ᠯᠢᠦ ᡁᠢ ᠴᠢᠶᠠᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/9
     4 ᠰᠠᠷ᠎ᠠ ᠶᠢᠨ 23᠎ ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠯᠢᠦ ᡁᠢ ᠴᠢᠶᠠᠩ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠪᠥᠬᠦ ᠬᠤᠰᠢᠭᠤᠨ ᠤ ᠣᠶ ᠶᠢᠨ ᠳᠠᠷᠤᠭ᠎ᠠ ᠶᠢᠨ ᠲᠦᠷᠢᠮ ᠤᠨ ᠠᠵᠢᠯ ᠤᠨ ᠬᠤᠷᠠᠯ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠥᠬᠦ ᠣᠷᠣᠨ ᠤ ᠰᠢᠨ᠎ᠡ ᠪᠠᠷ ᠬᠥᠭᠵᠢᠭᠰᠡᠨ ᠬᠦᠷᠢᠶᠡᠨ ᠳᠠᠬᠢ ᠨᠠᠮ ᠤᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠰᠣᠶᠣᠯ ᠤᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ︾᠎ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠭᠤᠤᠯ ᠤᠷᠤᠰᠬᠠᠯ ᠤᠨ ᠦᠨ᠎ᠡ ᠥᠷᠲᠡᠭ᠂ ᠭᠤᠤᠯ ᠤᠷᠤᠰᠬᠠᠯ ᠤᠨ ᠶᠠᠷᠢᠶ᠎ᠠ ᠬᠡᠯᠡᠯᠴᠡᠭᠡ᠂ ᠭᠤᠤᠯ ᠤᠷᠤᠰᠬᠠᠯ ᠤᠨ ᠰᠣᠶᠣᠯ ᠢ ᠲᠠᠰᠤᠷᠠᠯᠲᠠ ᠥᠬᠡᠶ ᠬᠥᠭᠵᠢᠭᠦᠯᠦᠨ ᠪᠤᠵᠠᠭᠠᠶᠢᠷᠠᠭᠤᠯᠵᠤ᠂ ᠰᠢᠨ᠎ᠡ ᠴᠠᠭ ᠦᠶ᠎ᠡ ᠶᠢᠨ ᠠᠯᠠᠱᠠ ᠵᠡᠭᠦᠨ ᠬᠤᠰᠢᠭᠤᠨ ᠤ ᠥᠯᠢᠭᠡᠷ ᠢ ᠰᠠᠶᠢᠲᠤᠷ ᠪᠢᠴᠢᠭᠯᠡᠨ ᠤᠬᠠᠭᠤᠯᠤᠨ ᠲᠠᠶᠢᠯᠪᠤᠷᠢᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠪᠦᠬᠦ ᠣᠷᠣᠨ ᠤ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠰᠢᠨ᠎ᠡ ᠪᠠᠷ ᠮᠠᠨᠳᠤᠭᠰᠠᠨ ᠬᠦᠷᠢᠶᠡᠨ ᠤ ᠤᠷᠢᠶᠠᠯᠠᠬᠤ ᠬᠦᠴᠦᠨ᠂ ᠨᠢᠭᠲᠠᠷᠠᠯ ᠤᠨ ᠬᠦᠴᠦᠨ᠂ ᠨᠥᠯᠥᠭᠡᠯᠡᠬᠦ ᠬᠦᠴᠦᠨ ᠢ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠷᠬᠦᠴᠡ ᠪᠠ ᠠᠵᠢᠯ ᠤᠨ ᠪᠦᠷᠬᠦᠴᠡ ᠶᠢ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ ᠴᠢᠩᠭᠠᠳᠬᠠᠵᠤ᠂ ᠴᠠᠭᠠᠷᠠᠭᠰᠠᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠠ ᠨᠠᠮ ᠤᠨ ᠠᠵᠢᠯ ᠤᠨ ᠠᠵᠢᠯᠳᠠᠨ ᠤ ᠡᠩᠨᠡᠭᠡ ᠶᠢ ᠪᠠᠶᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢᠭᠰᠠᠭᠠᠯ ᠤᠨ ᠭᠠᠵᠠᠷ ᠢ ᠪᠠᠬᠢᠵᠢᠭᠦᠯᠵᠦ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠦᠬᠦ ᠬᠤᠰᠢᠭᠤᠨ ᠤ ᠤᠢ ᠰᠢᠭᠤᠢ ᠶᠢᠨ ᠳᠠᠷᠤᠭ᠎ᠠ ᠶᠢᠨ ᠳᠦᠷᠢᠮ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠱᠠᠲᠤᠨ ᠤ ᠤᠢ ᠰᠢᠭᠤᠢ ᠶᠢᠨ ᠳᠠᠷᠤᠭ᠎ᠠ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠤᠢ ᠰᠢᠭᠤᠢ᠂ ᠨᠤᠲᠤᠭ ᠪᠡᠯᠴᠢᠭᠡᠷ᠂ ᠭᠤᠣᠯ ᠮᠥᠷᠡᠨ ᠨᠠᠭᠤᠷ ᠴᠥᠭᠦᠷᠥᠮ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠠᠵᠢᠯ ᠤᠨ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠢ ᠰᠢᠭᠤᠢ ᠡᠪᠡᠰᠦ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠬᠠᠮᠠᠭᠠᠯᠠᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠠᠴᠠ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠤᠣᠯ ᠠᠴᠠ ᠡᠯᠡᠰᠦ ᠮᠠᠯᠲᠠᠬᠤ ᠠᠵᠢᠯᠯᠠᠭ᠎ᠠ ᠳᠤ ᠬᠢᠨᠠᠯᠲᠠ ᠲᠠᠯᠪᠢᠵᠤ ᠬᠠᠤᠯᠢ ᠶᠣᠰᠣᠭᠠᠷ ᠵᠢᠷᠤᠮᠵᠢᠭᠤᠯᠤᠨ᠂ ᠤᠰᠤᠨ ᠴᠥᠭᠦᠷᠥᠮ ᠤᠨ ᠠᠮᠤᠷ ᠲᠦᠪᠰᠢᠨ ᠤ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ ᠭᠡᠵᠤ ᠱᠠᠭᠠᠷᠳᠠᠪᠠ᠃    ᠬᠤᠷᠠᠯ ᠠᠴᠠ ︽5 · 1︾᠎ ᠤ ᠬᠥᠳᠡᠯᠮᠦᠷᠢᠴᠢᠳ ᠤᠨ ᠪᠠᠶᠠᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ᠂ ᠰᠣᠶᠣᠯ ᠵᠢᠭᠤᠯᠴᠢᠯᠠᠯ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠭᠰᠡᠨ ᠪᠥᠭᠡᠳ ᠪᠠᠰᠠ ᠪᠤᠰᠤᠳ ᠵᠦᠢᠯᠡᠰ ᠢ ᠰᠤᠳᠤᠯᠵᠠᠢ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号