ᠬᠤᠸᠠᠩ ᠶᠠ ᠯᠢ ᠠᠯᠠᠱᠠ ᠵᠡᠭᠦᠨ ᠬᠤᠰᠢᠭᠤᠨ ᠤ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠨ ᠲᠤᠬᠠᠶ ᠶᠢᠨ ᠲᠠᠯᠠᠪᠠᠶ ᠳᠤ ᠪᠠᠶᠢᠴᠠᠭᠠᠨ ᠰᠤᠳᠤᠯᠤᠯᠲᠠ ᠬᠢᠵᠦ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠥᠭᠪᠡ
ᠨᠡᠶᠢᠲᠡᠯᠡᠭᠰᠡᠨ ᠴᠠᠭ᠄
2025/5/9
   4 ᠰᠠᠷ᠎ᠠ ᠶᠢᠨ 23᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠤᠷᠢᠳ ᠬᠤᠵᠢᠳ ᠥᠪᠥᠷ ᠮᠣᠩᠭᠤᠯ ᠤᠨ ᠪᠠᠷᠠᠭᠤᠨ ᠬᠡᠰᠡᠭ ᠤᠨ ᠠᠭᠤᠷᠬᠠᠶ ᠶᠢᠨ ᠦᠢᠯᠡᠰ ᠪᠠ ᠠᠯᠠᠱᠠ ᠵᠡᠭᠦᠨ ᠬᠤᠰᠢᠭᠤᠨ ᠤ ᠵᠤᠯᠵᠠᠭ᠎ᠠ ᠰᠢᠵᠢᠷ ᠠᠯᠲᠠᠨ ᠤ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠠᠯᠠᠱᠠ ᠠᠶᠢᠮᠠᠭ ᠤᠨ ᠶᠦᠨ ᠳ᠋ᠡ ᠱᠧᠩ ᠨᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠬᠥᠮᠦᠨ ᠪᠠ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠲᠣᠰ ᠲᠣᠰ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠤᠬᠠᠶ ᠶᠢᠨ ᠲᠠᠯᠠᠪᠠᠶ ᠳᠤ ᠠᠵᠢᠯᠯᠠᠵᠤ ᠪᠠᠶᠢᠭᠠᠳ ᠠᠵᠤ ᠠᠬᠤᠶᠢᠯᠠᠯ ᠤᠨ ᠪᠣᠳᠠᠲᠠᠶ ᠬᠦᠴᠢᠷᠳᠡᠯ ᠢ ᠰᠢᠢᠳᠪᠦᠷᠢᠯᠡᠵᠦ ᠥᠭᠪᠡ᠃    ᠬᠤᠸᠠᠩ ᠶᠠ ᠯᠢ ᠥᠪᠥᠷ ᠮᠣᠩᠭᠤᠯ ᠤᠨ ᠰᠢ ᠶᠢᠨ ᠠᠭᠤᠷᠬᠠᠢ ᠶᠢᠨ ᠦᠢᠯᠡᠰ ᠪᠣᠯᠤᠨ ᠠᠯᠠᠱᠠ ᠵᠡᠭᠦᠨ ᠬᠤᠰᠢᠭᠤᠨ ᠤ ᠵᠤᠯᠵᠠᠭ᠎ᠠ ᠰᠢᠵᠢᠷ ᠠᠯᠲᠠ ᠶᠢ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠠᠵᠤ ᠠᠬᠤᠶᠢᠯᠠᠯ ᠤᠨ ᠪᠣᠳᠠᠲᠠᠢ ᠬᠦᠴᠢᠷᠳᠡᠯ ᠢ ᠰᠢᠢᠳᠪᠦᠷᠢᠯᠡᠵᠦ ᠥᠭᠴᠡᠢ᠃    ᠥᠪᠥᠷ ᠮᠣᠩᠭᠤᠯ ᠤᠨ ᠰᠢ ᠶᠢᠨ ᠠᠭᠤᠷᠬᠠᠢ ᠶᠢᠨ ᠦᠢᠯᠡᠰ ᠪᠣᠯᠤᠨ ᠠᠯᠠᠱᠠ ᠵᠡᠭᠦᠨ ᠬᠤᠰᠢᠭᠤᠨ ᠤ ᠵᠤᠯᠵᠠᠭ᠎ᠠ ᠰᠢᠵᠢᠷ ᠠᠯᠲᠠ ᠶᠢ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠬᠤᠸᠠᠩ ᠶᠠ ᠯᠢ ᠪᠠᠷᠢᠯᠭ᠎ᠠ ᠶᠢᠨ ᠠᠬᠢᠴᠠ ᠶᠢ ᠨᠠᠷᠢᠨ ᠪᠠᠶᠢᠴᠠᠭᠠᠨ ᠦᠵᠡᠵᠦ᠂ ᠲᠦᠷᠦᠯ ᠵᠦᠢᠯ ᠤᠨ ᠵᠢᠷᠤᠭ ᠲᠥᠯᠥᠪᠯᠡᠭᠡ᠂ ᠪᠦᠳᠦᠭᠡᠨ ᠪᠠᠶᠢᠭᠤᠯᠤᠯᠲᠠ ᠶᠢᠨ ᠲᠤᠬᠢᠷᠠᠭᠤᠯᠤᠯᠳᠠ ᠵᠡᠷᠭᠡ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠠᠢ᠃ ᠶᠠᠷᠢᠯᠴᠠᠬᠤ ᠬᠤᠷᠠᠯ ᠳᠡᠭᠡᠷ᠎ᠡ᠂ ᠠᠵᠤ ᠠᠬᠤᠶᠢᠯᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠭᠠᠵᠠᠷ ᠰᠢᠷᠣᠶ᠂ ᠭᠠᠷ ᠭᠦᠢᠴᠡᠳᠭᠡᠯ᠂ ᠪᠠᠯᠠ ᠮᠥᠩᠭᠦ᠂ ᠴᠠᠬᠢᠯᠭᠠᠨ ᠲᠣᠣᠷ᠂ ᠵᠠᠮ ᠬᠠᠷᠢᠯᠴᠠᠭ᠎ᠠ ᠵᠡᠷᠭᠡ ᠠᠰᠠᠭᠤᠳᠠᠯ ᠤᠨ ᠲᠠᠯ᠎ᠠ ᠪᠠᠷ᠂ ᠬᠤᠸᠠᠩ ᠶᠠ ᠯᠢ ︽ᠶᠠᠮᠠᠷ ᠠᠷᠭ᠎ᠠ ᠬᠡᠮᠵᠢᠶ᠎ᠡ ᠠᠪᠴᠤ᠂ ᠬᠡᠵᠢᠶ᠎ᠡ ᠪᠡᠶᠡᠯᠡᠭᠦᠯᠵᠦ᠂ ᠠᠵᠤ ᠠᠬᠤᠶᠢᠯᠠᠯ ᠬᠠᠨᠤᠮᠵᠢᠲᠠᠶ ᠪᠠᠶᠢᠬᠤ ᠡᠰᠡᠬᠦ︾᠎ ᠶᠢ ᠴᠢᠩᠭ᠎ᠠ ᠠᠩᠬᠠᠷᠴᠤ᠂ ᠬᠤᠯᠪᠣᠭᠳᠠᠯ ᠪᠥᠬᠦᠶ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠤ ᠨᠢᠭᠡᠳ ᠨᠢᠭᠡ ᠪᠠᠷ ᠬᠠᠷᠢᠭᠤᠯᠲᠠ ᠥᠭᠴᠦ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠠᠵᠤ ᠠᠬᠤᠶᠢᠯᠠᠯ ᠳᠤ ᠦᠢᠯᠡᠴᠢᠯᠡᠬᠦ ᠪᠣᠯ ᠳᠠᠷᠤᠶ ᠬᠥᠭᠵᠢᠯᠲᠡ ᠳᠤ ᠦᠢᠯᠡᠴᠢᠯᠡᠬᠦ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠰᠡᠳᠬᠢᠯ ᠳᠡᠯᠪᠢᠨ ᠬᠦᠴᠦ ᠣᠷᠣᠭᠤᠯᠤᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠂ ᠴᠢᠬᠤᠯᠠ ᠡᠯᠧᠮᠧᠨ᠋ᠲ ᠤᠨ ᠬᠠᠩᠭᠠᠯᠭ᠎ᠠ᠂ ᠭᠠᠷ ᠭᠦᠢᠴᠡᠳᠬᠡᠯ ᠢ ᠭᠦᠢᠴᠡᠳᠬᠡᠬᠦ᠂ ᠪᠡᠯᠡ ᠮᠥᠩᠭᠦ ᠴᠤᠭᠯᠠᠭᠤᠯᠬᠤ ᠵᠢᠭᠡᠯᠡᠯᠭᠡ ᠵᠡᠷᠭᠡ ᠲᠠᠯ᠎ᠠ ᠪᠠᠷ ᠴᠥᠮ ᠠᠷᠭ᠎ᠠ ᠪᠦᠬᠦᠨ ᠢ ᠰᠦᠪᠡᠭᠴᠢᠯᠡᠨ ᠠᠬᠢᠴᠠ ᠶᠢ ᠲᠦᠷᠭᠡᠳᠬᠡᠵᠦ᠂ ᠠᠵᠤ ᠠᠬᠤᠶᠢᠯᠠᠯ ᠤᠨ ᠵᠣᠭᠰᠣᠴᠠ ᠠᠴᠠ ᠠᠰᠠᠭᠤᠳᠠᠯ ᠢ ᠪᠣᠳᠣᠯᠬᠢᠯᠠᠨ᠂ ᠤᠴᠢᠷ ᠶᠠᠪᠤᠳᠠᠯ ᠢ ᠪᠦᠲᠦᠭᠡᠵᠦ᠂ ᠢᠯᠡᠭᠦᠬᠡᠨ ᠬᠢᠵᠦ ᠳᠡᠶᠢᠯᠬᠦ ᠶᠢ ᠨᠢ ᠢᠯᠡᠭᠦᠬᠡᠨ ᠬᠢᠵᠦ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ  ᠬᠢᠬᠦ ᠪᠠᠷ ᠪᠠᠷᠠᠬᠤ ᠦᠭᠡᠢ᠂  ᠪᠠᠰᠠ ᠬᠠᠷᠢᠯᠴᠠᠨ ᠬᠠᠮᠵᠢᠯᠴᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
   ᠠᠯᠠᠱᠠ ᠠᠶᠢᠮᠠᠭ ᠤᠨ ᠶᠦᠨ ᠳ᠋ᠠ ᠱᠧᠩ ᠨᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠳᠤ᠂ ᠬᠤᠸᠠᠩ ᠶᠠ ᠯᠢ ᠠᠵᠤ ᠠᠬᠤᠶᠢᠯᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠬᠥᠭᠵᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠠᠢ᠃   ᠷᠧᠨ ᠾᠧ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠬᠤᠸᠠᠩ ᠶᠠ ᠯᠢ ᠲᠤᠬᠠᠢ ᠶᠢᠨ ᠲᠠᠯᠠᠪᠠᠢ ᠳᠤ ᠦᠢᠯᠡᠳᠪᠦᠷᠢ ᠶᠢᠨ ᠲᠣᠭᠤᠷᠢᠭ ᠤᠨ ᠪᠦᠳᠦᠭᠡᠨ ᠪᠠᠶᠢᠭᠤᠯᠤᠯᠲᠠ᠂ ᠲᠤᠨᠤᠭ ᠲᠥᠬᠦᠭᠡᠷᠦᠮᠵᠢ ᠪᠣᠯᠤᠨ ᠦᠢᠯᠡᠳᠪᠦᠷᠢᠯᠡᠯ ᠤᠨ ᠤᠷ᠎ᠠ ᠮᠡᠷᠭᠡᠰᠢᠯ ᠵᠡᠷᠭᠡ ᠪᠠᠶᠢᠳᠠᠯ ᠢ ᠪᠠᠶᠢᠴᠠᠭᠠᠨ ᠦᠵᠡᠪᠡ᠃    ᠶᠦᠨ ᠳ᠋ᠠ ᠱᠧᠩ ᠨᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠷᠧᠨ ᠡᡁᠧ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠬᠠᠮᠤᠭ ᠤᠨ ᠡᠷᠲᠡ ᠠᠯᠠᠱᠠ ᠳᠤ ᠣᠷᠣᠵᠤ ᠢᠷᠡᠭᠰᠡᠨ ᠬᠤᠶᠠᠷ ᠲᠣᠨᠣᠭᠯᠠᠯ ᠦᠢᠯᠡᠳᠬᠦ ᠠᠵᠤ ᠠᠬᠤᠶᠢᠯᠠᠯ ᠪᠣᠯᠤᠨ᠎ᠠ᠂ ᠶᠠᠷᠢᠯᠴᠠᠬᠤ ᠬᠤᠷᠠᠯ ᠳᠡᠭᠡᠷ᠎ᠡ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠮᠵᠢᠶ᠎ᠡ ᠪᠠᠨ ᠨᠡᠮᠡᠭᠳᠡᠭᠦᠯᠬᠦ᠂ ᠵᠠᠬ᠎ᠠ ᠳᠡᠯᠭᠡᠭᠦᠷ ᠢᠶᠠᠨ ᠥᠷᠭᠡᠳᠬᠡᠬᠦ ᠵᠡᠷᠭᠡ ᠬᠡᠷᠡᠭᠴᠡᠭᠡ ᠱᠠᠭᠠᠷᠳᠠᠯᠭ᠎ᠠ ᠲᠠᠢ ᠶᠢ ᠣᠶᠢᠯᠭᠠᠭᠠᠳ  ᠂ ᠬᠤᠸᠠᠩ ᠶᠠ ᠯᠢ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠬᠢᠨ ᠢ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠡᠳᠬᠢᠯ ᠳᠡᠭᠡᠨ ᠪᠤᠳᠤᠵᠤ᠂ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠳᠤ ᠵᠠᠬᠢᠶᠠᠯᠠᠭ᠎ᠠ᠂ ᠵᠠᠬ᠎ᠠ ᠳᠡᠯᠭᠡᠭᠦᠷ ᠢ ᠡᠷᠢᠯᠬᠢᠯᠡᠵᠦ᠂ ᠪᠦᠬᠦ ᠠᠶᠢᠮᠠᠭ ᠤᠨ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠠᠵᠤ ᠠᠬᠤᠶᠢᠯᠠᠯ ᠤᠨ ᠢᠲᠡᠭᠡᠯ ᠵᠣᠷᠢᠭ ᠢᠶᠠᠨ ᠪᠠᠲᠤᠳᠬᠠᠵᠤ᠂ ᠦᠢᠯᠡᠳᠪᠦᠷᠢᠯᠡᠯ ᠢᠶᠠᠨ ᠲᠦᠷᠭᠡᠳᠬᠡᠨ ᠪᠦᠲᠦᠭᠡᠨ ᠪᠠᠶᠢᠭᠤᠯᠵᠤ᠂ ᠲᠣᠯᠣᠭᠠᠶᠢᠯᠠᠭᠴᠢ ᠬᠡᠯᠬᠢᠶ᠎ᠡ ᠶᠢᠨ ᠭᠤᠣᠯ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠵᠤ ᠨᠡᠩ ᠤᠯᠠᠨ ᠰᠢᠯᠢᠳᠡᠭ ᠠᠵᠤ ᠠᠬᠤᠶᠢᠯᠠᠯ᠂ ᠬᠤᠯᠪᠣᠭᠳᠠᠬᠤ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠡᠯ᠎ᠡ ᠡᠯᠧᠮᠧᠨ᠋ᠲ ᠢ ᠲᠥᠪᠯᠡᠷᠡᠭᠦᠯᠦᠨ ᠠᠰᠢᠭᠯᠠᠬᠤ ᠬᠡᠪᠴᠢᠶᠡᠵᠢᠭᠰᠡᠨ ᠦᠢᠯᠡᠳᠦᠯ ᠢ ᠪᠦᠷᠢᠯᠳᠦᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ ᠬᠡᠯᠬᠢᠶ᠎ᠡ ᠶᠢ ᠤᠷᠲᠤᠳᠬᠠᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠯᠢᠦ ᡁᠢ ᠴᠢᠶᠠᠩ᠂ ᠸᠧᠢ ᡁᠢ ᠭᠦᠸᠧ᠂ ᠪᠦᠦ ᠶᠧ ᠣᠷᠣᠯᠴᠠᠪᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号