| ᠵᠠᠰᠠᠭ ᠤᠨ ᠣᠷᠳᠣᠨ ᠤ ᠠᠵᠢᠯ ᠤᠨ ᠢᠯᠡ ᠲᠣᠳᠣ ᠶᠢᠨ ᠬᠡᠮᠵᠢᠶ᠎ᠡ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ | ᠵᠠᠰᠠᠭ ᠤᠨ ᠣᠷᠳᠣᠨ ᠤ ᠢᠲᠡᠭᠡᠭᠦᠯᠬᠦ ᠬᠦᠴᠦᠨ ᠢ ᠨᠡᠮᠡᠭᠳᠡᠭᠦᠯᠦᠨ᠂ ᠵᠠᠰᠠᠭ ᠠᠷᠠᠳ ᠤᠨ ᠬᠠᠷᠢᠯᠴᠠᠨ ᠬᠥᠳᠡᠯᠦᠯᠴᠡᠬᠦ ᠶᠢ | ᠭᠦᠨᠵᠡᠭᠡᠶᠢᠷᠡᠭᠦᠯᠦᠨ᠂ ᠢᠯᠡ ᠲᠣᠳᠣ᠂ ᠬᠠᠤᠯᠢ ᠪᠠᠷ ᠵᠠᠰᠠᠬᠤ ᠬᠡᠯᠪᠡᠷᠢ ᠶᠢᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠠᠬᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠬᠢᠷᠢ ᠲᠦᠪᠰᠢᠨ ᠢ | ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ | ᠢᠯᠡᠳᠬᠡᠬᠦ ᠡᠷᠬᠡ ᠪᠠ ᠬᠢᠨᠠᠯᠲᠠ ᠲᠠᠯᠪᠢᠬᠤ ᠡᠷᠬᠡ ᠶᠢ ᠦᠨᠡᠨᠬᠦ ᠪᠠᠲᠤᠯᠠᠬᠤ ᠶᠢᠨ ᠲᠥᠯᠥᠭᠡ᠂ 5 ᠰᠠᠷ᠎ᠠ ᠶᠢᠨ 15 ᠤ | ᠡᠳᠦᠷ᠂ ᠠᠯᠠᠱᠠ ᠵᠡᠭᠦᠨ ᠬᠤᠰᠢᠭᠤ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠭᠤᠤᠯ ᠰᠡᠳᠦᠪᠲᠦ | ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ᠂ ᠪᠡᠶᠡᠴᠢᠯᠡᠨ | ᠣᠶᠢᠯᠠᠭᠠᠬᠤ᠂ ᠬᠠᠷᠢᠯᠴᠠᠨ ᠠᠰᠠᠭᠤᠵᠤ ᠬᠠᠷᠢᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠵᠠᠰᠠᠭ ᠤᠨ ᠣᠷᠳᠣᠨ ᠤ | ᠨᠡᠭᠡᠭᠡᠯᠲᠡᠲᠦ ᠡᠳᠦᠷ ᠤᠨ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠣᠷᠣᠯᠴᠠᠬᠤ ᠲᠥᠷᠥᠭᠳᠡᠯ ᠪᠠ | ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠪᠡ᠃ | | 01ᠣᠯᠠᠨ ᠠᠷᠭ᠎ᠠ ᠵᠠᠮ ᠢᠶᠠᠷ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠡᠷᠴᠢᠮᠲᠡᠶ ᠶᠠᠪᠣᠭᠳᠠᠭᠤᠯᠪᠠ | ᠲᠥᠪᠯᠡᠷᠡᠭᠦᠯᠦᠨ ᠤᠬᠠᠭᠤᠯᠬᠤ ᠪᠠ ᠡᠳᠦᠷ ᠲᠤᠲᠤᠮ ᠤᠨ ᠤᠬᠠᠭᠤᠯᠭ᠎ᠠ ᠶᠢ ᠬᠠᠷᠢᠯᠴᠠᠨ ᠤᠶᠠᠯᠳᠤᠭᠤᠯᠬᠤ᠂ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠭ᠎ᠠ ᠶᠢ ᠬᠠᠷᠢᠯᠴᠠᠨ ᠤᠶᠠᠯᠳᠤᠭᠤᠯᠬᠤ᠂ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠬᠤ ᠯᠤᠭ᠎ᠠ ᠬᠠᠷᠢᠯᠴᠠᠨ | ᠤᠶᠠᠯᠳᠤᠭᠤᠯᠤᠭᠰᠠᠨ ᠣᠯᠠᠨ ᠲᠠᠯ᠎ᠠ ᠶᠢᠨ ᠤᠬᠠᠭᠤᠯᠭ᠎ᠠ ᠬᠥᠮᠦᠵᠢᠯ ᠤᠨ ᠲᠣᠭᠲᠠᠴᠠ ᠶᠢ ᠪᠠᠷᠢᠮᠲᠠᠯᠠᠪᠠ᠃ | ᠪᠠᠶᠠᠨᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠠᠶ ᠳᠤ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ | ᠲᠠᠷᠬᠠᠭᠠᠬᠤ᠂ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠶᠢᠨ ᠲᠠᠪᠴᠠᠩ᠂ ᠤᠬᠠᠭᠤᠯᠭ᠎ᠠ ᠶᠢᠨ ᠳᠡᠪᠲᠡᠷ᠂ | ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠵᠡᠷᠭᠡ ᠬᠡᠯᠪᠡᠷᠢ ᠪᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢᠨ | ᠯᠠᠪᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠲᠦᠮᠡᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠤᠨ ᠨᠠᠷᠢᠨ ᠲᠠᠩᠰᠠ᠂ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ᠂ ︽ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠲᠦᠷᠢᠮ︾᠂ ︽ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾ ᠵᠡᠷᠭᠡ ᠰᠠᠭᠤᠭᠠᠯᠢ ᠠᠷᠠᠳ ᠤᠨ | ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ᠂ ᠠᠷᠠᠳ ᠲᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠨᠠᠮ ᠤᠨ ᠡᠯ᠎ᠡ ᠵᠦᠢᠯ ᠤᠨ | ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠪᠠ᠃ | | 02 ᠰᠢᠭᠤᠳ ᠨᠡᠪᠳᠡᠷᠡᠭᠦᠯᠭᠡ ᠪᠠᠷ ᠲᠠᠮᠵᠢᠭᠤᠯᠣᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠬᠤᠷᠳᠣᠴᠠ ᠪᠠᠨ ᠲᠦᠷᠭᠡᠳᠭᠡᠪᠡ | ︽ᠲᠡᠮᠡᠭᠡ ᠵᠠᠰᠠᠭ ᠤᠨ ᠶᠠᠪᠤᠳᠠᠯ︾ ᠤᠨ ᠰᠢᠭᠤᠳ ᠨᠡᠪᠲᠡᠷᠡᠭᠦᠯᠭᠡ ᠶᠢᠨ ᠲᠠᠰᠤᠭ ᠲᠤ ᠲᠦᠰᠢᠭᠯᠡᠨ᠂ ︽ᠠᠷᠠᠳ | ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠵᠠᠪᠠᠯ ᠰᠢᠢᠳᠪᠦᠷᠢᠯᠡᠬᠦ︾ ᠪᠠᠷ ᠵᠣᠷᠢᠯᠲᠠ ᠪᠣᠯᠭᠠᠵᠤ᠂ ᠣᠯᠠᠨ ᠲᠦᠮᠡᠨ ᠤ | ᠠᠩᠬᠠᠷᠴᠤ ᠪᠠᠶᠢᠭ᠎ᠠ ᠲᠥᠷᠥ ᠶᠢᠨ ᠪᠣᠳᠣᠯᠭ᠎ᠠ ᠶᠢ ᠨᠡᠶᠢᠲᠡᠯᠡᠬᠦ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠵᠡᠷᠭᠡ | ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠭᠤᠳ ᠨᠡᠪᠲᠡᠷᠡᠭᠦᠯᠬᠦ ᠠᠭᠤᠯᠭ᠎ᠠ ᠶᠢ ᠲᠡᠷᠡ | ᠳᠠᠷᠤᠶ ᠳᠤᠨᠢ ᠵᠣᠬᠢᠶᠠᠨ ᠪᠠᠶᠢᠭᠤᠯᠤᠨ ᠤᠬᠠᠭᠠᠯᠠᠵᠤ᠂ ᠲᠥᠷᠥ ᠶᠢᠨ ᠪᠣᠳᠣᠯᠭ᠎ᠠ ᠶᠢᠨ ᠭᠤᠤᠯᠳᠠᠯᠭ᠎ᠠ ᠶᠢ ᠡᠮᠬᠢᠯᠡᠵᠤ᠂ | ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠤᠷᠢᠵᠤ ᠤᠬᠠᠭᠤᠯᠤᠨ ᠲᠠᠶᠢᠯᠪᠤᠷᠢᠯᠠᠪᠠ᠃ ᠠᠵᠢᠯᠯᠠᠭ᠎ᠠ ᠶᠢᠨ | ᠲᠤᠬᠠᠶ ᠶᠢᠨ ᠡᠳᠦᠷ᠂ ᠨᠡᠶᠢᠲᠡ 2 ᠤᠳᠠᠭ᠎ᠠ ᠨᠡᠪᠲᠡᠷᠡᠭᠦᠯᠵᠦ᠂ ᠰᠢᠭᠤᠳ ᠨᠡᠪᠲᠡᠷᠡᠭᠦᠯᠬᠦ ᠶᠠᠷᠢᠶᠠᠨ ᠤ ᠰᠡᠳᠦᠪ ᠢ | ᠨᠡᠪᠲᠡᠷᠡᠭᠦᠯᠦᠭᠰᠡᠨ ᠬᠡᠮᠵᠢᠶ᠎ᠡ 2 ᠲᠦᠮᠡᠨ ᠤᠳᠠᠭ᠎ᠠ ᠶᠢ ᠳᠠᠪᠠᠵᠤ᠂ ᠲᠤᠬᠠᠶ ᠶᠢᠨ ᠲᠠᠯᠠᠪᠤᠷ ᠤᠨ ᠰᠢᠭᠤᠳ | ᠨᠡᠪᠲᠡᠷᠡᠭᠦᠯᠭᠡ ᠶᠢᠨ ᠲᠠᠯᠠᠪᠠᠶ ᠶᠢᠨ ᠤᠬᠠᠭᠤᠯᠭ᠎ᠠ ᠶᠢᠨ ᠠᠵᠢᠯᠯᠠᠭ᠎ᠠ ᠳᠤ ᠠᠶᠢᠮᠠᠭ ᠬᠤᠲᠠ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠢᠨ ᠢ ᠰᠢᠭᠤᠳ | ᠨᠡᠪᠲᠡᠷᠡᠭᠦᠯᠭᠡ ᠶᠢᠨ ᠲᠠᠰᠤᠭ ᠲᠤ ᠤᠷᠢᠵᠤ᠂ ᠵᠠᠬ᠎ᠠ ᠳᠡᠯᠭᠡᠭᠦᠷ ᠤᠨ ᠡᠵᠡᠩᠨᠡᠯᠲᠡ᠂ ᠠᠵᠤ ᠠᠬᠤᠶᠢᠯᠠᠯ ᠤᠨ ᠨᠡᠭᠡᠭᠡᠨ | ᠡᠷᠭᠢᠯᠡᠬᠦ᠂ ᠰᠤᠷᠭᠠᠭᠤᠯᠢ ᠪᠣᠯᠣᠨ ᠴᠡᠴᠡᠷᠯᠢᠭ ᠲᠤ ᠣᠷᠣᠬᠤ ᠵᠡᠷᠭᠡ ᠣᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ | ᠥᠨᠳᠥᠷ ᠳᠠᠪᠲᠠᠮᠵᠢᠲᠤ ᠦᠢᠯᠡᠴᠢᠯᠡᠭᠡᠨ ᠤ ᠵᠦᠢᠯᠡᠰ ᠤᠨ ᠲᠣᠭᠤᠷᠢᠨ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ᠬᠢᠵᠦ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠣᠯᠠᠨ ᠲᠦᠮᠡᠨ ᠳᠤ ᠦᠨᠡᠨᠬᠦ ᠬᠦᠷᠳᠡᠭᠡᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠢ ᠥᠨᠳᠥᠷ ᠪᠦᠲᠦᠮᠵᠢᠲᠡᠶ ᠪᠠᠷ ᠠᠷᠠᠳ ᠲᠤ ᠬᠦᠷᠭᠡᠬᠦ ᠪᠠ ᠨᠠᠷᠢᠯᠢᠭ ᠣᠨᠣᠴᠠᠲᠠᠶ ᠪᠠᠷ | ᠨᠠᠶᠢᠳᠠᠪᠤᠷᠢᠵᠢᠭᠤᠯᠬᠤ ᠶᠢ ᠦᠨᠡᠨ ᠬᠦ ᠪᠡᠶᠡᠯᠡᠭᠦᠯᠪᠡ᠃ | | 03 ︽ᠰᠡᠳᠬᠢᠯ ᠤᠨ ᠬᠤᠯᠪᠤᠭᠠᠰᠤ︾ ᠶᠢᠨ ᠬᠠᠷᠢᠭᠤᠴᠠᠯᠭ᠎ᠠ ᠪᠠᠨ ᠡᠭᠦᠷᠭᠡᠯᠡᠬᠦ ᠬᠡᠷᠡᠭᠲᠡᠢ | ᠲᠥᠯᠥᠭᠡᠯᠡᠭᠴᠢ ᠭᠡᠰᠢᠭᠦᠳ ᠢ ᠤᠷᠢᠵᠤ ᠠᠵᠢᠯ ᠤᠨ ᠬᠠᠭᠤᠳᠠᠰᠤᠨ ᠳᠤ ᠭᠠᠷ ᠤᠨ ᠥᠰᠥᠭ ᠵᠢᠷᠤᠵᠤ ᠬᠤᠷᠢᠶᠠᠨ | ᠠᠪᠬᠤ᠂ ᠰᠢᠯᠵᠢᠭᠦᠯᠦᠨ ᠲᠣᠮᠢᠯᠠᠬᠤ᠂ ᠬᠠᠷᠢᠭᠤ ᠰᠤᠷᠪᠤᠯᠵᠢᠯᠠᠬᠤ ᠵᠡᠷᠭᠡ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠭᠤᠭᠴᠤᠭ᠎ᠠ ᠳᠤ ᠣᠷᠣᠯᠴᠠᠭᠤᠯᠵᠤ᠂ ᠬᠠᠮᠢᠶ᠎ᠠ ᠪᠦᠬᠦᠢ ᠳᠠᠭᠠᠭᠠᠨ ᠭᠦᠢᠴᠡᠳᠬᠡᠬᠦ ᠨᠢᠭᠡᠴᠡ ᠯᠦᠭᠡ | ᠬᠦᠴᠢᠷ ᠲᠦᠪᠡᠭᠲᠡᠢ ᠠᠵᠢᠯ ᠤᠨ ᠬᠠᠭᠤᠳᠠᠰᠤ ᠶᠢ ᠵᠥᠪᠳᠡᠯᠴᠡᠨ ᠰᠤᠳᠤᠯᠤᠨ ᠮᠠᠭᠠᠳᠯᠠᠵᠤ᠂ 12345 ᠬᠠᠯᠠᠮᠰᠢᠯ | ᠤᠲᠠᠰᠤ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃ | ᠲᠥᠯᠥᠭᠡᠯᠡᠭᠴᠢ ᠭᠡᠰᠢᠭᠦᠳ ᠨᠡᠶᠢᠲᠡ 20 ᠭᠠᠷᠤᠶ ᠬᠤᠪᠢ ᠠᠵᠢᠯ ᠤᠨ ᠬᠠᠭᠤᠳᠠᠰᠤ ᠶᠢ ᠰᠢᠯᠵᠢᠭᠦᠯᠦᠨ ᠲᠣᠮᠢᠯᠠᠵᠤ᠂ | ᠬᠠᠷᠢᠭᠤ ᠰᠤᠷᠪᠤᠯᠵᠢᠯᠠᠵᠤ᠂ 30 ᠭᠠᠷᠤᠶ ᠬᠤᠪᠢ ᠠᠵᠢᠯ ᠤᠨ ᠬᠠᠭᠤᠳᠠᠰᠤ ᠶᠢ ᠲᠠᠨᠢᠨ ᠠᠪᠴᠤ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ 12345 ᠬᠠᠯᠠᠮᠰᠢᠯ ᠤᠲᠠᠰᠤ ᠶᠢᠨ | ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠰᠠᠶᠢᠲᠤᠷ ᠦᠢᠯᠡᠴᠢᠯᠡᠬᠦ ᠶᠢ ᠠᠬᠢᠭᠤᠯᠪᠠ᠃ | | 04 ᠳᠡᠯᠭᠡᠷᠡᠭᠦᠯᠬᠦ ᠦᠢᠯᠡᠴᠢᠯᠡᠭᠡ ᠶᠢ ᠡᠷᠴᠢᠮᠲᠡᠢ ᠪᠦᠭᠡᠳ ᠭᠦᠨᠴᠡ ᠲᠠᠢ ᠬᠢᠬᠦ ᠬᠡᠷᠡᠭᠲᠡᠢ | ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠨ᠎ᠡ︾ ᠭᠡᠬᠦ ᠲᠥᠪᠯᠡᠷᠡᠭᠦᠯᠦᠨ ᠤᠬᠠᠭᠤᠯᠬᠤ | ᠠᠵᠢᠯᠯᠠᠭ᠎ᠠ ᠶᠢ ᠥᠷᠨᠢᠭᠦᠯᠪᠡ᠃ ᠮᠠᠲ᠋ᠧᠷᠢᠶᠠᠯ ᠲᠠᠷᠬᠠᠭᠠᠬᠤ᠂ ᠳᠡᠯᠭᠡᠴᠡ ᠪᠠᠷ ᠳᠡᠯᠭᠡᠨ ᠨᠡᠪᠲᠡᠷᠡᠭᠦᠯᠬᠦ᠂ ᠲᠤᠬᠠᠶ ᠶᠢᠨ | ᠲᠠᠯᠠᠪᠤᠷ ᠲᠤ ᠮᠠᠳᠠᠭ ᠲᠠᠢ ᠠᠰᠠᠭᠤᠳᠠᠯ ᠢ ᠬᠠᠷᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ | ᠠᠬᠤᠶᠢᠯᠠᠯ ᠢ ᠬᠦᠴᠦᠨ ᠥᠬᠡᠶ ᠪᠣᠯᠭᠠᠬᠤ᠂ ᠨᠢᠷᠠᠶ ᠬᠡᠤᠬᠡᠳ ᠤᠨ ᠲᠥᠷᠬᠦ᠂ ᠰᠢᠨ᠎ᠡ ᠪᠠᠷ ᠲᠥᠷᠥᠭᠰᠡᠨ ᠬᠡᠤᠬᠡᠳ ᠢ | ᠰᠤᠷᠭᠠᠭᠤᠯᠢ ᠳᠤ ᠣᠷᠣᠭᠤᠯᠬᠤ᠂ ᠠᠮᠢᠳᠤᠯᠢᠭ ᠢᠶᠠᠷ ᠠᠵᠢᠯ ᠣᠯᠭᠤᠬᠤ ᠵᠡᠷᠭᠡ ᠥᠨᠳᠥᠷ ᠳᠠᠪᠲᠠᠮᠵᠢᠲᠤ ᠵᠦᠢᠯᠡᠰ ᠢ | ᠭᠦᠢᠴᠡᠳᠭᠡᠬᠦ ᠴᠤᠪᠤᠷᠠᠯ᠂ ᠮᠠᠲ᠋ᠧᠷᠢᠶᠠᠯ ᠪᠠ ᠴᠠᠭ ᠤᠨ ᠬᠢᠵᠠᠭᠠᠷ ᠢ ᠭᠤᠤᠯᠳᠠᠯᠭ᠎ᠠ ᠲᠠᠢ ᠳᠡᠯᠭᠡᠷᠡᠭᠦᠯᠬᠦ ᠶᠢᠨ ᠬᠠᠮᠲᠤ᠂ | ᠨᠢᠭᠡ ᠨᠢᠭᠡ ᠪᠠᠷ ᠵᠢᠯᠣᠭᠤᠳᠬᠤ ᠦᠢᠯᠡᠴᠢᠯᠡᠭᠡ ᠬᠠᠩᠭᠠᠵᠤ᠂ ᠬᠡᠰᠡᠭ ᠵᠦᠢᠯᠡᠰ ᠢ ︽ᠲᠤᠬᠠᠶ ᠶᠢᠨ ᠲᠠᠯᠠᠪᠤᠷ ᠲᠤ | ᠭᠦᠢᠴᠡᠳᠭᠡᠬᠦ︾ ᠶᠢ ᠪᠡᠶᠡᠯᠡᠭᠦᠯᠪᠡ᠃ ᠲᠣᠰ ᠤᠳᠠᠭᠠᠨ ᠤ ᠠᠵᠢᠯᠯᠠᠭ᠎ᠠ ᠳᠤ ᠤᠬᠠᠭᠤᠯᠭ᠎ᠠ ᠶᠢᠨ ᠮᠠᠲ᠋ᠧᠷᠢᠶᠠᠯ ᠢ 110 | ᠭᠠᠷᠤᠶ ᠬᠤᠪᠢ ᠲᠠᠷᠬᠠᠭᠠᠵᠤ᠂ ᠣᠯᠠᠨ ᠲᠦᠮᠡᠨ ᠤ ᠠᠰᠠᠭᠤᠳᠠᠯ ᠢ 130 ᠭᠠᠷᠤᠶ ᠬᠥᠮᠦᠨ ᠤᠳᠠᠭ᠎ᠠ ᠬᠠᠷᠢᠭᠤᠯᠵᠤ᠂ | ︽ᠦᠢᠯᠡᠴᠢᠯᠡᠭᠡ ᠬᠦᠯᠢᠶᠡᠬᠦ︾ ᠶᠢ ︽ᠦᠢᠯᠡᠴᠢᠯᠡᠭᠡ ᠬᠦᠷᠭᠡᠬᠦ︾ ᠪᠣᠯᠭᠠᠨ ᠬᠤᠪᠢᠷᠠᠭᠤᠯᠵᠤ᠂ ︽ᠥᠨᠳᠥᠷ | ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠳᠥᠯᠭᠢᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠣᠯᠠᠨ | ᠲᠦᠮᠡᠨ ᠤ ᠠᠵᠢᠯ ᠶᠠᠪᠤᠳᠠᠯ ᠭᠦᠢᠴᠡᠳᠭᠡᠬᠦ ᠲᠥᠷᠥᠭᠳᠡᠯ ᠢ ᠳᠡᠭᠡᠭᠰᠢᠯᠡᠭᠦᠯᠪᠡ᠃ | | 05 ᠨᠢᠭᠤᠷᠳᠠᠨ ᠶᠠᠷᠢᠯᠴᠠᠵᠤ ᠬᠠᠷᠢᠯᠴᠠᠨ ᠬᠥᠳᠡᠯᠦᠯᠴᠡᠬᠦ ᠲᠣᠭᠳᠠᠯᠴᠠᠭ᠎ᠠ ᠶᠢ ᠪᠣᠢ ᠪᠣᠯᠭᠠᠪᠠ | ᠵᠠᠰᠠᠭ ᠤᠨ ᠶᠠᠪᠤᠳᠠᠯ ᠢ ᠢᠯᠡ ᠪᠣᠯᠭᠠᠬᠤ ᠡᠳᠦᠷ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ ᠪᠠᠶᠠᠨᠬᠤᠳᠠ ᠪᠠᠯᠭᠠᠰᠤ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠯᠪᠠᠨ ᠭᠡᠷ᠂ | ᠨᠡᠶᠢᠭᠡᠮ ᠲᠣᠭᠤᠷᠢᠭ᠂ ᠠᠵᠤ ᠠᠬᠤᠶᠢᠯᠠᠯ ᠤᠨ ᠲᠥᠯᠥᠭᠡᠯᠡᠭᠴᠢ ᠶᠢ ᠤᠷᠢᠵᠤ ᠣᠷᠣᠯᠴᠠᠭᠤᠯᠪᠠ᠃ ᠡᠯ᠎ᠡ ᠰᠠᠯᠠᠭ᠎ᠠ | ᠮᠥᠴᠢᠷ ᠤᠳ ᠠᠵᠤ ᠠᠬᠤᠶᠢᠯᠠᠯ ᠨᠡᠭᠡᠭᠡᠨ ᠡᠷᠭᠢᠯᠡᠬᠦ᠂ ᠨᠡᠶᠢᠭᠡᠮ ᠤᠨ ᠪᠠᠲᠤᠯᠠᠭ᠎ᠠ ᠡᠮ ᠡᠮᠨᠡᠯᠭᠡ ᠶᠢᠨ ᠳᠠᠭᠠᠳᠬᠠᠯ᠂ | ᠢᠨᠵᠧᠨᠧᠷᠢᠩ ᠢ ᠬᠢᠨᠠᠨ ᠵᠥᠪᠰᠢᠶᠡᠷᠡᠬᠦ ᠵᠡᠷᠭᠡ ᠥᠨᠳᠥᠷ ᠳᠠᠪᠲᠠᠮᠵᠢᠲᠤ ᠵᠦᠢᠯᠡᠰ ᠤᠨ ᠲᠣᠭᠤᠷᠢᠨ ᠳᠤ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠬᠢᠬᠦ ᠶᠢᠨ ᠬᠠᠮᠲᠤ ᠲᠤᠬᠠᠶ ᠶᠢᠨ ᠲᠠᠯᠠᠪᠠᠶ ᠳᠤ ᠠᠵᠤ ᠠᠬᠤᠶᠢᠯᠠᠯ ᠪᠠ ᠨᠡᠶᠢᠭᠡᠮ | ᠲᠣᠭᠤᠷᠢᠭ ᠤᠨ ᠳᠤᠷᠠᠳᠤᠭᠰᠠᠨ ᠠᠰᠠᠭᠤᠳᠠᠯ ᠳᠤ ᠬᠠᠷᠢᠭᠤᠯᠲᠠ ᠥᠭᠪᠡ᠃ ᠨᠢᠭᠤᠷᠲᠠᠨ ᠰᠣᠯᠢᠯᠴᠠᠬᠤ ᠪᠠᠷ | ᠳᠠᠮᠵᠢᠭᠤᠯᠤᠨ᠂ ᠵᠠᠰᠠᠭ ᠠᠵᠤ ᠠᠬᠤᠶᠢᠯᠠᠯ᠂ ᠵᠠᠰᠠᠭ ᠠᠷᠠᠳ ᠨᠡᠪᠲᠡᠷᠡᠯᠴᠡᠬᠦ ᠠᠷᠭ᠎ᠠ ᠵᠠᠮ ᠢ ᠤᠯᠠᠮ ᠴᠢᠨᠠᠭᠰᠢᠳᠠ | ᠰᠢᠯᠤᠭᠤᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠭᠦᠨᠵᠡᠭᠡᠶ | ᠠᠭᠤᠰᠤᠯᠴᠠᠯ ᠢ ᠳᠥᠯᠭᠢᠨ ᠠᠬᠢᠭᠤᠯᠪᠠ᠃ | ᠲᠠᠷᠠᠭᠠᠴᠢ ᠶᠢᠨ ᠠᠯᠬᠤᠮ ᠳᠤ᠂ ᠠᠯᠠᠱᠠ ᠵᠡᠭᠦᠨ ᠬᠤᠰᠢᠭᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ︽ᠵᠢᠷᠭᠤᠭᠠᠨ ᠠᠵᠢᠯᠯᠠᠭ᠎ᠠ︾ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠵᠠᠰᠠᠭ ᠤᠨ ᠶᠠᠪᠤᠳᠠᠯ ᠢ ᠢᠯᠡ ᠪᠣᠯᠭᠠᠬᠤ ᠭᠤᠤᠯ ᠰᠡᠳᠦᠪᠲᠦ ᠡᠳᠦᠷ︾ | ᠤᠨ ᠠᠯᠢ ᠣᠯᠠᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠰᠠᠭ ᠤᠨ ᠣᠷᠳᠣᠨ ᠬᠢᠭᠡᠳ ᠠᠵᠤ | ᠠᠬᠤᠶᠢᠯᠠᠯ᠂ ᠣᠯᠠᠨ ᠲᠦᠮᠡᠨ ᠤ ᠬᠤᠭᠤᠷᠣᠨᠳᠣᠬᠢ ᠵᠠᠶ ᠶᠢ ᠤᠯᠠᠮ ᠴᠢᠨᠠᠭᠰᠢᠳᠠ ᠣᠶᠢᠷᠠᠲᠤᠭᠤᠯᠵᠤ᠂ ᠨᠡᠪᠲᠡᠷᠡᠯᠴᠡᠬᠦ | ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠦᠨ᠎ᠡ ᠥᠷᠲᠡᠭ᠂ | ᠬᠠᠮᠤᠷᠬᠤ ᠬᠡᠪᠴᠢᠶ᠎ᠡ ᠪᠠ ᠣᠷᠣᠯᠴᠠᠬᠤ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | | | | | |