| | | ᠰᠠᠭᠠᠯᠢ ᠶᠢᠨ ᠦᠨᠢᠶᠡᠨ ᠤ ᠲᠠᠯᠠᠪᠠᠢ ᠶᠢᠨ ᠬᠢᠵᠢᠭ ᠢ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ | ᠬᠢᠬᠦ ᠶᠢᠨ ᠵᠣᠷᠢᠯᠭ᠎ᠠ ᠪᠣᠯ᠄ ᠨᠢᠭᠡ ᠳᠤ ᠬᠠᠯᠳᠠᠪᠤᠷᠢᠲᠤ ᠡᠪᠡᠳᠴᠢᠨ ᠤ ᠭᠠᠳᠠᠨ᠎ᠠ ᠠᠴᠠ ᠣᠷᠣᠵᠤ ᠢᠷᠡᠬᠦ ᠶᠢ | ᠰᠡᠷᠭᠡᠶᠢᠯᠡᠨ᠎ᠡ;ᠬᠤᠶᠠᠷ ᠲᠤ ᠬᠠᠯᠳᠠᠪᠤᠷᠢᠲᠤ ᠡᠪᠡᠳᠴᠢᠨ ᠡᠭᠦᠰᠬᠦ ᠦᠶ᠎ᠡ ᠳᠤ ᠠᠯᠢ ᠲᠦᠷᠭᠡᠨ ᠢᠶᠠᠷ ᠠᠷᠢᠯᠭᠠᠬᠤ | ᠬᠡᠷᠡᠭᠲᠡᠢ ᠪᠥᠭᠡᠳ ᠬᠠᠯᠳᠠᠪᠤᠷᠢᠲᠤ ᠡᠪᠡᠳᠴᠢᠨ ᠤ ᠬᠠᠯᠳᠠᠪᠤᠷᠢᠯᠠᠬᠤ ᠶᠢ ᠰᠡᠷᠭᠡᠶᠢᠯᠡᠬᠦ ᠬᠡᠷᠡᠭᠲᠡᠢ᠃ ᠡᠶᠢᠮᠦ ᠠᠴᠠ | ᠰᠠᠭᠠᠯᠢ ᠶᠢᠨ ᠦᠨᠢᠶᠡᠨ ᠤ ᠲᠠᠯᠠᠪᠠᠢ ᠶᠢᠨ ᠬᠢᠵᠢᠭ ᠢ ᠰᠡᠷᠭᠡᠶᠢᠯᠡᠬᠦ ᠳᠤ ᠬᠤᠶᠠᠷ ᠲᠠᠯ᠎ᠠ ᠶᠢ ᠪᠠᠭᠲᠠᠭᠠᠬᠤ ᠬᠡᠷᠡᠭᠲᠡᠢ᠂ | ᠨᠢᠭᠡ ᠨᠢ ᠡᠩ ᠤᠨ ᠦᠶ᠎ᠡ ᠶᠢᠨ ᠤᠷᠢᠳᠴᠢᠯᠠᠨ ᠰᠡᠷᠭᠡᠶᠢᠯᠡᠬᠦ ᠠᠷᠭ᠎ᠠ ᠭᠡᠮᠵᠢᠶ᠎ᠡ;ᠬᠤᠶᠠᠷ ᠲᠤ ᠬᠠᠯᠳᠠᠪᠤᠷᠢᠲᠤ | ᠡᠪᠡᠳᠴᠢᠨ ᠡᠭᠦᠰᠬᠦ ᠦᠶ᠎ᠡ ᠶᠢᠨ ᠠᠷᠢᠯᠭᠠᠬᠤ ᠠᠷᠭ᠎ᠠ ᠬᠡᠮᠵᠢᠶ᠎ᠡ᠃ | ᠡᠩ ᠤᠨ ᠦᠶ᠎ᠡ ᠶᠢᠨ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ᠄ ᠬᠢᠵᠢᠭ ᠢ ᠤᠷᠢᠳᠴᠢᠯᠠᠨ | ᠰᠡᠷᠭᠡᠶᠢᠯᠡᠬᠦ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠢᠵᠢᠭ ᠢ ᠤᠷᠢᠳᠴᠢᠯᠠᠨ ᠰᠡᠷᠭᠡᠶᠢᠯᠡᠬᠦ | ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠦᠨ᠎ᠡ᠃ ᠬᠡᠪᠴᠢᠶᠡᠲᠦ ᠰᠠᠭᠠᠯᠢ ᠶᠢᠨ ᠦᠨᠢᠶᠡᠨ ᠤ ᠲᠠᠯᠠᠪᠠᠢ ᠵᠢᠴᠢ | ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠲᠤ ᠴᠥᠮ ᠵᠠᠰᠠᠭ ᠵᠠᠬᠢᠷᠭᠠᠨ ᠤ ᠤᠳᠤᠷᠢᠳᠤᠯᠭ᠎ᠠ᠂ ᠮᠡᠷᠭᠡᠵᠢᠯ ᠤᠨ | ᠠᠵᠢᠯᠲᠠᠨ ᠵᠢᠴᠢ ᠪᠤᠰᠤᠳ ᠬᠠᠮᠢᠶ᠎ᠠ ᠪᠦᠬᠦᠢ ᠬᠥᠮᠥᠰ ᠢᠶᠠᠷ ᠪᠦᠷᠢᠯᠳᠦᠭᠰᠡᠨ ᠬᠢᠵᠢᠭ ᠢ ᠰᠡᠷᠭᠡᠶᠢᠯᠡᠬᠦ ᠵᠣᠬᠢᠶᠠᠨ | ᠪᠠᠶᠢᠭᠤᠯᠤᠯᠲᠠ ᠶᠢ ᠪᠠᠶᠢᠭᠤᠯᠬᠤ ᠬᠡᠷᠡᠭᠲᠡᠢ᠃ ᠳᠡᠭᠡᠳᠦ ᠱᠠᠲᠤᠨ ᠤ ᠮᠠᠯ ᠠᠵᠤ ᠠᠬᠤᠢ ᠮᠠᠯ ᠡᠮᠨᠡᠯᠭᠡ ᠶᠢᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠬᠡᠷᠡᠭᠵᠢᠭᠦᠯᠵᠦ᠂ ᠤᠯᠤᠰ ᠤᠨ | ᠠᠮᠢᠲᠠᠨ ᠤ ᠬᠢᠵᠢᠭ ᠢ ᠤᠷᠢᠳᠴᠢᠯᠠᠨ ᠰᠡᠷᠭᠡᠶᠢᠯᠡᠬᠦ ᠬᠠᠤᠯᠢ ᠵᠢᠴᠢ ᠲᠤᠰ ᠭᠠᠵᠠᠷ ᠣᠷᠣᠨ ᠤ ᠵᠠᠰᠠᠭ ᠤᠨ ᠣᠷᠳᠣᠨ ᠤ | ᠭᠡᠷ ᠤᠨ ᠲᠡᠵᠢᠭᠡᠪᠦᠷᠢ ᠶᠢᠨ ᠬᠢᠵᠢᠭ ᠢ ᠰᠡᠷᠭᠡᠶᠢᠯᠡᠬᠦ ᠬᠤᠯᠪᠣᠭᠳᠠᠯ ᠪᠦᠬᠦᠢ ᠬᠠᠤᠯᠢ ᠲᠣᠭᠲᠠᠭᠠᠯ ᠪᠤᠶᠤ ᠳᠦᠷᠢᠮ | ᠶᠣᠰᠣᠭᠠᠷ ᠰᠠᠭᠠᠯᠢ ᠶᠢᠨ ᠦᠨᠢᠶᠡᠨ ᠤ ᠲᠠᠯᠠᠪᠠᠢ ᠶᠢᠨ ᠬᠢᠵᠢᠭ ᠢ ᠤᠷᠢᠳᠴᠢᠯᠠᠨ ᠰᠡᠷᠭᠡᠶᠢᠯᠡᠬᠦ᠂ ᠬᠢᠵᠢᠭ ᠢ ᠪᠠᠶᠢᠴᠠᠭᠠᠬᠤ | ᠪᠠ ᠦᠯᠦ ᠬᠠᠯᠳᠠᠭᠠᠬᠤ ᠠᠵᠢᠯ ᠢ ᠵᠣᠬᠢᠶᠠᠨ ᠪᠠᠶᠢᠭᠤᠯᠤᠨ᠎ᠠ᠃ ᠳᠡᠭᠡᠳᠦ ᠱᠠᠲᠤᠨ ᠤ ᠠᠮᠢᠳᠡᠠ ᠤ ᠬᠢᠵᠢᠭ ᠢ | ᠤᠷᠢᠳᠴᠢᠯᠠᠨ ᠰᠡᠷᠭᠡᠶᠢᠯᠡᠬᠦ᠂ ᠬᠢᠵᠢᠭ ᠢ ᠪᠠᠶᠢᠴᠠᠭᠠᠬᠤ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠪᠠᠶᠢᠴᠠᠭᠠᠯᠲᠠ ᠪᠠ | ᠬᠢᠨᠠᠯᠲᠠ ᠶᠢ ᠬᠦᠯᠢᠶᠡᠨ᠎ᠡ᠃ | ᠬᠠᠯᠳᠠᠪᠤᠷᠢᠲᠤ ᠡᠪᠡᠳᠴᠢᠨ ᠡᠭᠦᠰᠬᠦ ᠦᠶ᠎ᠡ ᠶᠢᠨ ᠠᠷᠢᠯᠭᠠᠬᠤ ᠠᠷᠭ᠎ᠠ ᠬᠡᠮᠵᠢᠶ᠎ᠡ᠄ ᠬᠢᠵᠢᠭ ᠢ | ᠤᠷᠢᠳᠴᠢᠯᠠᠨ ᠰᠡᠷᠭᠡᠶᠢᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠢᠵᠢᠭ ᠢ ᠪᠠᠶᠢᠴᠠᠭᠠᠬᠤ᠂ ᠦᠯᠦ | ᠬᠠᠯᠳᠠᠭᠠᠬᠤ ᠲᠥᠯᠥᠪᠯᠡᠭᠡ ᠶᠢ ᠲᠣᠭᠲᠠᠭᠠᠨ᠂ ᠦᠬᠡᠷ ᠤᠨ ᠲᠠᠯᠠᠪᠠᠢ ᠵᠢᠴᠢ ᠦᠬᠡᠷ ᠤᠨ ᠬᠠᠰᠢᠶ᠎ᠠ ᠶᠢᠨ ᠣᠷᠣᠵᠤ | ᠭᠠᠷᠬᠤ ᠭᠠᠵᠠᠷ ᠲᠤ ᠠᠷᠢᠭᠤᠳᠬᠠᠬᠤ ᠴᠥᠭᠦᠷᠥᠮ ᠪᠠ ᠭᠠᠷ ᠤᠬᠢᠶᠠᠬᠤ ᠲᠥᠬᠦᠭᠡᠷᠦᠮᠵᠢ ᠲᠣᠬᠢᠷᠠᠭᠤᠯᠵᠤ᠂ | ᠠᠷᠢᠭᠤᠳᠬᠠᠬᠤ ᠲᠠᠲᠠᠭᠠᠯ ᠳᠤ ᠦᠷᠭᠦᠯᠵᠢ ᠭᠦᠢᠴᠡᠳ ᠬᠡᠮᠵᠢᠶᠡᠨ ᠤ ᠪᠦᠲᠦᠮᠵᠢᠲᠡᠶ ᠠᠷᠢᠭᠤᠳᠬᠠᠬᠤ ᠡᠮ ︵ | ᠵᠢᠱᠢᠶᠡᠯᠡᠪᠡᠯ 2% ᠤᠨ ᠬᠠᠭᠤᠨ ᠨᠠᠲᠷᠢ ᠶᠢᠨ ᠠᠭᠤᠰᠤᠮᠠᠯ︶ ᠲᠠᠢ ᠪᠠᠶᠢᠬᠤ ᠬᠡᠷᠡᠭᠲᠡᠢ᠂ ᠭᠠᠷ ᠤᠬᠢᠶᠠᠬᠤ | ᠠᠷᠢᠭᠤᠳᠬᠠᠬᠤ ᠰᠢᠩᠭᠡᠨ ᠳᠤ 0.2% ᠤᠨ ᠳᠡᠳ᠋ ᠾᠯᠣᠷ ᠬᠦᠴᠢᠯ ᠤᠨ ᠨᠠᠲᠷᠢ ᠶᠢᠨ ᠠᠭᠤᠰᠤᠮᠠᠯ ᠪᠤᠶᠤ 0. | 1% ᠶᠢᠨ ᠭᠡᠳᠦ ᠬᠦᠴᠢᠯᠲᠥ᠋ᠷᠥᠭᠴᠢᠲᠦ ᠡᠲ᠋ᠠ ᠬᠦᠴᠢᠯ ᠤᠨ ᠠᠭᠤᠰᠤᠮᠠᠯ ᠢ ᠬᠡᠷᠡᠭᠯᠡᠵᠦ᠂ ᠣᠷᠣᠵᠤ ᠭᠠᠷᠬᠤ ᠬᠥᠮᠥᠨ | ᠪᠠ ᠲᠡᠷᠭᠡ ᠬᠥᠰᠬᠡ ᠡᠷᠬᠡᠪᠰᠢ ᠠᠷᠢᠭᠤᠳᠬᠠᠬᠤ ᠡᠳ᠋ ᠢ ᠥᠩᠭᠡᠷᠡᠭᠡᠬᠦ ᠬᠡᠷᠡᠭᠲᠡᠢ᠃ ᠦᠬᠡᠷ ᠤᠨ ᠬᠠᠰᠢᠶ᠎ᠠ᠂ | ᠬᠥᠳᠡᠯᠭᠡᠭᠡᠨ ᠤ ᠲᠠᠯᠠᠪᠤᠷ᠂ ᠲᠡᠵᠢᠭᠡᠯ ᠤᠨ ᠣᠩᠭᠤᠴᠠ᠂ ᠤᠰᠤ ᠤᠮᠳᠠ ᠶᠢᠨ ᠲᠠᠲᠠᠭᠠᠯ᠂ ᠦᠢᠯᠡᠳᠪᠦᠷᠢᠯᠡᠯ ᠤᠨ | ᠬᠡᠷᠡᠭᠰᠡᠯ᠂ ᠰᠦ ᠰᠠᠭᠠᠬᠤ ᠲᠥᠬᠦᠭᠡᠷᠦᠮᠵᠢ ᠶᠢᠨ ᠠᠷᠢᠭᠤᠨ ᠴᠡᠪᠡᠷ ᠤᠨ ᠬᠠᠮᠢᠶᠠᠷᠤᠯᠲᠠ ᠶᠢ ᠴᠢᠩᠭᠠᠳᠬᠠᠵᠤ᠂ | ᠲᠣᠭᠲᠠᠮᠠᠯ ᠬᠤᠭᠤᠴᠠᠭ᠎ᠠ ᠲᠠᠢ ᠪᠠᠷ ᠱᠦᠭᠦᠷᠳᠡᠨ ᠴᠡᠪᠡᠷᠯᠡᠵᠦ᠂ ᠤᠬᠢᠶᠠᠨ ᠠᠷᠢᠭᠤᠳᠬᠠᠨ᠎ᠠ᠃ᠦᠬᠡᠷ ᠤᠨ ᠲᠠᠯᠠᠪᠠᠢ ᠳᠤ | ᠵᠢᠯ ᠪᠦᠷᠢ ᠬᠤᠶᠠᠷ ᠤᠳᠠᠭ᠎ᠠ ᠤᠷᠢᠳᠴᠢᠯᠠᠨ ᠰᠡᠷᠭᠡᠶᠢᠯᠡᠬᠦ ᠴᠢᠨᠠᠷᠲᠠᠢ ᠶᠡᠭᠡ ᠠᠷᠢᠭᠤᠳᠬᠠᠯ ᠬᠢᠬᠦ ᠬᠡᠷᠡᠭᠲᠡᠢ᠃ | ᠦᠬᠡᠷ ᠤᠨ ᠰᠠᠷᠠᠪᠴᠢ ᠶᠢᠨ ᠭᠠᠵᠠᠷ ᠤᠨ ᠭᠠᠳᠠᠷᠭᠤ᠂ ᠬᠥᠳᠡᠯᠭᠡᠭᠡᠨ ᠤ ᠲᠠᠯᠠᠪᠤᠷ ᠢ 2% ᠤᠨ ᠬᠠᠭᠤᠨ ᠨᠠᠲᠷᠢ ᠶᠢᠨ | ᠠᠭᠤᠰᠤᠮᠠᠯ ᠢᠶᠠᠷ ᠠᠷᠢᠭᠤᠳᠬᠠᠵᠤ᠂ ᠲᠡᠵᠢᠭᠡᠯ ᠪᠣᠷᠳᠣᠭᠠᠨ ᠤ ᠣᠩᠭᠤᠴᠠ᠂ ᠤᠰᠤᠨ ᠣᠩᠭᠤᠴᠠ ᠶᠢ 10% ᠶᠢᠨ | ᠴᠣᠬᠤᠢ ᠶᠢᠨ ᠰᠢᠩᠭᠡᠨ ᠪᠤᠶᠤ 2% ᠤᠨ ᠴᠠᠶᠢᠷᠠᠭᠤᠯᠬᠤ ᠨᠤᠨᠳᠠᠭ ᠤᠨ ᠠᠭᠤᠰᠤᠮᠠᠯ ᠢᠶᠠᠷ ᠠᠷᠢᠭᠤᠳᠬᠠᠨ᠎ᠠ᠃ ᠵᠢᠯ | ᠪᠦᠷᠢ ᠬᠤᠶᠠᠷ ᠤᠳᠠᠭ᠎ᠠ ᠪᠷᠦ᠋ᠼᠧᠯ ᠤᠨ ᠰᠠᠪᠬᠠᠨᠴᠢᠷ ᠪᠠᠺᠲ᠋ᠧᠷᠢ ᠶᠢᠨ ᠡᠪᠡᠳᠴᠢᠨ ᠪᠠ ᠰᠦᠷᠢᠶ᠎ᠡ ᠡᠪᠡᠳᠴᠢᠨ ᠤ | ᠬᠢᠵᠢᠭ ᠤᠨ ᠪᠠᠶᠢᠴᠠᠭᠠᠯᠲᠠ ᠬᠢᠵᠦ᠂ ᠪᠠᠶᠢᠴᠠᠭᠠᠵᠤ ᠭᠠᠷᠭᠠᠭᠰᠠᠨ ᠠᠷᠭ᠎ᠠ ᠶᠢᠨ ᠤᠷᠪᠠᠯ ᠤᠨ ᠦᠬᠡᠷ ᠢ ᠳᠠᠷᠤᠶᠢᠬᠠᠨ | ᠰᠢᠯᠢᠵᠦ ᠭᠡᠭᠡᠭᠳᠡᠭᠦᠯᠬᠦ ᠬᠡᠷᠡᠭᠲᠡᠢ᠃ ᠵᠢᠯ ᠪᠦᠷᠢ ᠨᠢᠭᠡ ᠤᠳᠠᠭ᠎ᠠ ᠪᠣᠭᠤᠮ᠎ᠠ ᠡᠪᠡᠳᠴᠢᠨ ᠤ ᠸᠠᠺᠼᠢᠨ ᠢ ᠰᠡᠷᠭᠡᠶᠢᠯᠡᠬᠦ | ᠲᠠᠷᠢᠯᠭ᠎ᠠ ᠬᠢᠵᠦ᠂ ᠬᠤᠶᠠᠷ ᠤᠳᠠᠭ᠎ᠠ ᠰᠢᠯᠦᠬᠡᠢ ᠡᠪᠡᠳᠴᠢᠨ ᠤ ᠸᠠᠺᠼᠢᠨ ᠢ ᠰᠡᠷᠭᠡᠶᠢᠯᠡᠬᠦ ᠲᠠᠷᠢᠯᠭ᠎ᠠ ᠬᠢᠬᠦ ᠬᠡᠷᠡᠭᠲᠡᠢ᠃ | ᠦᠬᠡᠷ ᠤᠨ ᠰᠦᠷᠦᠭ ᠤᠨ ᠠᠷᠠᠴᠢᠯᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠠᠭᠠᠯᠢ ᠶᠢᠨ ᠦᠨᠢᠶᠡᠨ ᠤ ᠪᠡᠶ᠎ᠡ | ᠴᠣᠭᠴᠠ ᠶᠢᠨ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠥᠪᠡᠷ ᠢᠶᠠᠨ ᠦᠷᠡᠵᠢᠭᠦᠯᠵᠦ ᠥᠪᠡᠷ ᠢᠶᠠᠨ | ᠲᠡᠵᠢᠭᠡᠬᠦ ᠵᠠᠷᠴᠢᠮ ᠢ ᠪᠠᠷᠢᠮᠲᠠᠯᠠᠨ᠂ ᠰᠠᠭᠠᠯᠢ ᠶᠢᠨ ᠦᠨᠢᠶ᠎ᠡ ᠶᠢ ᠭᠠᠳᠠᠭᠠᠳᠤ ᠠᠴᠠ ᠣᠷᠣᠭᠤᠯᠬᠤ ᠳᠠᠭᠠᠨ ᠡᠷᠬᠡᠪᠰᠢ | ᠬᠢᠵᠢᠭ ᠤᠨ ᠪᠤᠰᠤ ᠣᠷᠣᠨ ᠠᠴᠠ ᠬᠤᠳᠠᠯᠳᠤᠨ ᠠᠪᠬᠤ ᠶᠢᠨ ᠬᠠᠮᠲᠤ ᠭᠠᠷᠤᠯᠲᠠ ᠶᠢᠨ ᠣᠷᠣᠨ ᠤ ᠬᠢᠵᠢᠭ ᠤᠨ | ᠪᠠᠶᠢᠴᠠᠭᠠᠯᠲᠠ ᠶᠢ ᠰᠠᠶᠢᠲᠤᠷ ᠬᠢᠵᠦ᠂ ᠰᠦᠷᠦᠭ ᠲᠤ ᠲᠠᠯᠪᠢᠬᠤ ᠠᠴᠠ ᠪᠠᠨ ᠡᠮᠦᠨ᠎ᠡ ᠬᠤᠶᠠᠷ ᠰᠠᠷ᠎ᠠ ᠲᠤᠰᠠᠭᠠᠷᠯᠠᠨ | ᠠᠵᠢᠭᠯᠠᠬᠤ ᠬᠡᠷᠡᠭᠲᠡᠢ᠃ᠡᠷᠭᠢᠨ ᠲᠣᠭᠤᠷᠢᠨ ᠤ ᠬᠢᠵᠢᠭ ᠤᠨ ᠪᠠᠶᠢᠳᠠᠯ ᠢ ᠪᠠᠶᠢᠴᠠᠭᠠᠬᠤ ᠶᠢ ᠴᠢᠬᠤᠯᠠᠴᠢᠯᠠᠨ᠎ᠠ᠃ ᠲᠤᠰ | ᠭᠠᠵᠠᠷ ᠣᠷᠣᠨ ᠪᠤᠶᠤ ᠡᠷᠭᠢᠨ ᠲᠣᠭᠤᠷᠢᠨ ᠤ ᠭᠠᠵᠠᠷ ᠣᠷᠣᠨ ᠤ ᠬᠢᠵᠢᠭ ᠤᠨ ᠪᠠᠶᠢᠳᠠᠯ ᠪᠠ ᠮᠡᠳᠡᠭᠡ ᠵᠠᠩᠭᠢ ᠶᠢ | ᠦᠷᠭᠦᠯᠵᠢ ᠣᠶᠢᠯᠠᠭᠠᠵᠤ᠂ ᠬᠢᠵᠢᠭ ᠤᠨ ᠪᠠᠶᠢᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠪᠦᠲᠦᠮᠵᠢᠲᠡᠶ | ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠂ ᠵᠢᠱᠢᠶᠡᠯᠡᠪᠡᠯ ᠲᠦᠷᠭᠡᠨ ᠠᠷᠢᠭᠤᠳᠬᠠᠬᠤ᠂ | ᠲᠦᠷᠭᠡᠨ ᠸᠠᠺᠼᠢᠨ ᠤ ᠲᠠᠷᠢᠯᠭ᠎ᠠ ᠬᠢᠬᠦ ᠵᠡᠷᠭᠡ ᠪᠣᠯᠣᠨ᠎ᠠ᠃ | |