| 5 ᠰᠠᠷ᠎ᠠ ᠶᠢᠨ 19 ᠤ ᠡᠳᠦᠷ᠂ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠰᠢᠰᠲ᠋ᠧᠮ ︽ᠦᠵᠡᠯ ᠰᠠᠨᠠᠭ᠎ᠠ ᠤᠯᠤᠰ ᠲᠥᠷᠦ ᠪᠠᠨ ᠴᠢᠳᠠᠮᠠᠭᠠᠶ ᠪᠠᠷ ᠬᠥᠮᠦᠵᠢᠭᠦᠯᠬᠦ︾ ᠨᠠᠷᠠᠲᠤ ᠲᠡᠮᠳᠡᠭᠲᠦ ᠶᠢ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠤ᠂ ᠪᠦᠬᠦ ᠬᠤᠰᠢᠭᠤᠨ ᠤ ᠡᠯ᠎ᠡ ᠳᠤᠮᠳᠠᠳᠤ ᠪᠠᠭ᠎ᠠ | ᠰᠤᠷᠭᠠᠭᠤᠯᠢ᠂ ᠬᠡᠦᠬᠡᠳ ᠤᠨ ᠴᠡᠴᠡᠷᠯᠢᠭ᠂ ᠮᠠᠯᠵᠢᠬᠤ ᠲᠠᠷᠢᠶᠠᠯᠠᠬᠤ ᠤᠷᠤᠨ ᠤ ᠰᠤᠷᠭᠠᠭᠤᠯᠢ ᠶᠢᠨ 24 | ᠤᠷᠤᠯᠴᠠᠭᠴᠢ ᠶᠢ ᠤᠷᠤᠯᠴᠠᠭᠤᠯᠪᠠ᠃ | | | | ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ︽ᠦᠵᠡᠯ ᠰᠠᠨᠠᠭ᠎ᠠ | ᠤᠯᠤᠰ ᠲᠥᠷᠥ ᠶᠢ ᠴᠢᠳᠠᠮᠠᠭᠠᠶ ᠪᠠᠷ ᠬᠥᠮᠦᠵᠢᠭᠦᠯᠬᠦ︾ ︵ᠪᠤᠶᠠᠨ ᠦᠢᠯᠡᠳᠬᠦ᠂ ᠰᠠᠶᠢᠨ ᠶᠠᠪᠤᠳᠠᠯ ᠬᠢᠬᠦ᠂ ᠰᠠᠶᠢᠨ ᠢ | ᠪᠠᠳᠠᠷᠠᠭᠤᠯᠬᠤ᠂ ᠰᠠᠶᠢᠨ ᠢ ᠪᠦᠲᠦᠭᠡᠬᠦ︶ ᠠᠵᠢᠯ ᠤᠨ ᠰᠡᠳᠬᠢᠮᠵᠢ ᠳᠤ ᠰᠠᠭᠤᠷᠢᠯᠠᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ | ᠳᠤᠮᠳᠠᠳᠤ ᠤᠯᠤᠰ ᠤᠨ ᠵᠣᠷᠢᠭ ᠰᠠᠨᠠᠭ᠎ᠠ︾ ᠶᠢ ᠪᠠᠳᠠᠷᠠᠭᠤᠯᠬᠤ ᠪᠠᠷ ᠭᠤᠤᠯ ᠪᠣᠯᠭᠠᠭᠰᠠᠨ ᠠᠵᠢᠯᠯᠠᠭ᠎ᠠ ᠶᠢ ᠥᠷᠨᠢᠭᠦᠯᠪᠡ | ᠃ ᠤᠷᠤᠯᠳᠤᠭᠠᠨ ᠤ ᠲᠤᠬᠠᠶ ᠶᠢᠨ ᠲᠠᠯᠠᠪᠤᠷ ᠲᠤ᠂ ᠤᠷᠤᠯᠴᠠᠭᠴᠢ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ | ᠣᠬᠤᠷ ᠸᠢᠳᠢᠣ᠋᠂ ᠠᠬᠤᠢ ᠪᠠᠶᠢᠳᠠᠯ ᠶᠢᠨ ᠳᠠᠭᠤᠷᠢᠶᠠᠯᠲᠠ᠂ AI ᠬᠠᠷᠢᠯᠴᠠᠨ ᠬᠥᠳᠡᠯᠦᠯᠴᠡᠬᠦ ᠵᠡᠷᠭᠡ ᠬᠡᠯᠪᠡᠷᠢ ᠶᠢ | ᠬᠡᠷᠡᠭᠯᠡᠨ᠂ ᠨᠠᠮ ᠤᠨ ᠰᠢᠨ᠎ᠡ ᠶᠢ ᠡᠭᠦᠳᠬᠦ ᠣᠨᠣᠯ᠂ ᠳᠡᠷᠭᠡᠳᠡᠬᠢ ᠰᠡᠳᠬᠢᠯ ᠬᠥᠳᠡᠯᠭᠡᠮ᠎ᠡ ᠥᠯᠢᠭᠡᠷ᠂ ᠲᠡᠮᠡᠴᠡᠯ ᠤᠨ | ᠦᠢᠯᠡᠳᠦᠯᠭᠡ ᠶᠢᠨ ᠲᠤᠷᠰᠢᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠪᠣᠯᠭᠠᠨ ᠬᠤᠪᠢᠷᠠᠭᠤᠯᠪᠠ᠃ ᠵᠠᠷᠢᠮ | ᠤᠷᠤᠯᠴᠠᠭᠴᠢ ᠬᠤᠪᠢᠰᠬᠠᠯ ᠤᠨ ᠲᠡᠦᠬᠡ ᠪᠠᠷ ᠰᠤᠳᠠᠰᠤ ᠪᠣᠯᠭᠠᠵᠤ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ | ᠢᠲᠡᠭᠡᠯ ᠪᠢᠰᠢᠷᠡᠯ ᠤᠨ ᠭᠡᠷᠡᠯ ᠢ ᠲᠠᠬᠢᠨ ᠢᠯᠡᠷᠡᠭᠦᠯᠪᠡ︔ ᠵᠠᠷᠢᠮ ᠨᠢ ᠨᠤᠲᠤᠭ ᠤᠰᠤᠨ ᠤ ᠪᠠᠨ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠴᠠᠭ | ᠦᠶ᠎ᠡ ᠶᠢᠨ ᠭᠤᠣᠯ ᠰᠡᠳᠦᠪ ᠲᠠᠢ ᠤᠶᠠᠯᠳᠤᠭᠤᠯᠵᠤ᠂ ᠰᠢᠨ᠎ᠡ ᠴᠠᠭ ᠦᠶ᠎ᠡ ᠶᠢᠨ ᠲᠡᠮᠡᠴᠡᠭᠴᠢ ᠶᠢᠨ ᠡᠭᠦᠷᠭᠡ | ᠬᠠᠷᠢᠭᠤᠴᠠᠯᠭ᠎ᠠ ᠶᠢ ᠶᠠᠷᠢᠪᠡ︔ ᠪᠠᠰᠠ ᠵᠠᠷᠢᠮ ᠨᠢ ᠡᠳᠦᠷ ᠲᠤᠲᠤᠮ ᠤᠨ ᠠᠵᠢᠯ ᠤᠨ ᠲᠠᠯ᠎ᠠ ᠠᠴᠠ ᠡᠭᠦᠰᠴᠦ᠂ ᠡᠭᠡᠯ | ᠵᠢᠷ ᠤᠨ ᠠᠵᠢᠯ ᠤᠨ ᠪᠠᠶᠢᠷᠢ ᠳᠡᠭᠡᠷᠡᠬᠢ ᠦᠵᠡᠯ ᠰᠠᠨᠠᠭ᠎ᠠ ᠤᠯᠤᠰ ᠲᠦᠷᠦ ᠶᠢᠨ ᠬᠦᠴᠦᠨ ᠢ ᠲᠠᠶᠢᠯᠪᠤᠷᠢᠯᠠᠪᠡ᠃ | ᠬᠥᠮᠦᠰ ᠤᠨ ᠰᠡᠳᠬᠢᠯ ᠢ ᠬᠥᠳᠡᠯᠭᠡᠮ᠎ᠡ ᠦᠯᠢᠭᠡᠷ ᠤᠳ ᠴᠢᠩᠭ᠎ᠠ ᠬᠦᠴᠦᠲᠡᠢ ᠴᠤᠤᠷᠢᠶᠠᠲᠤᠵᠤ᠂ ᠭᠦᠨ ᠵᠤᠵᠠᠭᠠᠨ | ᠬᠠᠶᠢᠷ᠎ᠠ ᠰᠡᠳᠬᠢᠯᠭᠡ ᠲᠠᠢ ᠦᠭᠡ ᠥᠭᠦᠯᠡᠪᠦᠷᠢ ᠨᠢ ᠲᠡᠮᠡᠴᠡᠯ ᠤᠨ ᠬᠠᠯᠠᠭᠤᠨ ᠰᠡᠳᠬᠢᠯᠭᠡ ᠶᠢ ᠬᠥᠭᠵᠢᠭᠡᠵᠦ᠂ ᠦᠵᠡᠯ | ᠰᠠᠨᠠᠭ᠎ᠠ ᠤᠯᠤᠰ ᠲᠦᠷᠦ ᠶᠢᠨ ᠬᠥᠮᠦᠵᠢᠯ ᠢ ᠦᠨᠡᠨ ᠬᠦ ︽ᠠᠮᠢᠯᠠᠭᠤᠯᠵᠤ︾᠂ ︽ᠬᠥᠭᠵᠢᠶᠡᠨᠲᠡᠢ︾ ᠪᠣᠯᠭᠠᠪᠠ᠃ | 1 ᠡᠳᠦᠷ ᠤᠨ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ︽ᠦᠵᠡᠯ ᠰᠠᠨᠠᠭ᠎ᠠ ᠤᠯᠤᠰ ᠲᠥᠷᠥ ᠶᠢ ᠰᠠᠶᠢᠲᠤᠷ | ᠬᠥᠮᠦᠵᠢᠭᠦᠯᠬᠦ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠲᠡᠭᠦᠰ ᠠᠮᠵᠢᠯᠲᠠ ᠲᠠᠢ ᠥᠨᠳᠥᠷᠯᠡᠵᠦ᠂ ᠠᠯᠠᠱᠠ | ᠵᠡᠭᠦᠨ ᠬᠤᠰᠢᠭᠤᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠯᠢ ᠶᠤᠸᠠᠢ ᠵᠢᠶᠤᠤ ᠨᠢᠭᠡᠳᠦᠭᠡᠷ ᠲᠤ | ᠣᠷᠣᠪᠠ᠃ | | | | ᠣᠶᠢᠯᠠᠭᠠᠭᠰᠠᠨ ᠢᠶᠠᠷ᠂ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ︽ᠴᠢᠳᠠᠮᠠᠭᠠᠶ ᠪᠠᠷ | ᠬᠥᠮᠦᠵᠢᠭᠦᠯᠬᠦ · ᠳᠤᠮᠳᠠᠳᠤ ᠤᠯᠤᠰ ᠤᠨ ᠵᠣᠷᠢᠭ ᠰᠠᠨᠠᠭᠠᠨ ᠤ ᠰᠦᠭ ᠰᠦᠨᠡᠰᠦ ᠶᠢ ᠱᠤᠭᠤᠬᠤ︾ ᠪᠠᠷ ᠭᠤᠤᠯ ᠰᠡᠳᠦᠪ | ᠪᠣᠯᠭᠠᠵᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠲᠣᠬᠢᠷᠠᠭᠤᠯᠵᠤ᠂ ᠨᠢᠭᠡᠳᠦᠭᠡᠷ ᠳᠡᠰ ᠤᠨ | ᠱᠠᠩᠨᠠᠯ 1᠂ ᠬᠤᠶᠠᠳᠤᠭᠠᠷ ᠳᠡᠰ ᠤᠨ ᠱᠠᠩᠨᠠᠯ 2᠂ ᠭᠤᠷᠪᠠᠳᠤᠭᠠᠷ ᠳᠡᠰ ᠤᠨ ᠱᠠᠩᠨᠠᠯ 3᠂ ᠰᠢᠯᠢᠳᠡᠭ ᠱᠠᠩᠨᠠᠯ 7᠂ | ᠱᠠᠩᠨᠠᠯ ᠣᠯᠤᠭᠰᠠᠨ ᠬᠥᠮᠦᠰ ᠵᠢᠴᠢ ᠬᠡᠰᠡᠭ ᠤᠬᠠᠭᠤᠯᠤᠨ ᠲᠠᠶᠢᠯᠪᠤᠷᠢᠯᠠᠭᠴᠢ ᠶᠢ ᠠᠯᠠᠱᠠ ᠵᠡᠭᠦᠨ ᠬᠤᠰᠢᠭᠤᠨ ᠤ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠦᠵᠡᠯ ᠰᠠᠨᠠᠭ᠎ᠠ ᠤᠯᠤᠰ ᠲᠥᠷᠥ ᠶᠢᠨ ᠯᠧᠺᠲ᠋ᠣᠷ ᠤᠨ | ᠪᠦᠯᠬᠦᠮ ᠳᠤ ᠣᠷᠣᠭᠤᠯᠵᠤ᠂ ᠤᠷᠢᠯᠭ᠎ᠠ ᠶᠢᠨ ᠪᠢᠴᠢᠭ ᠣᠯᠭᠤᠵᠤ᠂ ᠡᠭᠡᠯᠵᠢᠯᠡᠨ ᠶᠠᠷᠢᠬᠤ ᠶᠢ ᠲᠣᠬᠢᠷᠠᠭᠤᠯᠪᠠ᠃ | | | | |