| ᠣᠶᠢᠷ᠎ᠠ ᠶᠢᠨ ᠬᠤᠶᠠᠷ ᠵᠢᠯ ᠤᠨ ᠲᠤᠷᠰᠢ᠂ ᠠᠯᠠᠱᠠ ᠵᠡᠭᠦᠨ ᠬᠤᠰᠢᠭᠤᠨ ᠤ ᠵᠠᠰᠠᠮᠠᠯ ᠵᠠᠮ ᠤᠨ ᠲᠡᠭᠡᠭᠡᠪᠦᠷᠢ ᠶᠢᠨ | ᠬᠠᠮᠠᠭᠠᠯᠠᠯᠲᠠ ᠶᠢᠨ ᠲᠥᠪ ᠠᠴᠠ 11 ᠠᠷᠠᠴᠢᠯᠠᠨ ᠬᠠᠮᠠᠭᠠᠯᠠᠬᠤ ᠠᠵᠢᠯᠲᠠᠨ ᠢ ᠲᠣᠬᠢᠷᠠᠭᠤᠯᠤᠨ ᠲᠡᠮᠡᠭᠡᠳᠣ ᠠᠷᠠᠴᠢᠯᠠᠨ | ᠬᠠᠮᠠᠭᠠᠯᠠᠬᠤ ᠥᠷᠳᠡᠭᠡᠨ ᠳᠤ ᠲᠣᠮᠢᠯᠠᠨ ᠰᠠᠭᠤᠯᠭᠠᠪᠠ᠃ | ᠡᠳᠦᠷ ᠲᠤᠲᠤᠮ ᠤᠨ ᠠᠵᠢᠯ ᠵᠢᠴᠢ ᠰᠡᠷᠭᠡᠶᠢᠯᠡᠯᠲᠡ ᠶᠢᠨ ᠴᠢᠨᠠᠷᠲᠠᠶ ᠠᠷᠠᠴᠢᠯᠠᠭ᠎ᠠ ᠶᠢᠨ ᠲᠠᠯ᠎ᠠ ᠪᠠᠷ᠂ ︽ ᠰᠠᠭᠠᠳ | ᠦᠭᠡᠢ᠂ ᠠᠮᠤᠷ ᠲᠥᠪᠰᠢᠨ᠂ ᠲᠠᠭᠠᠯᠠᠮᠵᠢᠲᠠᠶ᠂ ᠰᠠᠶᠢᠬᠠᠨ︾ ᠢᠶᠠᠷ ᠬᠠᠷᠠᠯᠲᠠ ᠪᠣᠯᠭᠠᠵᠤ᠂ ᠵᠠᠮ ᠤᠨ ᠰᠠᠭᠤᠷᠢ | ᠵᠡᠷᠭᠡ ᠶᠢ ᠰᠠᠶᠢᠲᠤᠷ ᠬᠠᠮᠢᠶᠠᠷᠴᠤ ᠠᠷᠠᠴᠢᠯᠠᠪᠠ᠃ ᠠᠷᠠᠴᠢᠯᠠᠨ ᠬᠠᠮᠠᠭᠠᠯᠠᠬᠤ ᠠᠵᠢᠯᠲᠠᠨ 2680 ᠬᠥᠮᠦᠨ ᠤᠳᠠᠭ᠎ᠠ᠂ | 826 ᠰᠠᠤᠷᠢ ᠮᠠᠰᠢᠨ᠂ ᠵᠠᠮ ᠤᠨ ᠭᠠᠳᠠᠷᠭᠤ ᠶᠢ ᠨᠡᠶᠢᠲᠡ 488 ᠺᠢᠯᠣᠮᠧᠲᠷ ᠴᠡᠪᠡᠷᠯᠡᠨ᠂ 2600 ᠲᠡᠭᠰᠢ | ᠳᠥᠷᠪᠡᠯᠵᠢᠨ ᠮᠧᠲᠷ ᠲᠣᠰᠣᠨ ᠵᠠᠮ ᠤᠨ ᠬᠤᠩᠭᠢᠯ ᠢ ᠰᠡᠯᠪᠢᠨ ᠵᠠᠰᠠᠵᠤ᠂ 54 ᠺᠢᠯᠣᠮᠧᠲᠷ ᠵᠠᠮ ᠤᠨ ᠳᠦᠷᠰᠦ | ᠪᠠᠶᠢᠳᠠᠯ ᠢ ᠡᠮᠬᠢᠯᠡᠨ ᠵᠠᠰᠠᠵᠤ᠂ 185 ᠭᠠᠷᠤᠶ ᠪᠣᠰᠤᠭ᠎ᠠ ᠳᠥᠷᠪᠡᠯᠵᠢᠨ ᠮᠧᠲᠷ ᠤᠨ ᠬᠤᠭ ᠨᠣᠪᠰᠢ ᠶᠢ ᠴᠡᠪᠡᠷᠯᠡᠨ | ᠠᠷᠢᠯᠭᠠᠵᠤ᠂ ᠣᠯᠠᠨ ᠵᠦᠢᠯ ᠤᠨ ᠠᠷᠠᠴᠢᠯᠠᠨ ᠬᠠᠮᠠᠭᠠᠯᠠᠬᠤ ᠠᠵᠢᠯ ᠢ ᠪᠡᠶᠡᠯᠡᠭᠦᠯᠵᠦ᠂ ᠦᠢᠯᠡᠴᠢᠯᠡᠭᠡᠨ ᠤ ᠳᠡᠰ | ᠳᠠᠪᠬᠤᠷᠭ᠎ᠠ ᠶᠢ ᠳᠡᠭᠡᠭᠰᠢᠯᠡᠭᠦᠯᠪᠡ᠃ | | | | | | ᠵᠠᠰᠠᠮᠠᠯ ᠵᠠᠮ ᠳᠡᠭᠡᠷ᠎ᠡ ᠡᠯᠡᠰᠦ ᠣᠪᠣᠭᠠᠷᠠᠵᠤ᠂ ᠠᠮᠤᠷ ᠲᠥᠪᠰᠢᠨ ᠤ ᠳᠠᠯᠳᠠ ᠭᠡᠮ ᠣᠯᠠᠨ ᠪᠠᠶᠢᠳᠠᠯ ᠳᠤ | ᠴᠢᠭᠯᠡᠭᠦᠯᠦᠨ ᠲᠥᠪ ᠠᠴᠠ ᠲᠣᠭᠤᠷᠢᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠠᠮᠤᠷ ᠲᠦᠪᠰᠢᠨ ᠤ ᠳᠠᠯᠳᠠ | ᠭᠡᠮ ᠢ ᠠᠷᠢᠯᠭᠠᠪᠠ᠃ ᠲᠣᠭᠤᠷᠢᠨ ᠪᠠᠶᠢᠴᠠᠭᠠᠬᠤ ᠠᠵᠢᠯᠲᠠᠨ ᠢ 298 ᠬᠥᠮᠦᠨ ᠤᠳᠠᠭ᠎ᠠ ᠬᠥᠳᠡᠯᠭᠡᠵᠦ᠂ 2.5 | ᠲᠦᠮᠡᠨ ᠺᠢᠯᠣᠮᠧᠲᠷ ᠲᠣᠭᠤᠷᠢᠨ ᠪᠠᠶᠢᠴᠠᠭᠠᠵᠤ᠂ 2.8 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠡᠯᠡᠰᠦ ᠶᠢ | ᠴᠡᠪᠡᠷᠯᠡᠵᠦ᠂ 1056 ᠺᠢᠯᠣᠮᠧᠲᠷ ᠬᠤᠷᠠᠭᠰᠠᠨ ᠴᠠᠰᠤ ᠶᠢ ᠠᠷᠢᠯᠭᠠᠪᠠ᠃ | ᠡᠭᠦᠨ ᠠᠴᠠ ᠭᠠᠳᠠᠨ᠎ᠠ᠂ ᠵᠢᠯ ᠪᠦᠷᠢ ᠶᠢᠨ ᠤᠯᠤᠰ ᠤᠨ ᠪᠠᠶᠠᠷ ᠵᠢᠴᠢ ᠪᠠᠭᠠᠲᠤᠷᠴᠤᠳ ᠤᠨ ᠴᠤᠭᠯᠠᠭᠠᠨ ᠤ | ᠬᠤᠭᠤᠴᠠᠭᠠᠨ ᠳᠤ᠂ ᠬᠠᠮᠠᠭᠠᠯᠠᠯᠲᠠ ᠶᠢᠨ ᠲᠥᠪ ᠠᠴᠠ ᠰᠠᠭᠠᠳ ᠥᠬᠡᠶ ᠨᠡᠪᠲᠡᠷᠡᠬᠦ ᠶᠢ ᠰᠠᠶᠢᠲᠤᠷ ᠬᠢᠵᠦ᠂ ᠠᠵᠢᠯᠲᠠᠨ ᠢ | ᠵᠣᠬᠢᠶᠠᠨ ᠪᠠᠶᠢᠭᠤᠯᠤᠨ ᠪᠦᠬᠦᠯᠢ ᠡᠳᠦᠷ ᠢᠶᠠᠷ ᠰᠡᠯᠪᠢᠨ ᠵᠠᠰᠠᠳᠠᠭ᠃ ᠠᠷᠠᠴᠢᠯᠠᠨ ᠬᠠᠮᠠᠭᠠᠯᠠᠬᠤ ᠠᠵᠢᠯᠲᠠᠨ 1830 | ᠬᠥᠮᠦᠨ ᠤᠳᠠᠭ᠎ᠠ᠂ 850 ᠰᠠᠤᠷᠢ ᠮᠠᠰᠢᠨ᠂ ᠲᠡᠭᠰᠢ ᠪᠤᠰᠤ ᠵᠠᠮ ᠤᠨ ᠭᠠᠳᠠᠷᠭᠤ ᠶᠢ 30000 ᠲᠡᠭᠰᠢ | ᠳᠥᠷᠪᠡᠯᠵᠢᠨ ᠮᠧᠲᠷ ᠮᠠᠯᠲᠠᠵᠤ᠂ ᠵᠠᠰᠠᠮᠠᠯ ᠵᠠᠮ ᠤᠨ ᠲᠠᠯᠠᠪᠠᠢ ᠶᠢ 5100 ᠪᠣᠰᠤᠭ᠎ᠠ ᠳᠥᠷᠪᠡᠯᠵᠢᠨ ᠮᠧᠲᠷ ᠴᠡᠪᠡᠷᠯᠡᠨ | ᠂ 560 ᠲᠡᠭᠰᠢ ᠳᠥᠷᠪᠡᠯᠵᠢᠨ ᠮᠧᠲᠷ ᠵᠠᠮ ᠤᠨ ᠭᠠᠳᠠᠷᠭᠤ ᠶᠢ ᠰᠡᠯᠪᠢᠨ ᠵᠠᠰᠠᠵᠤ᠂ 396 ᠺᠢᠯᠣᠮᠧᠲᠷ ᠵᠠᠮ ᠤᠨ | ᠭᠠᠳᠠᠷᠭᠤ ᠶᠢ ᠴᠡᠪᠡᠷᠯᠡᠨ ᠱᠦᠭᠦᠷᠳᠡᠵᠦ᠂ ᠣᠯᠠᠨ ᠵᠦᠢᠯ ᠤᠨ ᠴᠡᠭᠴᠡᠯᠡᠨ ᠵᠠᠰᠠᠬᠤ ᠠᠵᠢᠯ ᠢ ᠪᠡᠶᠡᠯᠡᠭᠦᠯᠪᠡ᠃ | | |