ᠲᠥᠪ ᠠᠴᠠ ᠥᠪᠥᠷ ᠮᠣᠩᠭᠤᠯ ᠤᠨ ᠠᠯᠠᠱᠠ ᠠᠭᠤᠯᠠᠨ ᠤ ᠤᠯᠤᠰ ᠤᠨ ᠴᠡᠴᠡᠷᠯᠢᠭ ᠤᠨ ᠲᠥᠷᠥᠯ ᠵᠦᠢᠯ ᠳᠤ 1259 ᠲᠦᠮᠡᠨ ᠲᠦᠭᠦᠷᠢᠭ ᠤᠨ ᠪᠠᠯᠠ ᠮᠥᠩᠭᠦ ᠶᠢᠨ ᠳᠡᠮᠵᠢᠯᠭᠡ ᠣᠯᠭᠤᠪᠠ
ᠨᠡᠶᠢᠲᠡᠯᠡᠭᠰᠡᠨ ᠴᠠᠭ᠄
2025/6/12
     ᠣᠶᠢᠷ᠎ᠠ ᠳᠤ᠂ ᠠᠯᠠᠱᠠ ᠵᠡᠭᠦᠨ ᠬᠤᠰᠢᠭᠤ 2025 ᠣᠨ ᠤ ᠠᠩᠬᠠᠳᠠᠭᠴᠢ ᠪᠦᠯᠦᠭ ᠠᠮᠢ ᠠᠬᠤᠶ ᠶᠢ ᠬᠠᠮᠠᠭᠠᠯᠠᠨ ᠰᠡᠷᠭᠦᠭᠡᠬᠦ ᠲᠤᠰᠬᠠᠶ ᠲᠥᠷᠥᠯ ᠤᠨ ᠲᠥᠪ ᠤᠨ ᠲᠥᠰᠦᠪ ᠤᠨ ᠳᠣᠲᠣᠷᠠᠬᠢ ᠪᠠᠯᠠ ᠮᠥᠩᠭᠦ ᠶᠢ 1259 ᠲᠦᠮᠡᠨ ᠲᠥᠭᠦᠷᠢᠭ ᠣᠯᠵᠤ᠂ ᠲᠣᠰ ᠪᠡᠯᠡ ᠮᠥᠩᠭᠦ ᠶᠢ ᠥᠪᠥᠷ ᠮᠣᠩᠭᠤᠯ ᠤᠨ ᠠᠯᠠᠱᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠤᠯᠤᠰ ᠤᠨ ᠴᠡᠴᠡᠷᠯᠢᠭ ᠤᠨ ᠰᠠᠭᠤᠷᠢ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠳᠤ ᠬᠡᠷᠡᠭᠯᠡᠵᠦ᠂ ᠬᠠᠮᠠᠭᠠᠯᠠᠯᠲᠠ ᠶᠢᠨ ᠣᠷᠣᠨ ᠤ ᠶᠡᠷᠦᠩᠬᠡᠶᠢᠯᠡᠭᠰᠡᠨ ᠬᠠᠮᠢᠶᠠᠷᠤᠯᠲᠠ ᠪᠠ ᠡᠬᠢ ᠪᠠᠶᠠᠯᠢᠭ ᠢ ᠬᠠᠮᠠᠭᠠᠯᠠᠬᠤ ᠴᠢᠳᠠᠪᠤᠷᠢ ᠶᠢ ᠪᠥᠬᠦ ᠲᠠᠯ᠎ᠠ ᠪᠠᠷ ᠰᠢᠯᠢᠳᠡᠭᠵᠢᠭᠦᠯᠦᠨ᠎ᠡ᠃
     ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠠᠯᠠᠱᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠤᠯᠤᠰ ᠤᠨ ᠴᠡᠴᠡᠷᠯᠢᠭ ᠤᠨ ᠰᠠᠭᠤᠷᠢ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠳᠤ ᠬᠠᠮᠢᠶᠠᠷᠤᠨ ᠬᠠᠮᠠᠭᠠᠯᠠᠬᠤ ᠥᠷᠲᠡᠭᠡ ᠴᠡᠭ ᠤᠨ ᠪᠥᠲᠥᠭᠡᠨ ᠪᠠᠶᠢᠭᠤᠯᠤᠯᠲᠠ᠂ ᠡᠬᠢ ᠪᠠᠶᠠᠯᠢᠭ ᠢ ᠬᠢᠨᠠᠨ ᠬᠡᠮᠵᠢᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠬᠠᠮᠠᠭᠠᠯᠠᠨ ᠬᠠᠮᠢᠶᠠᠷᠬᠤ ᠰᠠᠭᠤᠷᠢ ᠪᠥᠲᠥᠭᠡᠨ ᠪᠠᠶᠢᠭᠤᠯᠤᠯᠲᠠ ᠵᠢᠴᠢ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠥᠷᠲᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠪᠠᠭᠲᠠᠨ᠎ᠠ᠃ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠠᠯᠠᠱᠠ ᠠᠭᠤᠯᠠᠨ ᠤ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤᠷᠭᠤᠮᠠᠯ ᠤᠨ ᠳᠦᠷᠰᠦ ᠶᠢ ᠰᠢᠰᠲ᠋ᠧᠮ ᠲᠠᠢ ᠰᠠᠶᠢᠵᠢᠷᠠᠭᠤᠯᠵᠤ᠂ ᠤᠯᠤᠰ ᠤᠨ ᠲᠠᠰ ᠤᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠨ ᠬᠠᠮᠠᠭᠠᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠭᠤᠤᠯᠳᠠᠯᠭ᠎ᠠ ᠲᠠᠢ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠲᠦᠷᠭᠡᠨ ᠬᠤᠪᠢᠷᠠᠭᠤᠯᠬᠤ ᠶᠢ ᠠᠬᠢᠭᠤᠯᠵᠤ᠂ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠠᠮᠢ ᠠᠬᠤᠶ ᠶᠢᠨ ᠬᠠᠯᠬᠠᠪᠴᠢ ᠶᠢ ᠪᠠᠲᠤ ᠪᠠᠬᠢ ᠴᠣᠭᠴᠠᠯᠠᠬᠤ ᠪᠣᠯᠣᠨ᠎ᠠ᠃    ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠶᠠᠰᠤ ᠴᠢᠨᠠᠷ ᠤᠨ ᠬᠠᠮᠢᠶᠠᠷᠤᠨ ᠡᠵᠡᠮᠳᠡᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠴᠢᠩᠭ᠎ᠠ ᠡᠵᠡᠮᠳᠡᠵᠦ᠂ ᠪᠠᠯᠠ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠪᠠᠯᠠ ᠣᠷᠣᠭᠤᠯᠤᠯᠲᠠ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠵᠦ᠂ ᠲᠥᠷᠥᠯ ᠵᠦᠢᠯ ᠤᠨ ᠤᠷᠤᠭᠰᠢᠲᠠᠶ ᠠᠭᠢᠬᠤ ᠶᠢ ᠦᠨᠡᠨ ᠬᠦ ᠪᠠᠲᠤᠯᠠᠵᠤ᠂ ᠪᠠᠯᠠ ᠮᠥᠩᠭᠦ ᠶᠢᠨ ᠠᠮᠢ ᠠᠬᠤᠶ ᠶᠢᠨ ᠦᠷ᠎ᠡ ᠠᠰᠢᠭ ᠬᠢᠭᠡᠳ ᠨᠡᠶᠢᠭᠡᠮ ᠤᠨ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ ᠭᠡᠵᠤ ᠢᠯᠡᠷᠬᠡᠶᠢᠯᠡᠪᠡ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号