ᠠᠯᠠᠱᠠ ᠵᠡᠭᠦᠨ ᠬᠤᠰᠢᠭᠤ ᠵᠡᠮᠳᠡᠭᠴᠦᠳ ᠢ ᠲᠤᠰᠠᠯᠠᠬᠤ ᠡᠳᠦᠷ ᠤᠨ ᠰᠢᠷᠢᠰ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2025/6/12
   5 ᠰᠠᠷ᠎ᠠ ᠶᠢᠨ 13 ᠤ ᠡᠳᠦᠷ᠂ ᠠᠯᠠᠱᠠ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠠᠯᠠᠱᠠ ᠵᠡᠭᠦᠨ ᠬᠤᠰᠢᠭᠤᠨ ᠤ 35 ᠳ᠋ᠤᠭᠠᠷ ᠤᠳᠠᠭᠠᠨ ᠤ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠰᠢᠷᠢᠰ ᠠᠵᠢᠯᠯᠠᠭ᠎ᠠ ᠶᠢ ᠡᠬᠢᠯᠡᠭᠦᠯᠵᠦ᠂ 80 ᠭᠠᠷᠤᠶ ᠵᠡᠮᠳᠡᠭᠴᠦᠳ ᠵᠢᠴᠢ ᠰᠠᠶᠢᠨ ᠳᠤᠷ᠎ᠠ ᠶᠢᠨ ᠦᠢᠯᠡᠴᠢᠯᠡᠭᠴᠢᠳ ᠲᠣᠰ ᠤᠳᠠᠭᠠᠨ ᠤ  ᠠᠵᠢᠯᠯᠠᠭᠠᠨ ᠳᠤ ᠣᠷᠣᠯᠴᠠᠪᠠ᠃
   ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠵᠡᠮᠳᠡᠭᠴᠦᠳ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠬᠠᠪᠰᠤᠷᠤᠯᠭ᠎ᠠ ᠪᠠ ᠵᠢᠭᠠᠨ ᠵᠢᠯᠣᠭᠤᠳᠣᠯᠭ᠎ᠠ ᠳᠣᠤᠷ᠎ᠠ᠂ ᠥᠩᠭᠡ ᠢᠯᠭᠠᠷᠠᠭᠰᠠᠨ ᠴᠠᠭᠠᠰᠤᠨ ᠰᠢᠪᠠᠭᠤ ᠨᠢᠰᠭᠡᠪᠡ᠃ ᠤᠯᠠᠨ ᠵᠦᠢᠯ ᠤᠨ ᠰᠣᠨᠢᠷᠬᠠᠯᠲᠠᠶ ᠬᠥᠳᠡᠯᠭᠡᠭᠡᠨ ᠢ ᠳᠤᠭᠤᠶᠢᠯᠠᠩ ᠬᠤᠪᠢᠶᠠᠨ ᠥᠷᠨᠢᠭᠦᠯᠵᠦ᠂ ᠪᠦᠯᠬᠦᠮ ᠨᠡᠶᠢᠲᠡ ᠶᠢᠨ ᠬᠠᠮᠵᠢᠯᠴᠠᠭ᠎ᠠ ᠪᠠ ᠥᠷᠢᠰᠥᠯᠳᠦᠭᠡᠨ ᠤ ᠵᠣᠷᠢᠭ ᠰᠠᠨᠠᠭ᠎ᠠ ᠶᠢ ᠬᠥᠭᠵᠢᠭᠡᠪᠡ᠃       ᠵᠡᠮᠳᠡᠭᠴᠦᠳ ᠤᠨ ᠠᠵᠢᠯ ᠤᠯᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠠᠵᠢᠯᠯᠠᠭᠠᠨ ᠳᠤ ᠮᠠᠯ ᠮᠠᠯᠯᠠᠬᠤ ᠪᠠ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠣᠨᠣᠯ ᠤᠨ ᠪᠣᠯᠪᠠᠰᠤᠷᠠᠯ ᠢ ᠵᠡᠷᠭᠡ ᠪᠠᠷ ᠥᠷᠨᠢᠭᠦᠯᠪᠡ᠃ ᠮᠠᠯ ᠮᠠᠯᠯᠠᠬᠤ ᠪᠠ  ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠣᠨᠣᠯ ᠤᠨ ᠬᠢᠴᠢᠶᠡᠯ ᠤᠨ ᠲᠠᠩᠬᠢᠮ ᠳᠤ᠂ ᠠᠯᠠᠱᠠ ᠵᠡᠭᠦᠨ ᠬᠤᠰᠢᠭᠤᠨ ᠤ ᠬᠡᠷ ᠤᠨ ᠲᠡᠵᠢᠭᠡᠪᠦᠷᠢ ᠶᠢᠨ ᠡᠭᠦᠯᠳᠡᠷ ᠢ ᠰᠠᠶᠢᠵᠢᠷᠠᠭᠤᠯᠬᠤ ᠠᠵᠢᠯ ᠤᠨ ᠥᠷᠲᠡᠭᠡ ᠶᠢᠨ ᠲᠤᠰᠬᠠᠶ ᠮᠡᠷᠭᠡᠵᠢᠯᠲᠡᠨ ᠢᠰᠢᠭᠡ ᠬᠤᠷᠠᠭᠠᠨ ᠳᠤ ᠪᠠᠶᠢᠩᠭᠤ ᠲᠣᠬᠢᠶᠠᠯᠳᠤᠬᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠬᠠᠰᠢᠶ᠎ᠠ ᠰᠠᠷᠠᠪᠴᠢ ᠶᠢ ᠠᠷᠢᠭᠤᠳᠬᠠᠬᠤ ᠮᠡᠷᠭᠡᠵᠢᠯ ᠵᠡᠷᠭᠡ ᠠᠭᠤᠯᠭ᠎ᠠ ᠶᠢᠨ ᠲᠣᠭᠤᠷᠢᠨ ᠳᠤ ᠲᠠᠶᠢᠯᠤᠮᠵᠢ ᠬᠢᠪᠠ᠃
       ᠲᠣᠰ ᠤᠳᠠᠭᠠᠨ ᠤ ᠵᠡᠮᠳᠡᠭᠴᠦᠳ ᠢ ᠲᠤᠰᠠᠯᠠᠬᠤ ᠡᠳᠦᠷ ᠤᠨ ᠰᠢᠷᠢᠰ ᠠᠵᠢᠯᠯᠠᠭ᠎ᠠ ᠨᠢ ᠵᠡᠮᠳᠡᠭᠴᠦᠳ ᠤᠨ ᠬᠤᠪᠢ ᠶᠢᠨ ᠥᠷᠲᠡᠭ ᠢ ᠨᠤᠲᠠᠯᠠᠭᠰᠠᠨ ᠮᠥᠷᠲᠡᠭᠡᠨ ᠠᠯᠠᠱᠠ ᠵᠡᠭᠦᠨ ᠬᠤᠰᠢᠭᠤᠨ ᠤ ᠪᠠᠭᠲᠠᠭᠠᠮᠵᠢᠲᠤ ᠨᠡᠶᠢᠭᠡᠮ ᠢ ᠪᠠᠶᠢᠭᠤᠯᠤᠭᠰᠠᠨ ᠠᠮᠢᠳᠤᠯᠢᠭ ᠦᠢᠯᠡᠳᠦᠯᠭᠡ ᠪᠣᠯᠤᠨ᠎ᠠ᠃ ᠡᠯ᠎ᠡ ᠵᠦᠢᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠳᠠᠭᠠᠯᠳᠤᠨ᠂ ᠤᠯᠠᠮ ᠠᠴᠠ ᠤᠯᠠᠮ ᠣᠯᠠᠨ ᠵᠡᠮᠳᠡᠭᠴᠦᠳ ᠢᠳᠡᠪᠬᠢᠲᠡᠶ ᠳᠦᠷᠰᠦ ᠪᠠᠶᠢᠳᠠᠯ ᠢᠶᠠᠷ ᠨᠡᠶᠢᠭᠡᠮ ᠳᠤ ᠠᠭᠤᠰᠤᠯᠴᠠᠵᠤ᠂ ︽ᠬᠥᠮᠦᠨ ᠤ ᠠᠮᠢᠳᠤᠷᠠᠯ ᠤᠨ ᠤᠷᠤᠯᠳᠤᠭᠠᠨ ᠤ ᠵᠠᠮ︾ ᠳᠡᠭᠡᠷ᠎ᠡ ᠥᠪᠡᠷ ᠤᠨ ᠪᠡᠶ᠎ᠡ ᠳᠡᠭᠡᠨ ᠬᠠᠷᠢᠶᠠᠯᠠᠭᠳᠠᠬᠤ ᠭᠤᠶᠢᠳᠠ ᠰᠠᠶᠢᠬᠠᠨ ᠬᠠᠭᠤᠳᠠᠰᠤ ᠶᠢ ᠪᠢᠴᠢᠭᠯᠡᠪᠡ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号