ᠪᠠᠭᠠᠨ᠎ᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/6/12
   5 ᠰᠠᠷ᠎ᠠ ᠶᠢᠨ 18 ᠤ ᠡᠳᠦᠷ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠠᠭᠠᠨ᠎ᠠ ᠬᠡᠰᠡᠭ ᠰᠤᠷᠭᠠᠭᠤᠯᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠬᠠᠲᠠᠭᠤ ᠬᠡᠷᠡᠭᠰᠡᠯ ᠤᠨ ᠰᠢᠪᠲᠤᠯᠤᠯᠲᠠ ᠶᠢᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠮᠳᠠᠭᠤᠯᠤᠨ ᠵᠢᠯᠣᠭᠤᠳᠪᠠ᠃    ᠪᠠᠭᠠᠨ᠎ᠠ ᠤᠷᠢᠳ ᠬᠤᠵᠢᠳ ᠠᠯᠠᠱᠠ ᠵᠡᠭᠦᠨ ᠬᠤᠰᠢᠭᠤᠨ ᠤ ᠬᠤᠶᠠᠳᠤᠭᠠᠷ ᠲᠤᠷᠰᠢᠯᠲᠠ ᠶᠢᠨ ᠪᠠᠭ᠎ᠠ ᠰᠤᠷᠭᠠᠭᠤᠯᠢ ᠂ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ᠂ ᠲᠠᠪᠤᠳᠤᠭᠠᠷ ᠬᠡᠦᠬᠡᠳ ᠤᠨ ᠴᠡᠴᠡᠷᠯᠢᠭ᠂ ᠨᠠᠢᠮᠠᠳᠤᠭᠠᠷ ᠬᠡᠦᠬᠡᠳ ᠤᠨ ᠴᠡᠴᠡᠷᠯᠢᠭ᠂ ᠨᠢᠭᠡᠳᠦᠭᠡᠷ ᠳᠤᠮᠳᠠᠳᠤ ᠰᠤᠷᠭᠠᠭᠤᠯᠢ᠂ ᠨᠠᠢᠮᠠᠳᠤᠭᠠᠷ ᠪᠠᠭ᠎ᠠ ᠰᠤᠷᠭᠠᠭᠤᠯᠢ ᠵᠡᠷᠭᠡ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂ ᠪᠡᠶ᠎ᠡ ᠶᠢᠨ ᠲᠠᠮᠢᠷ ᠤᠨ ᠣᠷᠳᠣᠨ᠂ ᠲᠠᠮᠢᠷ ᠤᠨ ᠲᠠᠯᠠᠪᠠᠢ᠂ ᠪᠠᠶᠢᠷᠢ ᠶᠢᠨ ᠠᠰᠠᠷ ᠵᠡᠷᠭᠡ ᠭᠤᠣᠯᠳᠠᠯᠭ᠎ᠠ ᠲᠠᠢ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠡᠯ᠎ᠡ ᠰᠤᠷᠭᠠᠭᠤᠯᠢ ᠶᠢᠨ ᠬᠠᠷᠢᠭᠤᠴᠠᠯᠭᠠᠲᠠᠨ᠂ ᠪᠠᠷᠢᠯᠭ᠎ᠠ ᠶᠢᠨ ᠲᠠᠯ᠎ᠠ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠷᠦᠯ ᠵᠦᠢᠯ ᠤᠨ ᠲᠥᠯᠥᠪᠵᠢᠭᠦᠯᠭᠡ᠂ ᠪᠠᠷᠢᠯᠭ᠎ᠠ ᠶᠢᠨ ᠠᠬᠢᠴᠠ ᠶᠢᠨ ᠪᠠᠶᠢᠳᠠᠯ ᠵᠢᠴᠢ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠲᠣᠳᠣᠷᠬᠠᠢ ᠰᠢᠢᠳᠪᠦᠷᠢᠯᠡᠬᠦ ᠴᠢᠭᠯᠡᠯ ᠪᠣᠯᠤᠨ ᠱᠠᠭᠠᠷᠳᠠᠯᠭ᠎ᠠ ᠳᠤᠷᠠᠳᠴᠠᠢ᠃    ᠪᠠᠭᠠᠨ᠎ᠠ᠂ ᠰᠤᠷᠭᠠᠨ ᠬᠥᠮᠦᠵᠢᠯ ᠪᠣᠯ ᠠᠷᠠᠳ ᠤᠨ ᠠᠮᠢᠳᠤᠷᠠᠯ ᠤᠨ ᠰᠠᠭᠤᠷᠢ ᠮᠥᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠡᠭᠦᠳᠦᠨ ᠪᠠᠶᠢᠭᠤᠯᠬᠤ ᠠᠵᠢᠯ ᠤᠨ ᠬᠠᠷᠢᠭᠤᠴᠠᠯᠭ᠎ᠠ ᠬᠦᠨᠳᠦ᠂ ᠰᠤᠷᠭᠠᠭᠤᠯᠢ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠣᠯ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ ᠪᠠᠲᠤᠯᠠᠭ᠎ᠠ ᠮᠥᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠬᠤᠰᠢᠭᠤ ᠰᠢᠶᠠᠨ ︾ ᠢ ᠡᠭᠦᠳᠦᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠡᠭᠦᠳᠦᠨ ᠪᠠᠶᠢᠭᠤᠯᠬᠤ ᠭᠦᠢᠴᠡᠳᠭᠡᠯ ᠲᠤᠭ᠎ᠠ ᠪᠣᠯᠤᠨ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠲᠣᠭᠲᠠᠭᠠᠬᠤ᠂ ᠵᠢᠷᠤᠭ ᠡᠯᠭᠦᠨ ᠪᠠᠶᠢᠯᠳᠤᠵᠤ᠂ ᠰᠢᠨᠵᠢᠯᠡᠬᠦ ᠤᠬᠠᠭᠠᠨᠴᠢ ᠪᠠᠷ ᠪᠠᠷᠢᠯᠭ᠎ᠠ ᠪᠠᠷᠢᠵᠤ᠂ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠢᠨᠵᠧᠨᠧᠷᠢᠩ ᠤᠨ ᠶᠠᠰᠤ ᠴᠢᠨᠠᠷ ᠪᠣᠯᠤᠨ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠤᠷ᠎ᠠ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠲᠥᠷᠥᠯ ᠵᠦᠢᠯ ᠢ ᠴᠠᠭ ᠲᠤᠬᠠᠶ ᠳᠤᠨᠢ ᠲᠤᠰᠢᠶᠠᠨ ᠬᠡᠷᠡᠭᠯᠡᠭᠦᠯᠬᠦ ᠶᠢ ᠪᠠᠲᠤᠯᠠᠵᠤ᠂ ᠪᠥᠬᠦ ᠬᠤᠰᠢᠭᠤᠨ ᠤ ᠪᠠᠭᠰᠢ ᠰᠤᠷᠤᠭᠴᠢᠳ ᠲᠤ ᠨᠠᠩ ᠴᠢᠨᠠᠷ ᠰᠠᠶᠢᠲᠠᠶ ᠰᠤᠷᠤᠯᠴᠠᠬᠤ ᠪᠠ ᠠᠵᠢᠯ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ︽ᠬᠠᠲᠠᠭᠤ ᠲᠣᠨᠤᠭ︾ ᠪᠠ ︽ᠵᠥᠭᠡᠯᠡᠨ ᠲᠣᠨᠤᠭ︾ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠪᠠᠭᠰᠢ ᠶᠢᠨ ᠡᠩᠨᠡᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠨᠠᠷᠠᠲᠤ ᠲᠡᠮᠳᠡᠭᠲᠦ ᠶᠢ ᠪᠣᠶ ᠪᠣᠯᠭᠠᠬᠤ ᠵᠡᠷᠭᠡ ᠠᠯᠢ ᠣᠯᠠᠨ ᠯᠠᠪᠳᠠᠭᠤᠨ ᠪᠠᠲᠤᠲᠠᠶ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠭᠢᠯᠡᠬᠦ ᠬᠡᠷᠡᠭᠲᠡᠶ ᠭᠡᠵᠤ ᠴᠢᠬᠤᠯᠠᠴᠢᠯᠠᠪᠠ᠃    ᠯᠢᠨ ᠸᠧᠢ᠂ ᠪᠠᠢ ᠴᠦᠨ ᠬᠤᠸᠠ ᠣᠷᠣᠯᠴᠠᠵᠠᠢ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号