| 5 ᠰᠠᠷ᠎ᠠ ᠶᠢᠨ 20 ᠤ ᠡᠳᠦᠷ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤᠨ ᠳᠠᠷᠤᠭ᠎ᠠ ᠪᠠᠭᠠᠨ᠎ᠠ ᠪᠠᠶᠠᠨᠬᠤᠲᠠ ᠶᠢᠨ ᠬᠤᠲᠠ ᠲᠣᠭᠤᠷᠢᠭ ᠤᠨ ᠬᠡᠰᠡᠭ ᠡᠮᠴᠢᠯᠡᠭᠡᠨ ᠤ ᠪᠠᠶᠢᠭᠤᠯᠤᠮᠵᠢ ᠳᠤ | ᠭᠦᠨᠵᠡᠭᠡᠶᠢᠷᠡᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ | ᠃ | ᠪᠠᠭᠠᠨ᠎ᠠ ᠤᠷᠢᠳ ᠬᠤᠵᠢᠳ ᠬᠤᠲᠠ ᠶᠢᠨ ᠪᠠᠷᠠᠭᠤᠨ ᠲᠣᠭᠤᠷᠢᠭ ᠤᠨ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ᠂ ᠠᠯᠠᠱᠠ ᠵᠡᠭᠦᠨ ᠬᠤᠰᠢᠭᠤᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ | ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠵᠡᠷᠭᠡ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠯ᠎ᠡ | ᠨᠢᠭᠡᠴᠢ ᠶᠢᠨ ᠬᠠᠮᠢᠶᠠᠷᠤᠯᠲᠠ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠵᠦ᠂ ᠦᠨᠳᠦᠰᠦᠨ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠭᠤᠤᠯᠳᠠᠯᠭ᠎ᠠ ᠲᠠᠢ ᠲᠤᠰᠬᠠᠶ ᠡᠮᠨᠡᠯᠭᠡ ᠶᠢᠨ ᠪᠠᠶᠢᠭᠤᠯᠤᠯᠲᠠ᠂ ᠬᠢᠲᠠᠳ | ᠡᠮᠨᠡᠯᠭᠡ ︵ᠮᠣᠩᠭᠤᠯ ᠡᠮᠨᠡᠯᠭᠡ︶ ᠶᠢᠨ ᠤᠨᠴᠠᠯᠢᠬᠳᠤ ᠡᠮᠴᠢᠯᠡᠭᠡᠨ ᠤ ᠵᠠᠰᠠᠯ᠂ ᠡᠮᠴᠢᠯᠡᠭᠡᠨ ᠤ ᠦᠢᠯᠡᠴᠢᠯᠡᠭᠡᠨ ᠤ ᠬᠢᠷᠢ | ᠲᠦᠪᠰᠢᠨ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠡᠯ᠎ᠡ | ᠨᠢᠭᠡᠴᠡ ᠶᠢᠨ ᠭᠠᠯ ᠤᠨᠲᠠᠷᠠᠭᠠᠬᠤ ᠲᠥᠬᠦᠭᠡᠷᠦᠮᠵᠢ᠂ ᠭᠠᠯ ᠤᠨᠲᠠᠷᠠᠭᠠᠬᠤ ᠵᠠᠮ ᠵᠡᠷᠭᠡ ᠭᠠᠯ ᠤᠨᠲᠠᠷᠠᠭᠠᠬᠤ ᠠᠮᠤᠷ | ᠲᠦᠪᠰᠢᠨ ᠤ ᠬᠠᠮᠢᠶᠠᠷᠤᠯᠲᠠ ᠶᠢᠨ ᠠᠵᠢᠯ ᠢ ᠪᠠᠶᠢᠴᠠᠭᠠᠪᠠ᠃ ᠡᠭᠦᠨ ᠤ ᠬᠠᠮᠲᠤ ᠡᠯ᠎ᠡ ᠨᠢᠭᠡᠴᠡ ᠶᠢᠨ ᠤᠳᠤᠷᠢᠳᠬᠤ | ᠪᠠᠭ ᠲᠠᠢ ᠶᠠᠷᠢᠯᠴᠠᠨ ᠰᠣᠯᠢᠯᠴᠠᠵᠤ᠂ ᠡᠯ᠎ᠡ ᠨᠢᠭᠡᠴᠡ ᠶᠢᠨ ᠡᠳᠦᠷ ᠲᠤᠳᠤᠮ ᠤᠨ ᠠᠵᠢᠯᠯᠠᠭᠠᠨ ᠤ ᠳᠤᠮᠳᠠ ᠣᠷᠣᠰᠢᠵᠤ | ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠰᠢᠢᠳᠪᠦᠷᠢᠯᠡᠬᠦ ᠠᠷᠭ᠎ᠠ ᠬᠡᠮᠵᠢᠶ᠎ᠡ ᠪᠣᠯᠤᠨ | ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠰᠡᠳᠬᠢᠴᠡ ᠶᠢ ᠳᠤᠷᠠᠳᠴᠠᠢ᠃ | | ᠪᠠᠭᠠᠨ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠪᠣᠯ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠬᠤ | ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠱᠠᠲᠤ ᠬᠤᠪᠢᠶᠠᠨ ᠣᠨᠣᠰᠢᠯᠠᠨ ᠡᠮᠨᠡᠬᠦ ᠰᠢᠰᠲ᠋ᠧᠮ ᠤᠨ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠣᠯᠠᠨ ᠲᠦᠮᠡᠨ ᠳᠤ ᠰᠠᠶᠢᠨ ᠡᠮ ᠡᠮᠨᠡᠯᠭᠡ ᠶᠢ ᠰᠠᠶᠢᠲᠤᠷ | ᠡᠳ᠋ᠯᠡᠭᠦᠯᠬᠦ ᠬᠡᠷᠡᠭᠲᠡᠶ᠂ ᠲᠣᠰ ᠪᠡᠶ᠎ᠡ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠬᠥᠭᠵᠢᠯᠲᠡ ᠶᠢᠨ ᠪᠠᠶᠢᠷᠢ | ᠲᠣᠭᠲᠠᠭᠠᠯᠲᠠ ᠪᠠᠨ ᠣᠨᠣᠪᠴᠢᠲᠠᠶ ᠣᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ | ᠤᠨᠴᠠᠯᠢᠬᠳᠤ ᠳᠠᠪᠠᠭᠤᠯᠢᠭ ᠲᠤᠰᠬᠠᠶ ᠰᠠᠯᠠᠭ᠎ᠠ ᠶᠢ ᠬᠥᠭᠵᠢᠭᠦᠯᠬᠦ ᠬᠡᠷᠡᠭᠲᠡᠶ︔ ᠣᠷᠣᠨ ᠪᠦᠰᠡ ᠶᠢᠨ ᠡᠮ ᠡᠮᠨᠡᠯᠭᠡ | ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠᠷ ᠤᠳᠤᠷᠢᠳᠤᠮᠵᠢ ᠪᠣᠯᠭᠠᠵᠤ | ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠲᠦᠭᠵᠢᠷᠡᠯ ᠢ ᠲᠦᠷᠭᠡᠨ ᠨᠡᠪᠲᠡᠷᠡᠭᠦᠯᠵᠦ᠂ ᠬᠤᠰᠢᠭᠤᠨ ᠤ | ᠲᠠᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠨᠥᠯᠥᠭᠡᠯᠡᠨ ᠳᠠᠶᠢᠴᠢᠯᠠᠬᠤ᠂ ᠦᠨᠳᠦᠰᠦᠨ | ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠦᠯᠵᠢᠶᠡᠨ ᠤ ᠰᠠᠭᠤᠷᠢ ᠶᠢ ᠪᠠᠲᠤ ᠰᠠᠬᠢᠬᠤ | ᠨᠢᠭᠲᠠ ᠬᠡᠯᠪᠡᠷᠢ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠬᠠᠮᠵᠢᠯᠴᠠᠨ | ᠪᠠᠶᠢᠭᠤᠯᠬᠤ ᠬᠡᠷᠡᠭᠲᠡᠶ︔ ᠡᠮ ᠡᠮᠨᠡᠯᠭᠡ ᠶᠢᠨ ᠮᠡᠷᠭᠡᠵᠢᠯ ᠤᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ | ᠲᠠᠪᠴᠠᠩ ᠤᠨ ᠬᠡᠯᠪᠡᠷᠢ ᠶᠢᠨ ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠰᠢᠭᠤᠨ ᠤ ᠳᠣᠲᠣᠷ᠎ᠠ ᠭᠠᠳᠠᠨᠠᠬᠢ ᠨᠠᠷᠠᠲᠤ ᠰᠢᠯᠢᠳᠡᠭ ᠲᠤᠰᠬᠠᠶ | ᠮᠡᠷᠭᠡᠵᠢᠯᠲᠡᠨ ᠢ ᠣᠷᠣᠭᠤᠯᠤᠨ ᠠᠪᠴᠢᠷᠠᠬᠤ ᠬᠡᠪᠴᠢᠶ᠎ᠡ ᠳᠡᠰ ᠳᠠᠪᠬᠤᠷᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠬᠤᠰᠢᠭᠤᠨ ᠤ ᠳᠣᠲᠣᠷᠠᠬᠢ ᠡᠮ ᠡᠮᠨᠡᠯᠭᠡ ᠡᠷᠡᠭᠦᠯ ᠬᠠᠮᠠᠭᠠᠯᠠᠯ ᠤᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠰᠢᠨ᠎ᠡ ᠶᠢ | ᠡᠭᠦᠳᠬᠦ ᠴᠢᠳᠠᠪᠤᠷᠢ ᠶᠢ ᠴᠢᠩᠭᠠᠳᠬᠠᠬᠤ ᠬᠡᠷᠡᠭᠲᠡᠶ ᠭᠡᠵᠣ ᠴᠢᠬᠤᠯᠠᠴᠢᠯᠠᠪᠠ᠃ | ᠪᠠᠢ ᠴᠦᠨ ᠬᠤᠸᠠ ᠣᠷᠣᠯᠴᠠᠵᠠᠢ᠃ | | |