠎ᠠ ᠪᠠ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ | ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠬᠦᠨᠳᠦ ᠡᠭᠦᠷᠭᠡ ᠶᠢ ᠡᠭᠦᠷᠭᠡᠯᠡᠵᠦ ᠪᠤᠶ᠃ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠣᠣ ᠶᠦᠩ ᠰᠢᠶᠠᠩ᠄ ︽︿ᠲᠠᠪᠤ | ᠶᠢ ᠨᠢᠭᠡᠳᠦᠯᠲᠡᠢ ᠲᠥᠯᠥᠪᠵᠢᠭᠦᠯᠬᠦ﹀ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ︿ᠳᠤᠮᠳᠠᠳᠤ ᠤᠯᠤᠰ ᠤᠨ | ᠪᠤᠳᠠᠭᠠᠨ ᠠᠶᠠᠭ᠎ᠠ﹀ ᠳᠤ ᠨᠠᠩ ᠣᠯᠠᠨ ᠨᠠᠩ ᠴᠢᠨᠠᠷ ᠰᠠᠶᠢᠲᠠᠢ ︿ᠥᠪᠥᠷ ᠮᠣᠩᠭᠤᠯ ᠤᠨ ᠠᠮᠤ ᠪᠤᠳᠠᠭ᠎ᠠ﹀ ᠶᠢ | ᠰᠠᠪᠠᠯᠠᠨ᠎ᠠ︾ ᠭᠡᠯᠡ᠃ 2024 ᠣᠨ ᠳᠤ ᠥᠪᠥᠷ ᠮᠣᠩᠭᠤᠯ ᠤᠨ ᠦᠬᠡᠷ ᠬᠤᠨᠢᠨ ᠮᠢᠬ᠎ᠠ᠂ ᠦᠨᠢᠶᠡᠨ ᠰᠦ ᠶᠢᠨ | ᠭᠠᠷᠤᠯᠲᠠ ᠪᠦᠭᠦ ᠤᠯᠤᠰ ᠲᠤ ᠨᠢᠭᠡᠳᠦᠭᠡᠷ ᠲᠤ ᠵᠢᠭᠰᠠᠵᠤ᠂ ᠰᠦ ᠮᠢᠬ᠎ᠠ ᠲᠥᠮᠥᠰᠥ ᠨᠣᠣᠯᠣᠭᠤᠷ ᠵᠡᠷᠭᠡ 7 | ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ 7000 ᠳ᠋ᠦᠩᠰᠢᠭᠤᠷ ᠲᠥᠭᠦᠷᠢᠭ | ᠢ ᠳᠠᠪᠠᠵᠠᠢ᠃ | ᠵᠣᠣ ᠶᠦᠩ ᠰᠢᠶᠠᠩ᠂ ᠨᠢᠭᠡ ᠳᠤ ᠪᠦᠲᠦᠮᠵᠢᠲᠡᠶ ᠵᠠᠬ᠎ᠠ ᠳᠡᠯᠭᠡᠭᠦᠷ ᠪᠠ ᠵᠠᠰᠠᠭ ᠤᠨ ᠣᠷᠳᠣᠨ ᠤ | ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠲᠥᠷᠥᠯ ᠵᠦᠢᠯ ᠤᠨ ᠬᠠᠮᠢᠶᠠᠷᠤᠯᠲᠠ ᠪᠠ ᠨᠥᠬᠦᠪᠦᠷᠢ ᠣᠯᠭᠤᠬᠤ | ᠲᠣᠭᠲᠠᠴᠠ ᠶᠢ ᠵᠢᠷᠤᠮᠵᠢᠭᠤᠯᠤᠨ᠂ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠪᠡᠯᠡ ᠮᠥᠩᠭᠦ | ᠶᠢᠨ ᠬᠤᠪᠢᠶᠠᠷᠢᠯᠠᠯᠲᠠ ᠲᠠᠢ ᠬᠤᠯᠪᠣᠭᠳᠠᠭᠤᠯᠵᠤ᠂ ᠪᠡᠯᠡ ᠮᠥᠩᠭᠦ ᠰᠢᠯᠵᠢᠭᠦᠯᠦᠨ ᠥᠭᠬᠦ ᠠᠬᠢᠴᠠ ᠶᠢ ᠲᠥᠷᠥᠯ ᠵᠦᠢᠯ | ᠤᠨ ᠬᠤᠪᠢᠶᠠᠷᠢᠯᠠᠯᠲᠠ ᠲᠠᠢ ᠬᠤᠯᠪᠣᠭᠳᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠬᠤᠶᠠᠷ ᠲᠤ ᠶᠡᠷᠦᠩᠬᠡᠢ ᠬᠠᠩᠭᠠᠯᠭ᠎ᠠ ᠪᠣᠯᠣᠨ ᠶᠡᠷᠦᠩᠬᠡᠢ ᠬᠡᠷᠡᠭᠴᠡᠭᠡ ᠶᠢᠨ | ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ︽ | ᠨᠤᠲᠤᠭ ᠤᠨ ᠣᠨᠴᠠ ᠭᠠᠷᠤᠯᠲᠠ︾ ᠶᠢᠨ ᠠᠵᠢᠯ ᠢ ᠰᠠᠶᠢᠲᠤᠷ ᠬᠢᠵᠦ᠂ ᠲᠠᠷᠢᠶᠠᠯᠠᠩ ᠮᠠᠯ ᠠᠵᠤ ᠠᠬᠤᠢ ᠰᠣᠶᠣᠯ | ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠠᠵᠤ ᠠᠬᠤᠶᠢᠯᠠᠯ ᠤᠨ ᠭᠤᠣᠯ ᠬᠡᠷᠡᠭᠯᠡᠭᠡ ᠶᠢᠨ | ᠭᠠᠵᠠᠷ ᠣᠷᠣᠨ ᠳᠤ ᠠᠵᠢᠯᠯᠠᠭᠠᠨ ᠤ ᠶᠡᠷᠦᠩᠬᠡᠶᠢᠯᠡᠭᠰᠡᠨ ᠤᠷᠢᠳᠠᠴᠢ ᠬᠥᠮᠥᠷᠭᠡ᠂ ᠡᠵᠡᠩᠨᠡᠨ ᠪᠣᠷᠣᠯᠠᠭᠤᠯᠬᠤ ᠲᠥᠪ ᠪᠠ | ᠡᠵᠡᠩᠨᠡᠨ ᠪᠣᠷᠣᠯᠠᠭᠤᠯᠬᠤ ᠳᠡᠯᠭᠡᠭᠦᠷ ᠪᠠᠶᠢᠷᠢᠯᠠᠭᠤᠯᠬᠤ ᠶᠢ ᠳᠡᠮᠵᠢᠨ᠎ᠠ᠃ ᠭᠤᠷᠪᠠ ᠳᠤ ᠰᠢᠨ᠎ᠡ ᠬᠥᠳᠡᠯᠭᠡᠬᠦ ᠬᠦᠴᠦᠨ ᠢ | ᠪᠣᠶᠢᠵᠢᠭᠤᠯᠬᠤ ᠪᠠ ᠬᠠᠭᠤᠴᠢᠨ ᠬᠥᠳᠡᠯᠭᠡᠬᠦ ᠬᠦᠴᠦᠨ ᠢ ᠰᠢᠨᠡᠳᠬᠡᠬᠦ ᠶᠢᠨ ᠬᠠᠷᠢᠴᠠᠭ᠎ᠠ ᠶᠢ ᠨᠢᠭᠡᠳᠦᠯᠲᠡᠢ | ᠲᠥᠯᠥᠪᠵᠢᠭᠦᠯᠵᠦ᠂ ᠤᠷᠢᠳᠠᠪᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ ᠡᠪᠳᠡᠬᠦ ᠶᠢ ᠪᠠᠷᠢᠮᠲᠠᠯᠠᠵᠤ᠂ ᠮᠠᠯ | ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠶᠢ ᠦᠨᠡᠨ ᠬᠦ ᠰᠠᠶᠢᠲᠤᠷ ᠠᠳᠬᠤᠵᠤ᠂ | ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ ᠪᠠ ᠬᠦᠷᠢᠶ᠎ᠡ ᠬᠠᠰᠢᠶᠠᠨ ᠤ ᠠᠵᠤ ᠠᠬᠤᠢ ᠶᠢ ᠶᠡᠭᠡ ᠪᠠᠷ | ᠬᠥᠭᠵᠢᠭᠦᠯᠵᠦ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ ᠬᠦᠴᠦᠷᠬᠡᠭᠵᠢᠭᠦᠯᠦᠨ᠎ᠡ᠃ | ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ ᠪᠦᠭᠦ ᠲᠠᠯ᠎ᠠ ᠪᠠᠷ ᠰᠠᠶᠢᠲᠤᠷ | ᠰᠢᠢᠳᠪᠦᠷᠢᠯᠡᠵᠦ᠂ ᠡᠪᠡᠰᠦ ᠪᠣᠷᠳᠤᠭ᠎ᠠ ᠮᠢᠬ᠎ᠠ ᠶᠢᠨ ᠠᠵᠤ ᠦᠢᠯᠡᠰ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ | ᠣᠳᠣᠬᠢᠴᠢᠯᠠᠭᠰᠠᠨ ᠰᠢᠨ᠎ᠡ ᠮᠠᠯᠵᠢᠬᠤ ᠲᠠᠷᠢᠶᠠᠯᠠᠬᠤ ᠣᠷᠣᠨ ᠢ ᠪᠦᠲᠦᠭᠡᠨ ᠪᠠᠶᠢᠭᠤᠯᠤᠨ᠎ᠠ᠃ ᠳᠥᠷᠪᠡ ᠳᠤ ᠨᠡᠮᠡᠭᠳᠡᠯ ᠢ | ᠰᠢᠯᠢᠳᠡᠭᠵᠢᠭᠦᠯᠬᠦ ᠪᠠ ᠬᠠᠳᠠᠭᠠᠯᠠᠯᠲᠠ ᠶᠢ ᠴᠢᠯᠦᠭᠡᠲᠡᠢ ᠪᠤᠯᠭᠠᠬᠤ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠵᠠᠷ ᠰᠢᠷᠣᠢ | ᠶᠢᠨ ᠬᠤᠶᠠᠳᠠᠭᠢ ᠡᠭᠡᠯᠵᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠲᠤᠷᠰᠢᠯᠲᠠ ᠶᠢᠨ ᠴᠡᠭ ᠪᠠ ᠰᠢᠨ᠎ᠡ ᠪᠠᠷ | ᠨᠡᠮᠡᠭᠳᠡᠭᠰᠡᠨ ᠲᠠᠷᠢᠶᠠᠨ ᠭᠠᠵᠠᠷ ᠢ ᠵᠢᠷᠤᠮᠵᠢᠭᠤᠯᠤᠨ ᠬᠠᠮᠢᠶᠠᠷᠴᠤ ᠠᠰᠢᠭᠯᠠᠬᠤ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠰᠤᠯᠠ ᠲᠠᠯᠪᠢᠵᠤ ᠪᠠᠶᠢᠭ᠎ᠠ ᠲᠠᠷᠢᠶᠠᠴᠢᠳ ᠤᠨ ᠭᠡᠷ ᠪᠠᠶᠢᠰᠢᠩ ᠢ ᠠᠮᠢᠳᠤᠯᠢᠭ ᠢᠶᠠᠷ ᠠᠰᠢᠭᠯᠠᠬᠤ ᠪᠠ | ᠠᠲᠠᠷ ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠶᠢ ᠰᠠᠶᠢᠲᠤᠷ ᠠᠳᠬᠤᠨ᠎ᠠ᠃ ᠲᠠᠪᠤ ᠳᠤ ᠶᠠᠰᠤ ᠴᠢᠨᠠᠷ ᠢ | ᠳᠡᠭᠡᠭᠰᠢᠯᠡᠭᠦᠯᠭᠦ ᠪᠠ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠶᠢᠨ ᠬᠠᠷᠢᠴᠠᠭ᠎ᠠ ᠶᠢ ᠨᠢᠭᠡᠳᠦᠯᠲᠡᠢ | ᠲᠥᠯᠥᠪᠵᠢᠭᠦᠯᠵᠦ᠂ 800 ᠲᠦᠮᠡᠨ ᠮᠦ ᠠᠴᠠ ᠳᠡᠭᠡᠭᠰᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ | ᠪᠠᠶᠢᠭᠤᠯᠵᠤ᠂ ᠲᠠᠯᠠᠪᠠᠶ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠭᠦ ᠠᠵᠢᠯᠯᠠᠭ᠎ᠠ᠂ ᠵᠠᠭᠤᠨ | ᠲᠦᠮᠡᠨ ᠮᠢᠬᠠᠨ ᠤ ᠦᠬᠡᠷ ᠪᠣᠷᠳᠣᠬᠤ ᠠᠵᠢᠯᠯᠠᠭ᠎ᠠ ᠶᠢ ᠬᠡᠷᠡᠭᠵᠢᠭᠦᠯᠵᠦ᠂ ᠠᠮᠤ ᠪᠤᠳᠠᠭ᠎ᠠ ᠮᠢᠬ᠎ᠠ ᠰᠦ ᠶᠢᠨ | ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ ᠭᠡᠪᠡ᠃ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠥᠷᠢᠰᠦᠯᠳᠦᠬᠦ | ᠬᠦᠴᠦᠨ ᠢ ᠳᠡᠭᠡᠭᠰᠢᠯᠡᠭᠦᠯᠦᠨ᠎ᠠ | ︽ᠭᠡᠷ ᠤᠨ ᠡᠭᠦᠳᠡᠨ ᠠᠴᠠ ᠪᠠᠨ ᠥᠪᠥᠷ ᠮᠣᠩᠭᠤᠯ ᠤᠨ ᠴᠢᠨᠠᠷ ᠰᠠᠶᠢᠲᠠᠢ ᠦᠬᠡᠷ ᠬᠤᠨᠢᠨ ᠮᠢᠬ᠎ᠠ᠂ | ᠲᠤᠲᠤᠷᠭ᠎ᠠ ᠥᠨᠳᠡᠭᠡ ᠰᠦ ᠬᠤᠳᠠᠯᠳᠤᠨ ᠠᠪᠴᠤ ᠳᠡᠶᠢᠯᠭᠦ ᠪᠣᠯᠵᠠᠢ︾ ᠭᠡᠵᠦ ︽ᠥᠪᠥᠷ ᠮᠣᠩᠭᠤᠯ︾ ᠨᠡᠷᠡᠮᠵᠢᠲᠤ | ᠪᠡᠭᠡᠵᠢᠩ ᠤᠨ ᠳᠡᠯᠭᠡᠨ ᠪᠣᠷᠣᠯᠠᠭᠤᠯᠬᠤ ᠲᠥᠪ ᠲᠤ ᠲᠣᠭᠤᠷᠢᠵᠤ ᠪᠠᠶᠢᠭ᠎ᠠ ᠪᠡᠭᠡᠵᠢᠩ ᠬᠤᠳᠠ ᠶᠢᠨ ᠠᠷᠠᠳ ᠵᠠᠩ ᠫᠧᠩ | ᠯᠧ ᠪᠠᠶᠠᠷᠲᠠᠶᠢᠬᠠᠨ ᠬᠡᠯᠡᠨ᠎ᠡ᠃ | ᠣᠶᠢᠷ᠎ᠠ ᠳᠤ ︽ᠥᠪᠥᠷ ᠮᠣᠩᠭᠤᠯ ᠨᠡᠷᠡᠮᠵᠢᠲᠤ︾ ᠪᠡᠭᠡᠵᠢᠩ ᠤᠨ ᠳᠡᠯᠭᠡᠨ ᠪᠣᠷᠣᠯᠠᠭᠤᠯᠬᠤ ᠲᠥᠪ | ᠲᠤᠷᠰᠢᠨ ᠡᠵᠡᠩᠨᠡᠬᠦ ᠱᠠᠲᠤᠨ ᠳᠤ ᠣᠷᠣᠵᠤ᠂ 120 ᠭᠠᠷᠤᠢ ︽ᠥᠪᠥᠷ ᠮᠣᠩᠭᠤᠯ ᠨᠡᠷᠡᠮᠵᠢᠲᠤ︾ ᠦᠨᠡᠮᠯᠡᠯ | ᠣᠯᠣᠭᠰᠠᠨ ᠠᠵᠤ ᠠᠬᠤᠶᠢᠯᠠᠯ 1000 ᠭᠠᠷᠤᠢ ᠵᠦᠢᠯ ᠤᠨ ᠴᠢᠨᠠᠷ ᠰᠠᠶᠢᠲᠠᠢ ᠪᠣᠬᠢᠷᠳᠤᠯ ᠦᠭᠡᠢ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠨ ᠳᠡᠯᠭᠡᠨ ᠦᠵᠡᠭᠦᠯᠵᠦ᠂ ᠨᠡᠶᠢᠰᠯᠡᠯ ᠤᠨ ᠬᠡᠷᠡᠭᠯᠡᠭᠴᠢᠳ ᠲᠤ ᠲᠠᠯ᠎ᠠ | ᠨᠤᠲᠤᠭ ᠠᠴᠠ ᠢᠷᠡᠭᠰᠡᠨ ︽ᠢᠳᠡᠭᠡᠨ ᠤ ᠳᠡᠭᠡᠵᠢ︾ ᠶᠢᠨ ᠦᠪᠡᠳᠡᠭᠰᠢ ᠨᠠᠶᠢᠷ ᠢ ᠦᠵᠡᠭᠦᠯᠪᠡ᠃ | ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠵᠦ᠂ ᠲᠦᠷᠦᠯ ᠲᠡᠮᠳᠡᠭ ᠢᠶᠠᠷ ᠲᠠᠷᠢᠶᠠᠴᠢᠳ ᠢ | ᠪᠠᠶᠠᠵᠢᠭᠤᠯᠤᠨ᠎ᠠ᠃ 2025 ᠣᠨ ᠳᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ︽ᠥᠪᠥᠷ ᠮᠣᠩᠭᠤᠯ ᠨᠡᠷᠡᠮᠵᠢᠲᠤ︾ ᠳᠦᠷᠢᠮ ᠤᠨ ᠰᠢᠰᠲ᠋ᠧᠮ ᠢ ᠤᠯᠠᠮ ᠨᠢᠭᠡ | ᠠᠯᠬᠤᠮ ᠲᠡᠭᠦᠯᠳᠡᠷᠵᠢᠭᠦᠯᠬᠦ᠂ ︽ᠥᠪᠥᠷ ᠮᠣᠩᠭᠤᠯ ᠨᠡᠷᠡᠮᠵᠢᠲᠤ︾ ᠲᠥᠷᠥᠯ ᠲᠡᠮᠳᠡᠭ ᠤᠨ ᠳᠠᠮᠵᠢᠭᠤᠯᠭ᠎ᠠ ᠶᠢ | ᠴᠢᠩᠭᠠᠳᠬᠠᠬᠤ᠂ ︽ᠥᠪᠥᠷ ᠮᠣᠩᠭᠤᠯ ᠨᠡᠷᠡᠮᠵᠢᠲᠤ︾ ᠠᠵᠢᠯ ᠢ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ | ᠥᠨᠳᠥᠷ ᠪᠦᠲᠦᠮᠵᠢᠲᠡᠶ ᠪᠠᠷ ᠠᠬᠢᠭᠤᠯᠬᠤ ᠵᠡᠷᠭᠡ ᠣᠯᠠᠨ ᠲᠠᠯ᠎ᠠ ᠠᠴᠠ ᠭᠠᠷᠳᠠᠵᠤ᠂ ᠲᠠᠯ᠎ᠠ ᠨᠤᠲᠤᠭ ᠠᠴᠠ ᠢᠷᠡᠭᠰᠡᠨ | ᠠᠮᠲᠠᠲᠤ ᠦᠨᠦᠷ ᠠᠮᠲᠠ ᠶᠢ ᠪᠦᠭᠦ ᠤᠯᠤᠰ ᠲᠤ ᠬᠦᠷᠭᠡᠬᠦ ᠪᠣᠯᠣᠨ᠎ᠠ᠃ ᠡᠭᠦᠨ ᠤ ᠬᠠᠮᠲᠤ ︽ᠥᠪᠥᠷ ᠮᠣᠩᠭᠤᠯ | ᠨᠡᠷᠡᠮᠵᠢᠲᠤ︾ ᠶᠢ ᠤᠬᠠᠭᠤᠯᠤᠨ ᠲᠠᠨᠢᠯᠴᠠᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠪᠦᠷᠢᠨ ᠵᠠᠭᠤᠴᠢᠯᠠᠭᠤᠷ᠂ | ᠣᠯᠠᠨ ᠲᠠᠯᠠᠲᠤ᠂ ᠥᠷᠭᠡᠨ ᠬᠡᠪᠴᠢᠶᠡᠨ ᠤ ᠤᠬᠠᠭᠤᠯᠭ᠎ᠠ ᠶᠢᠨ ᠵᠢᠭᠰᠠᠭᠠᠯ ᠢ ᠪᠤᠶ ᠪᠣᠯᠭᠠᠨ᠎ᠠ᠃ ᠰᠦᠯᠵᠢᠶᠡᠨ ᠳᠡᠭᠡᠷ᠎ᠡ | ᠪᠠ ᠪᠣᠳᠠᠲᠤ ᠴᠣᠭᠴᠠ ᠳᠤ ᠲᠤᠰᠬᠠᠢ ᠲᠣᠭᠤᠷᠢᠭ ᠲᠣᠬᠢᠷᠠᠭᠤᠯᠬᠤ᠂ ᠲᠤᠰᠬᠠᠢ ᠣᠷᠳᠣᠨ ᠨᠡᠭᠡᠭᠡᠬᠦ᠂ ᠲᠤᠰᠬᠠᠢ ᠲᠠᠯᠠᠪᠠᠶ | ᠡᠷᠭᠢᠯᠡᠭᠦ ᠵᠢᠴᠢ ᠦᠵᠡᠰᠭᠦᠯᠡᠩ᠂ ᠳᠡᠯᠭᠡᠨ ᠪᠣᠷᠤᠯᠠᠭᠤᠯᠭ᠎ᠠ ᠳᠤ ᠣᠷᠤᠯᠴᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ︽ᠥᠪᠥᠷ ᠮᠣᠩᠭᠤᠯ ᠨᠡᠷᠡᠮᠵᠢᠲᠤ︾ ᠠᠵᠤ ᠠᠬᠤᠶᠢᠯᠠᠯ ᠪᠠ ᠭᠡᠷᠡᠴᠢᠯᠡᠯ ᠤᠨ ᠦᠢᠯᠡᠳᠬᠦᠨ ᠢ | ᠲᠥᠪᠯᠡᠷᠡᠭᠦᠯᠦᠨ ᠳᠡᠯᠭᠡᠨ ᠦᠵᠡᠭᠦᠯᠵᠦ᠂ ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠢ ᠪᠡᠭᠡᠵᠢᠩ ᠲᠢᠶᠠᠨᠵᠢᠨ | ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠶᠡᠭᠡ ᠪᠤᠯᠤᠩ ᠤᠨ ᠣᠷᠣᠨ᠂ ᠵᠡᠭᠦᠨ ᠬᠤᠶᠢᠲᠤ ᠶᠢᠨ ᠭᠤᠷᠪᠠᠨ | ᠮᠤᠵᠢ ᠵᠡᠷᠭᠡ ᠭᠠᠵᠠᠷ ᠲᠤ ᠪᠣᠷᠣᠯᠠᠭᠤᠯᠬᠤ ᠶᠢ ᠠᠬᠢᠭᠤᠯᠤᠨ᠎ᠠ᠃ | ᠲᠠᠷᠢᠶᠠᠯᠠᠩ ᠢ ᠬᠦᠴᠦᠷᠬᠡᠭᠵᠢᠭᠦᠯᠬᠦ ᠳᠤ ᠲᠦᠷᠦᠯ ᠲᠡᠮᠳᠡᠭ ᠢ ᠡᠷᠬᠡᠪᠰᠢ ᠬᠦᠴᠦᠷᠬᠡᠭᠵᠢᠭᠦᠯᠬᠦ ᠬᠡᠷᠡᠭᠲᠡᠢ᠃ | ᠣᠷᠳᠣᠰ ᠬᠤᠲᠠ ᠲᠦᠷᠦᠯ ᠲᠡᠮᠳᠡᠭ ᠤᠨ ᠪᠦᠲᠦᠭᠡᠨ ᠪᠠᠶᠢᠭᠤᠯᠤᠯᠲᠠ ᠪᠠ ᠦᠢᠯᠡᠳᠪᠦᠷᠢᠯᠡᠯ ᠪᠣᠷᠤᠯᠠᠭᠤᠯᠭ᠎ᠠ ᠶᠢᠨ | ᠦᠢᠯᠡᠴᠢᠯᠡᠭᠡ ᠶᠢ ᠶᠡᠭᠡ ᠪᠠᠷ ᠠᠬᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ | ᠳᠡᠯᠭᠡᠭᠦᠷ ᠤᠨ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ | ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠪᠡ᠃ | ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠸᠠᠩ | ᠢᠦᠢ ᠹᠧᠢ᠂ 2025 ᠣᠨ ᠳᠤ ᠣᠷᠳᠣᠰ ᠬᠤᠲᠠ ᠲᠥᠷᠥᠯ ᠲᠡᠮᠳᠡᠭ ᠤᠨ ᠪᠦᠲᠦᠭᠡᠨ ᠪᠠᠶᠢᠭᠤᠯᠤᠯᠲᠠ᠂ | ᠦᠢᠯᠡᠳᠬᠦᠨ ᠤ ᠪᠣᠷᠤᠯᠠᠭᠤᠯᠭ᠎ᠠ᠂ ᠦᠢᠯᠡᠳᠪᠦᠷᠢᠯᠡᠯ ᠪᠣᠷᠤᠯᠠᠭᠤᠯᠭ᠎ᠠ ᠶᠢ ᠨᠠᠷᠢᠯᠢᠭ ᠣᠨᠣᠪᠴᠢᠲᠠᠶ ᠵᠣᠯᠭᠠᠭᠤᠯᠬᠤ ᠵᠡᠷᠭᠡ | ᠭᠤᠣᠯᠳᠠᠯᠭ᠎ᠠ ᠲᠠᠢ ᠠᠵᠢᠯ ᠢ ᠦᠷᠭᠦᠯᠵᠢᠯᠡᠨ ᠴᠢᠩᠭ᠎ᠠ ᠠᠳᠬᠤᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠨ᠎ᠡ᠃ ︽ᠳᠤᠯᠠᠭᠠᠨ ᠬᠤᠲᠠ | ᠶᠢᠨ ᠲᠡᠩᠰᠤᠭ ᠠᠮᠲᠠ︾ ᠬᠤᠲᠠ ᠶᠢᠨ ᠲᠠᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠵᠤ᠂ ᠰᠢ ᠪᠧᠢ᠂ ᠡᠷᠳᠡᠨᠢ᠂ ᠵᠢᠩ ᠳ᠋ᠦᠩ᠂ ᠱᠦᠨ ᠹᠧᠩ ᠵᠡᠷᠭᠡ ᠠᠵᠤ ᠠᠬᠤᠶᠢᠯᠠᠯ ᠤᠨ ᠬᠠᠮᠲᠤᠷᠠᠯᠴᠠᠭ᠎ᠠ | ᠪᠠᠷ ᠳᠠᠮᠵᠢᠨ ᠰᠦᠯᠵᠢᠶᠡᠨ ᠳᠡᠭᠡᠷᠡᠬᠢ ︽ᠵᠢᠩ ᠳ᠋ᠦᠩ ᠲᠠᠷᠢᠶᠠᠯᠠᠩ ᠤᠨ ᠣᠨᠴᠠ ᠭᠠᠷᠤᠯᠲᠠ ᠶᠢᠨ ᠳᠡᠯᠭᠡᠭᠦᠷ︾ ᠪᠠ | ᠪᠣᠳᠠᠲᠤ ᠴᠣᠭᠴᠠ ᠶᠢᠨ ︽ᠳᠡᠯᠭᠡᠭᠦᠷ ᠳᠤᠮᠳᠠᠬᠢ ᠳᠡᠯᠭᠡᠭᠦᠷ︾ ᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ | ᠠᠪᠴᠤ᠂ ︽ᠳᠤᠯᠠᠭᠠᠨ ᠬᠤᠲᠠ ᠶᠢᠨ ᠲᠡᠩᠰᠤᠭ ᠠᠮᠲᠠ︾ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠪᠠ | ᠠᠯᠳᠠᠷᠰᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠳᠣᠰ ᠤᠨ ᠥᠨᠳᠦᠷᠯᠢᠭ ᠤᠨ ᠮᠠᠯ ᠠᠵᠤ ᠠᠬᠤᠢ | ᠲᠠᠷᠢᠶᠠᠯᠠᠩ ᠤᠨ ᠪᠦᠲᠦᠭᠡᠭᠳᠡᠬᠦᠨ ᠢ ᠪᠦᠭᠦ ᠤᠯᠤᠰ ᠪᠠ ᠳᠡᠯᠡᠬᠡᠢ ᠳᠤ ᠪᠣᠷᠣᠯᠠᠭᠤᠯᠬᠤ ᠶᠢ ᠳᠠᠶᠢᠴᠢᠯᠠᠨ᠎ᠠ ᠭᠡᠪᠡ᠃ | ︵ ︶ |