ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠎ ᠶᠢᠨ ᠤᠯᠠᠮᠵᠢᠯᠠᠨ ᠳᠠᠮᠵᠢᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠬᠠᠤᠯᠢ︾
ᠨᠡᠶᠢᠲᠡᠯᠡᠭᠰᠡᠨ ᠴᠠᠭ᠄
2025/6/13
            ︵1991 1991ᠣᠨ ᠤ 6 ᠳ᠋ᠤᠭᠠᠷ ᠰᠠᠷ᠎ᠠ ᠶᠢᠨ 29᠎ ᠤ ᠡᠳᠦᠷ ᠳᠣᠯᠣᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶ᠋ᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯᠳᠤᠭᠠᠨ ᠠᠴᠠ ᠪᠠᠲᠤᠯᠠᠪᠠ 2010 ᠣᠨ ᠤ 12 ᠳ᠋ᠤᠭᠠᠷ ᠰᠠᠷ᠎ᠠ ᠶᠢᠨ 25᠎ ᠤ ᠡᠳᠦᠷ ᠠᠷᠪᠠᠨ ᠨᠢᠭᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶ᠋ᠢᠩᠭᠤ ᠶᠢᠨ ᠬᠤᠷᠢᠶᠠᠨ ᠤ ᠠᠷᠪᠠᠨ ᠨᠠᠢᠮᠠᠳᠤᠭᠠᠷ ᠬᠤᠷᠠᠯᠳᠤᠭᠠᠨ ᠠᠴᠠ ᠵᠠᠰᠠᠪᠤᠷᠢ ᠣᠷᠣᠭᠤᠯᠪᠠ︶       ᠨᠢᠭᠡᠳᠦᠭᠡᠷ ᠪᠦᠯᠦᠭ ᠶᠡᠷᠦᠩᠬᠡᠢ ᠳᠦᠷᠢᠮ       ᠨᠢᠭᠡᠳᠦᠭᠡᠷ ᠵᠦᠢᠯ ᠬᠥᠷᠥᠰᠥ ᠰᠢᠷᠣᠢ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠵᠤ᠂ ᠬᠥᠷᠥᠰᠥ ᠰᠢᠷᠣᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠨ᠂ ᠤᠰᠤᠲᠤᠯ᠂ ᠭᠠᠩ ᠬᠠᠭᠰᠠᠷᠠᠭᠠᠨ᠂ ᠰᠠᠯᠬᠢ ᠡᠯᠡᠰᠦᠨ ᠤ ᠭᠠᠮᠰᠢᠭ ᠢ ᠬᠥᠩᠭᠡᠷᠡᠭᠦᠯᠵᠦ᠂ ᠠᠮᠢ ᠠᠬᠤᠢ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠨ᠂ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ ᠪᠠᠲᠤᠯᠠᠬᠤ ᠵᠣᠷᠢᠯᠭ᠎ᠠ ᠪᠠᠷ ᠲᠤᠰ ᠬᠠᠤᠯᠢ ᠶᠢ ᠲᠣᠭᠲᠠᠭᠠᠪᠠ᠃       ᠬᠤᠶᠠᠳᠤᠭᠠᠷ ᠵᠦᠢᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷ᠎ᠠ ᠬᠥᠷᠥᠰᠥ ᠰᠢᠷᠣᠢ ᠶᠢ ᠬᠠᠮᠠᠭᠠᠯᠠᠬᠤ ᠠᠵᠢᠯᠯᠠᠭ᠎ᠠ ᠭᠦᠢᠴᠡᠳᠬᠡᠬᠦ ᠳᠤ ᠲᠤᠰ ᠬᠠᠤᠯᠢ ᠶᠢ ᠵᠢᠷᠤᠮᠯᠠᠬᠤ ᠬᠡᠷᠡᠭᠲᠡᠢ᠃       ᠲᠤᠰ ᠬᠠᠤᠯᠢ ᠳᠤ ᠬᠡᠯᠡᠵᠦ ᠪᠠᠶᠢᠭ᠎ᠠ ᠬᠥᠷᠥᠰᠥ ᠰᠢᠷᠣᠢ ᠶᠢ ᠬᠠᠮᠠᠭᠠᠯᠠᠬᠤ ᠭᠡᠳᠡᠭ ᠪᠣᠯ ᠪᠠᠶᠢᠭᠠᠯᠢ ᠶᠢᠨ ᠬᠦᠴᠦᠨ ᠵᠦᠢᠯ ᠪᠠ ᠵᠣᠷᠢᠭᠤᠳᠠ ᠠᠵᠢᠯᠯᠠᠭ᠎ᠠ ᠠᠴᠠ ᠪᠤᠢ ᠪᠣᠯᠤᠭᠰᠠᠨ ᠬᠥᠷᠥᠰᠥ ᠰᠢᠷᠣᠢ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠠᠷᠭ᠎ᠠ ᠬᠡᠮᠵᠢᠶ᠎ᠡ ᠶᠢ ᠵᠢᠭᠠᠵᠤ ᠪᠠᠶᠢᠨ᠎ᠠ᠃       ᠭᠤᠷᠪᠠᠳᠤᠭᠠᠷ ᠵᠦᠢᠯ ᠬᠥᠷᠥᠰᠥ ᠰᠢᠷᠣᠢ ᠶᠢ ᠬᠠᠮᠠᠭᠠᠯᠠᠬᠤ ᠠᠵᠢᠯ ᠳᠤ ᠰᠡᠷᠭᠡᠶᠢᠯᠡᠬᠦ ᠪᠠᠷ ᠭᠤᠣᠯ ᠪᠤᠯᠭᠠᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠪᠦᠭᠦ ᠲᠠᠯ᠎ᠠ ᠪᠠᠷ ᠲᠥᠯᠥᠪᠵᠢᠭᠦᠯᠬᠦ᠂ ᠶᠡᠷᠦᠩᠬᠡᠶᠢᠯᠡᠨ ᠵᠠᠰᠠᠬᠤ᠂ ᠲᠤᠬᠠᠢ ᠎ ᠶᠢᠨ ᠭᠠᠵᠠᠷ ᠣᠷᠣᠨ ᠤ ᠪᠠᠶᠢᠳᠠᠯ ᠳᠤᠨᠢ ᠵᠣᠬᠢᠴᠠᠭᠤᠯᠬᠤ᠂ ᠭᠤᠣᠯᠳᠠᠯᠭ᠎ᠠ ᠶᠢ ᠳᠣᠪᠤᠶᠢᠯᠭᠠᠬᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ᠂ ᠦᠷ᠎ᠡ ᠠᠰᠢᠭ ᠢ ᠴᠢᠬᠤᠯᠠᠴᠢᠯᠠᠬᠤ ᠴᠢᠭᠯᠡᠯᠲᠡ ᠶᠢ ᠬᠡᠷᠡᠭᠵᠢᠭᠦᠯᠦᠨ᠎ᠡ᠃       ᠳᠥᠷᠪᠡᠳᠦᠭᠡᠷ ᠵᠦᠢᠯ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠥᠷᠥᠰᠥ ᠰᠢᠷᠣᠢ ᠶᠢ ᠬᠠᠮᠠᠭᠠᠯᠠᠬᠤ ᠠᠵᠢᠯ ᠤᠨ ᠲᠤᠬᠠᠢ ᠨᠢᠭᠡᠳᠦᠯᠲᠡᠢ ᠤᠳᠤᠷᠢᠳᠤᠯᠭ᠎ᠠ ᠪᠠᠨ ᠴᠢᠩᠭᠠᠳᠬᠠᠵᠤ᠂ ᠬᠥᠷᠥᠰᠥ ᠰᠢᠷᠣᠢ ᠶᠢ ᠬᠠᠮᠠᠭᠠᠯᠠᠬᠤ ᠠᠵᠢᠯ ᠢ ᠲᠤᠰ ᠱᠠᠲᠤᠨ ᠤ ᠪᠠᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠵᠤ᠂ ᠬᠥᠷᠥᠰᠥ ᠰᠢᠷᠣᠢ ᠶᠢ ᠬᠠᠮᠠᠭᠠᠯᠠᠬᠤ ᠲᠥᠯᠦᠪᠵᠢᠭᠦᠯᠭᠡ ᠳᠤ ᠲᠣᠭᠲᠠᠭᠠᠭᠰᠠᠨ ᠡᠭᠦᠷᠭᠡ ᠳᠤ ᠲᠤᠰᠬᠠᠢ ᠪᠡᠯᠡ ᠮᠥᠩᠭᠦ ᠵᠣᠬᠢᠴᠠᠭᠤᠯᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃       ᠤᠯᠤᠰ ᠠᠴᠠ ᠬᠥᠷᠥᠰᠥ ᠰᠢᠷᠣᠢ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠣᠷᠣᠨ ᠪᠠ ᠭᠤᠣᠯᠳᠠᠯᠭ᠎ᠠ ᠲᠠᠢ ᠵᠠᠰᠠᠬᠤ ᠣᠷᠣᠨ ᠳᠤ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠥᠷᠥᠰᠥ ᠰᠢᠷᠣᠢ ᠶᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠪᠠ ᠬᠢᠨᠠᠨ ᠰᠢᠯᠭᠠᠵᠤ ᠱᠠᠩᠨᠠᠨ ᠲᠣᠷᠭᠠᠬᠤ ᠳᠦᠷᠢᠮ ᠢ ᠬᠡᠷᠡᠭᠵᠢᠭᠦᠯᠦᠨ᠎ᠡ᠃       ᠲᠠᠪᠤᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠦᠭᠦ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠠᠵᠢᠯ ᠎ ᠢ ᠡᠷᠭᠢᠯᠡᠨ ᠬᠠᠮᠢᠶᠠᠷᠤᠨ᠎ᠠ᠃       ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠲᠣᠭᠤᠷᠢᠮ ᠳᠤ ᠪᠠᠶᠢᠭᠤᠯᠤᠭᠰᠠᠨ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ︵ᠳᠣᠷᠣᠭᠰᠢ ᠰᠠᠪᠠ ᠭᠠᠵᠠᠷ ᠎ ᠤᠨ ᠬᠠᠮᠢᠶᠠᠷᠤᠯᠲᠠ ᠶᠢᠨ ᠪᠠᠶᠢᠭᠤᠯᠤᠮᠵᠢ ᠭᠡᠵᠦ ᠲᠣᠪᠴᠢᠯᠠᠨ᠎ᠠ︶᠎ ᠨᠢ ᠬᠠᠷᠢᠶᠠᠯᠠᠯ ᠤᠨ ᠬᠡᠪᠴᠢᠶᠡᠨ ᠳᠡᠭᠡᠨ ᠬᠥᠷᠥᠰᠥ ᠰᠢᠷᠣᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠨ᠎ᠡ       ᠰᠢᠶᠠᠩ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠎ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠬᠥᠷᠥᠰᠥ ᠰᠢᠷᠣᠢ ᠶᠢ ᠬᠠᠮᠠᠭᠠᠯᠠᠬᠤ ᠠᠵᠢᠯ ᠢ ᠡᠷᠭᠢᠯᠡᠨ ᠬᠠᠮᠢᠶᠠᠷᠤᠨ᠎ᠠ᠃       ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠢ ᠰᠢᠭᠤᠢ᠂ ᠲᠠᠷᠢᠶᠠᠯᠠᠩ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠬᠥᠷᠥᠰᠥ ᠰᠢᠷᠣᠢ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠬᠤᠯᠪᠣᠭᠳᠠᠯ ᠪᠦᠬᠦᠢ ᠠᠵᠢᠯ ᠢ ᠰᠠᠶᠢᠲᠤᠷ ᠭᠦᠢᠴᠡᠳᠬᠡᠬᠦ ᠬᠡᠷᠡᠭᠲᠡᠢ᠃       ᠵᠢᠷᠭᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠥᠷᠥᠰᠥ ᠰᠢᠷᠣᠢ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠠᠵᠢᠯ ᠢᠶᠠᠨ ᠴᠢᠩᠭᠠᠳᠬᠠᠵᠤ᠂ ᠬᠥᠷᠥᠰᠥ ᠰᠢᠷᠣᠢ ᠶᠢ ᠬᠠᠮᠠᠭᠠᠯᠠᠬᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠨᠡᠶᠢᠲᠡ ᠶᠢᠨ ᠬᠥᠷᠥᠰᠥ ᠰᠢᠷᠣᠢ ᠶᠢ ᠬᠠᠮᠠᠭᠠᠯᠠᠬᠤ ᠦᠵᠡᠯ ᠤᠬᠠᠮᠰᠠᠷ ᠢ ᠨᠡᠮᠡᠭᠳᠡᠭᠦᠯᠬᠦ ᠬᠡᠷᠡᠭᠲᠡᠢ᠃       ᠳᠣᠯᠣᠳᠤᠭᠠᠷ ᠵᠦᠢᠯ ᠬᠥᠷᠥᠰᠥ ᠰᠢᠷᠣᠢ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠭᠦᠢᠴᠡᠳᠬᠡᠬᠦ ᠶᠢ ᠤᠯᠤᠰ ᠠᠴᠠ ᠵᠣᠷᠢᠭᠵᠢᠭᠤᠯᠤᠨ ᠳᠡᠮᠵᠢᠵᠦ᠂ ᠬᠥᠷᠥᠰᠥ ᠰᠢᠷᠣᠢ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠥᠷᠥᠰᠥ ᠰᠢᠷᠣᠢ ᠶᠢ ᠬᠠᠮᠠᠭᠠᠯᠠᠬᠤ ᠲᠡᠷᠢᠭᠦᠨ ᠤ ᠮᠡᠷᠭᠡᠵᠢᠯ ᠢ ᠳᠡᠯᠭᠡᠷᠡᠭᠦᠯᠵᠦ᠂ ᠬᠥᠷᠥᠰᠥ ᠰᠢᠷᠣᠢ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠦᠨ᠎ᠡ᠃       ᠨᠠᠢᠮᠠᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠥᠨ ᠴᠥᠮ ᠬᠥᠷᠥᠰᠥ ᠰᠢᠷᠣᠢ ᠶᠢᠨ ᠡᠬᠢ ᠪᠠᠶᠠᠯᠢᠭ ᠢ ᠬᠠᠮᠠᠭᠠᠯᠠᠬᠤ᠂ ᠬᠥᠷᠥᠰᠥ ᠰᠢᠷᠣᠢ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠡᠭᠦᠷᠭᠡ ᠲᠠᠢ ᠪᠥᠭᠡᠳ ᠬᠥᠷᠥᠰᠥ ᠰᠢᠷᠣᠢ ᠶᠢᠨ ᠡᠬᠢ ᠪᠠᠶᠠᠯᠢᠭ ᠢ ᠡᠪᠳᠡᠭᠰᠡᠨ᠂ ᠬᠥᠷᠥᠰᠥ ᠰᠢᠷᠣᠢ ᠶᠢᠨ ᠢᠳᠡᠭᠳᠡᠯ ᠢ ᠪᠤᠢ ᠪᠤᠯᠭᠠᠬᠰᠠᠨ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠡᠷᠬᠡ ᠲᠠᠢ᠃       ᠶᠢᠰᠦᠳᠦᠭᠡᠷ ᠵᠦᠢᠯ ᠤᠯᠤᠰ ᠠᠴᠠ ᠨᠡᠶᠢᠭᠡᠮ ᠤᠨ ᠬᠦᠴᠦᠨ ᠤ ᠬᠥᠷᠥᠰᠥ ᠰᠢᠷᠣᠢ ᠶᠢ ᠬᠠᠮᠠᠭᠠᠯᠠᠬᠤ ᠠᠵᠢᠯ ᠎ ᠳᠤ ᠣᠷᠤᠯᠴᠠᠬᠤ ᠶᠢ ᠵᠣᠷᠢᠭᠵᠢᠭᠤᠯᠤᠨ ᠳᠡᠮᠵᠢᠨ᠎ᠡ᠃       ᠬᠥᠷᠥᠰᠥ ᠰᠢᠷᠣᠢ ᠶᠢ ᠬᠠᠮᠠᠭᠠᠯᠠᠬᠤ ᠠᠵᠢᠯ ᠤᠨ ᠳᠤᠮᠳᠠ ᠢᠯᠡᠳᠲᠡ ᠠᠮᠵᠢᠯᠲᠠ ᠣᠯᠣᠭᠰᠠᠨ ᠨᠢᠭᠡᠴᠢ ᠪᠠ ᠬᠤᠪᠢ ᠬᠥᠮᠥᠨ ᠢ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠰᠠᠶᠢᠰᠢᠶᠠᠨ ᠬᠥᠬᠢᠭᠦᠯᠦᠨ᠎ᠡ᠃       ᠬᠤᠶᠠᠳᠤᠭᠠᠷ ᠪᠦᠯᠦᠭ ᠲᠥᠯᠥᠪᠵᠢᠭᠦᠯᠬᠦ       ᠠᠷᠪᠠᠳᠤᠭᠠᠷ ᠵᠦᠢᠯ ᠬᠥᠷᠥᠰᠥ ᠰᠢᠷᠣᠢ ᠶᠢ ᠬᠠᠮᠠᠭᠠᠯᠠᠬᠤ ᠲᠥᠯᠦᠪᠵᠢᠭᠦᠯᠭᠡ ᠶᠢ ᠬᠥᠷᠥᠰᠥ ᠰᠢᠷᠣᠢ ᠶᠢᠨ ᠢᠳᠡᠭᠳᠡᠯ ᠤᠨ ᠪᠠᠶᠢᠴᠠᠭᠠᠯᠲᠠ ᠶᠢᠨ ᠦᠷ᠎ᠡ ᠳ᠋ᠦᠩ ᠵᠢᠴᠢ ᠬᠥᠷᠥᠰᠥ ᠰᠢᠷᠣᠢ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠣᠷᠣᠨ ᠪᠣᠯᠣᠨ ᠭᠤᠣᠯᠳᠠᠯᠭ᠎ᠠ ᠲᠠᠢ ᠵᠠᠰᠠᠬᠤ ᠣᠷᠣᠨ ᠢ ᠵᠠᠭᠠᠭᠯᠠᠨ ᠲᠣᠭᠲᠠᠭᠠᠭᠰᠠᠨ ᠰᠠᠭᠤᠷᠢᠨ ᠳᠡᠭᠡᠷ᠎ᠡ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠲᠥᠷᠥᠯ ᠬᠤᠪᠢᠶᠠᠨ ᠵᠢᠯᠤᠭᠤᠳᠬᠤ ᠵᠠᠷᠴᠢᠮ ᠢ ᠵᠢᠷᠤᠮᠯᠠᠵᠤ ᠨᠠᠶᠢᠷᠠᠭᠤᠯᠤᠨ ᠵᠣᠬᠢᠶᠠᠬᠤ ᠬᠡᠷᠡᠭᠲᠡᠢ᠃       ᠠᠷᠪᠠᠨ ᠨᠢᠭᠡᠳᠦᠭᠡᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠦᠭᠦ ᠤᠯᠤᠰ ᠤᠨ ᠬᠥᠷᠥᠰᠥ ᠰᠢᠷᠣᠢ ᠶᠢᠨ ᠢᠳᠡᠭᠳᠡᠯ ᠎ ᠤᠨ ᠲᠤᠬᠠᠢ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠬᠤ ᠬᠡᠷᠡᠭᠲᠡᠢ ᠪᠥᠭᠡᠳ ᠪᠠᠶᠢᠴᠠᠭᠠᠯᠲᠠ ᠶᠢᠨ ᠦᠷ᠎ᠡ ᠳ᠋ᠦᠩ ᠢᠶᠠᠨ ᠵᠠᠷᠯᠠᠨ ᠨᠡᠶᠢᠲᠡᠯᠡᠬᠦ ᠬᠡᠷᠡᠭᠲᠡᠢ᠃       ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠬᠥᠷᠥᠰᠥ ᠰᠢᠷᠣᠢ ᠶᠢᠨ ᠢᠳᠡᠭᠳᠡᠯ ᠤᠨ ᠲᠤᠬᠠᠢ ᠪᠠᠶᠢᠴᠠᠭᠠᠯᠲᠠ ᠶᠢ ᠬᠠᠷᠢᠭᠤᠴᠠᠬᠤ ᠪᠥᠭᠡᠳ ᠪᠠᠶᠢᠴᠠᠭᠠᠯᠲᠠ ᠶᠢᠨ ᠦᠷ᠎ᠡ ᠳ᠋ᠦᠩ ᠢᠶᠠᠨ ᠵᠠᠷᠯᠠᠨ ᠨᠡᠶᠢᠲᠡᠯᠡᠬᠦ ᠬᠡᠷᠡᠭᠲᠡᠢ᠂ ᠵᠠᠷᠯᠠᠨ ᠨᠡᠶᠢᠲᠡᠯᠡᠬᠦ ᠎ ᠠᠴᠠ ᠡᠮᠦᠨ᠎ᠡ ᠪᠠᠶᠢᠴᠠᠭᠠᠯᠲᠠ ᠶᠢᠨ ᠦᠷ᠎ᠡ ᠳ᠋ᠦᠩ ᠢᠶᠠᠨ ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃       ᠠᠷᠪᠠᠨ ᠬᠤᠶᠠᠳᠤᠭᠠᠷ ᠵᠦᠢᠯ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠥᠷᠥᠰᠥ ᠰᠢᠷᠣᠢ ᠶᠢᠨ ᠢᠳᠡᠭᠳᠡᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠬᠥᠷᠥᠰᠥ ᠰᠢᠷᠣᠢ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠣᠷᠣᠨ ᠪᠠ ᠭᠤᠣᠯᠳᠠᠯᠭ᠎ᠠ ᠲᠠᠢ ᠵᠠᠰᠠᠬᠤ ᠣᠷᠣᠨ ᠢ ᠵᠠᠭᠠᠭᠯᠠᠨ ᠲᠣᠭᠲᠠᠭᠠᠬᠤ ᠬᠡᠷᠡᠭᠲᠡᠢ ᠪᠥᠭᠡᠳ ᠠᠯᠪᠠᠨ ᠵᠠᠷ ᠭᠠᠷᠭᠠᠵᠤ ᠨᠡᠶᠢᠲᠡᠯᠡᠬᠦ ᠬᠡᠷᠡᠭᠲᠡᠢ᠃       ᠬᠥᠷᠥᠰᠥ ᠰᠢᠷᠣᠢ ᠶᠢᠨ ᠢᠳᠡᠭᠳᠡᠯ ᠤᠨ ᠳᠠᠯᠳᠠ ᠠᠶᠤᠯ ᠳᠤᠮᠳᠠ ᠵᠡᠷᠭᠡ ᠪᠠᠶᠢᠭ᠎ᠠ ᠣᠷᠣᠨ ᠪᠦᠰᠡ ᠶᠢ ᠬᠥᠷᠥᠰᠥ ᠰᠢᠷᠣᠢ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠣᠷᠣᠨ ᠪᠣᠯᠭᠠᠨ ᠵᠠᠭᠠᠭᠯᠠᠨ ᠲᠣᠭᠲᠠᠭᠠᠬᠤ ᠬᠡᠷᠡᠭᠲᠡᠢ︔ ᠬᠥᠷᠥᠰᠥ ᠰᠢᠷᠣᠢ ᠶᠢᠨ ᠢᠳᠡᠭᠳᠡᠯ ᠢᠶᠠᠷ ᠬᠦᠨᠳᠦ ᠨᠣᠴᠢᠲᠠᠢ ᠣᠷᠣᠨ ᠢ ᠬᠥᠷᠥᠰᠥ ᠰᠢᠷᠣᠢ ᠎ ᠶᠢᠨ ᠢᠳᠡᠭᠳᠡᠯ ᠢ ᠭᠤᠣᠯᠳᠠᠯᠭ᠎ᠠ ᠲᠠᠢ ᠵᠠᠰᠠᠬᠤ ᠣᠷᠣᠨ ᠢᠶᠠᠷ ᠬᠤᠪᠢᠶᠠᠷᠢᠯᠠᠨ ᠲᠣᠭᠲᠠᠭᠠᠬᠤ ᠬᠡᠷᠡᠭᠲᠡᠢ᠃       ᠠᠷᠪᠠᠨ ᠭᠤᠷᠪᠠᠳᠤᠭᠠᠷ ᠵᠦᠢᠯ ᠬᠥᠷᠥᠰᠥ ᠰᠢᠷᠣᠢ ᠶᠢ ᠬᠠᠮᠠᠭᠠᠯᠠᠬᠤ ᠲᠥᠯᠦᠪᠵᠢᠭᠦᠯᠭᠡ ᠶᠢᠨ ᠠᠭᠤᠯᠭ᠎ᠠ ᠳᠤ ᠬᠥᠷᠥᠰᠥ ᠰᠢᠷᠣᠢ ᠶᠢᠨ ᠢᠳᠡᠭᠳᠡᠯ ᠤᠨ ᠪᠠᠶᠢᠳᠠᠯ᠂ ᠬᠥᠷᠥᠰᠥ ᠰᠢᠷᠣᠢ ᠶᠢᠨ ᠢᠳᠡᠭᠳᠡᠯ ᠤᠨ ᠲᠥᠷᠥᠯ ᠭᠡᠯᠪᠡᠷᠢ ᠶᠢᠨ ᠣᠷᠣᠨ ᠤ ᠬᠤᠪᠢᠶᠠᠷᠢᠯᠠᠯ᠂ ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ᠂ ᠡᠭᠦᠷᠭᠡ ᠪᠣᠯᠣᠨ ᠠᠷᠭ᠎ᠠ ᠬᠡᠮᠵᠢᠶ᠎ᠡ ᠵᠡᠷᠭᠡ ᠶᠢ ᠪᠠᠭᠲᠠᠭᠠᠬᠤ ᠬᠡᠷᠡᠭᠲᠡᠢ᠃       ᠬᠥᠷᠥᠰᠥ ᠰᠢᠷᠣᠢ ᠶᠢ ᠬᠠᠮᠠᠭᠠᠯᠠᠬᠤ ᠲᠥᠯᠦᠪᠵᠢᠭᠦᠯᠭᠡ ᠳᠤ ᠰᠠᠪᠠ ᠭᠠᠵᠠᠷ ᠪᠤᠶᠤ ᠣᠷᠣᠨ ᠪᠦᠰᠡ ᠶᠢᠨ ᠬᠥᠷᠥᠰᠥ ᠰᠢᠷᠣᠢ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ᠂ ᠬᠥᠷᠥᠰᠥ ᠰᠢᠷᠣᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠬᠤ ᠵᠣᠷᠢᠯᠭ᠎ᠠ ᠪᠠᠷ ᠬᠢᠭᠰᠡᠨ ᠪᠦᠭᠦ ᠲᠠᠯ᠎ᠠ ᠶᠢᠨ ᠪᠠᠶᠢᠷᠢᠯᠠᠭᠤᠯᠤᠯᠲᠠ᠂ ᠵᠢᠴᠢ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠶᠢ ᠦᠨᠳᠦᠰᠦᠯᠡᠨ ᠬᠥᠷᠥᠰᠥ ᠰᠢᠷᠣᠢ ᠶᠢ ᠬᠠᠮᠠᠭᠠᠯᠠᠬᠤ ᠲᠤᠰᠬᠠᠢ ᠠᠵᠢᠯ ᠪᠤᠶᠤ ᠣᠨᠴᠠ ᠲᠣᠭᠲᠠᠭᠠᠭᠰᠠᠨ ᠣᠷᠣᠨ ᠪᠦᠰᠡ ᠶᠢᠨ ᠬᠥᠷᠥᠰᠥ ᠰᠢᠷᠣᠢ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠲᠤᠬᠠᠢ ᠲᠤᠰᠬᠠᠢ ᠪᠠᠶᠢᠷᠢᠯᠠᠭᠤᠯᠤᠯᠲᠠ ᠪᠠᠭᠲᠠᠨ᠎ᠠ᠃       ᠬᠥᠷᠥᠰᠥ ᠰᠢᠷᠣᠢ ᠶᠢ ᠬᠠᠮᠠᠭᠠᠯᠠᠬᠤ ᠲᠥᠯᠦᠪᠵᠢᠭᠦᠯᠭᠡ ᠶᠢ ᠭᠠᠵᠠᠷ ᠰᠢᠷᠣᠢ ᠶᠢ ᠠᠰᠢᠭᠯᠠᠬᠤ ᠶᠡᠷᠦᠩᠬᠡᠢ ᠲᠥᠯᠦᠪᠵᠢᠭᠦᠯᠭᠡ᠂ ᠤᠰᠤᠨ ᠤ ᠡᠬᠢ ᠪᠠᠶᠠᠯᠢᠭ ᠤᠨ ᠲᠥᠯᠦᠪᠵᠢᠭᠦᠯᠭᠡ᠂ ᠬᠤᠲᠠ ᠬᠥᠳᠡᠭᠡ ᠶᠢᠨ ᠲᠥᠯᠦᠪᠵᠢᠭᠦᠯᠭᠡ ᠪᠠ ᠣᠷᠴᠢᠨ ᠠᠬᠤᠢ ᠶᠢᠨ ᠬᠠᠮᠠᠭᠠᠯᠠᠯᠲᠠ ᠶᠢᠨ ᠲᠥᠯᠦᠪᠵᠢᠭᠦᠯᠭᠡ ᠵᠡᠷᠭᠡ ᠲᠠᠢ ᠬᠠᠷᠢᠯᠴᠠᠨ ᠵᠣᠬᠢᠴᠠᠯᠳᠤᠭᠤᠯᠬᠤ ᠬᠡᠷᠡᠭᠲᠡᠢ᠃       ᠬᠥᠷᠥᠰᠥ ᠰᠢᠷᠣᠢ ᠶᠢ ᠬᠠᠮᠠᠭᠠᠯᠠᠬᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠨ ᠲᠤᠰᠬᠠᠢ ᠮᠡᠷᠭᠡᠵᠢᠯᠲᠡᠨ ᠪᠠ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠬᠡᠷᠡᠭᠲᠡᠢ᠃       ᠠᠷᠪᠠᠨ ᠳᠥᠷᠪᠡᠳᠦᠭᠡᠷ ᠵᠦᠢᠯ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠳᠠᠯᠢ ᠰᠠᠳᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ ᠪᠠᠶᠢᠭᠠᠳ ᠬᠥᠷᠥᠰᠥ ᠰᠢᠷᠣᠢ ᠶᠢ ᠬᠠᠮᠠᠭᠠᠯᠠᠬᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠲᠤᠰ ᠰᠠᠳᠤᠨ ᠤ ᠪᠠᠨ ᠠᠷᠠᠳ ᠤᠨ ᠵᠠᠰᠠᠭ ᠤᠨ ᠣᠷᠳᠣᠨ ᠪᠤᠶᠤ ᠲᠡᠭᠦᠨ ᠤ ᠡᠷᠬᠡ ᠣᠯᠭᠤᠭᠰᠠᠨ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃       ᠬᠥᠷᠥᠰᠥ ᠰᠢᠷᠣᠢ ᠶᠢ ᠬᠠᠮᠠᠭᠠᠯᠠᠬᠤ ᠲᠥᠯᠦᠪᠵᠢᠭᠦᠯᠭᠡ ᠶᠢ ᠵᠥᠪᠰᠢᠶᠡᠷᠡᠭᠦᠯᠦᠭᠰᠡᠨ ᠤ ᠳᠠᠷᠠᠭ᠎ᠠ ᠴᠢᠩᠭ᠎ᠠ ᠬᠡᠷᠡᠭᠵᠢᠭᠦᠯᠬᠦ ᠬᠡᠷᠡᠭᠲᠡᠢ︔ ᠵᠥᠪᠰᠢᠶᠡᠷᠡᠭᠦᠯᠦᠭᠰᠡᠨ ᠲᠥᠯᠦᠪᠵᠢᠭᠦᠯᠭᠡ ᠳᠤ ᠪᠣᠳᠠᠲᠠᠢ ᠪᠠᠶᠢᠳᠠᠯ ᠢ ᠦᠨᠳᠦᠰᠦᠯᠡᠨ ᠵᠠᠰᠠᠪᠤᠷᠢ ᠣᠷᠣᠭᠤᠯᠬᠤ ᠴᠢᠬᠤᠯᠠᠲᠠᠢ ᠪᠠᠶᠢᠪᠠᠯ᠂ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠢᠷᠤᠮ ᠶᠣᠰᠣᠭᠠᠷ ᠤᠤᠯ ᠤᠨ ᠵᠥᠪᠰᠢᠶᠡᠷᠡᠭᠰᠡᠨ ᠪᠠᠶᠢᠭᠤᠯᠭ᠎ᠠ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃       ᠠᠷᠪᠠᠨ ᠲᠠᠪᠤᠳᠤᠭᠠᠷ ᠵᠦᠢᠯ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠯᠲᠠ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠬᠤᠯᠪᠣᠭᠳᠠᠯ ᠪᠦᠬᠦᠢ ᠲᠥᠯᠦᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠤ ᠬᠥᠷᠥᠰᠥ ᠰᠢᠷᠣᠢ ᠶᠢᠨ ᠢᠳᠡᠭᠳᠡᠯ ᠢ ᠪᠤᠢ ᠪᠤᠯᠭᠠᠵᠤ ᠮᠡᠳᠡᠬᠦ ᠲᠥᠯᠦᠪᠵᠢᠭᠦᠯᠭᠡ ᠪᠠᠶᠢᠪᠠᠯ᠂ ᠲᠥᠯᠦᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠪᠠᠶᠢᠭᠤᠯᠭ᠎ᠠ ᠲᠥᠯᠦᠪᠵᠢᠭᠦᠯᠭᠡ ᠭᠦᠢᠴᠡᠳᠬᠡᠬᠦ ᠳᠡᠭᠡᠨ ᠬᠥᠷᠥᠰᠥ ᠰᠢᠷᠣᠢ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠠᠷᠭ᠎ᠠ ᠪᠣᠳᠣᠯᠭ᠎ᠠ ᠪᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠬᠤ ᠬᠡᠷᠡᠭᠲᠡᠢ ᠪᠥᠭᠡᠳ ᠲᠥᠯᠦᠪᠵᠢᠭᠦᠯᠭᠡ ᠶᠢ ᠬᠢᠨᠠᠨ ᠵᠥᠪᠰᠢᠶᠡᠷᠡᠭᠦᠯᠬᠦ ᠪᠠᠷ ᠮᠡᠳᠡᠭᠦᠯᠬᠦ ᠠᠴᠠ ᠡᠮᠦᠨ᠎ᠡ ᠲᠤᠰ ᠱᠠᠲᠤᠨ ᠤ ᠠᠷᠠᠳ ᠤᠨ ᠵᠠᠰᠠᠭ ᠎ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠢ᠃       ᠭᠤᠷᠪᠠᠳᠤᠭᠠᠷ ᠪᠦᠯᠦᠭ ᠤᠷᠢᠳᠴᠢᠯᠠᠨ ᠰᠡᠷᠭᠡᠶᠢᠯᠡᠬᠦ       ᠠᠷᠪᠠᠨ ᠵᠢᠷᠭᠤᠳᠤᠭᠠᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠎ ᠨᠤᠭᠤᠳ ᠬᠥᠷᠥᠰᠥ ᠰᠢᠷᠣᠢ ᠶᠢ ᠬᠠᠮᠠᠭᠠᠯᠠᠬᠤ ᠲᠥᠯᠦᠪᠵᠢᠭᠦᠯᠭᠡ ᠶᠢᠨ ᠶᠣᠰᠣᠭᠠᠷ ᠪᠢᠲᠡᠭᠦᠮᠵᠢᠯᠡᠨ ᠪᠣᠶᠢᠵᠢᠭᠤᠯᠵᠤ ᠬᠠᠮᠠᠭᠠᠯᠠᠬᠤ᠂ ᠠᠶᠠᠨᠳᠠᠭᠠᠨ ᠰᠡᠷᠭᠦᠭᠡᠬᠦ ᠵᠡᠷᠭᠡ ᠠᠷᠭ᠎ᠠ ᠬᠡᠮᠵᠢᠶ᠎ᠡ ᠠᠪᠴᠤ᠂ ᠨᠢᠭᠡᠴᠢ ᠪᠣᠯᠣᠨ ᠬᠤᠪᠢ ᠬᠥᠮᠥᠨ ᠢ ᠵᠣᠬᠢᠶᠠᠨ ᠪᠠᠶᠢᠭᠤᠯᠤᠨ ᠡᠪᠡᠰᠦ ᠮᠣᠳᠣ ᠲᠠᠷᠢᠵᠤ᠂ ᠣᠢ ᠮᠣᠳᠣ ᠡᠪᠡᠰᠦᠨ ᠤ ᠪᠦᠷᠬᠦᠴᠡ ᠶᠢᠨ ᠲᠠᠯᠠᠪᠠᠢ ᠶᠢ ᠥᠷᠭᠡᠳᠬᠡᠨ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠵᠤ᠂ ᠬᠥᠷᠥᠰᠥ ᠰᠢᠷᠣᠢ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠬᠥᠩᠭᠡᠷᠡᠭᠦᠯᠬᠦ ᠬᠡᠷᠡᠭᠲᠡᠢ᠃       ᠠᠷᠪᠠᠨ ᠳᠣᠯᠣᠳᠤᠭᠠᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠎ ᠨᠤᠭᠤᠳ ᠰᠢᠷᠣᠢ ᠠᠪᠬᠤ᠂ ᠬᠠᠶᠢᠷ ᠣᠯᠪᠤᠷᠢᠯᠠᠬᠤ᠂ ᠴᠢᠯᠠᠭᠤ ᠭᠠᠷᠭᠠᠬᠤ ᠵᠡᠷᠭᠡ ᠠᠵᠢᠯᠯᠠᠭ᠎ᠠ ᠶᠢᠨ ᠲᠤᠬᠠᠢ ᠬᠠᠮᠢᠶᠠᠷᠤᠯᠲᠠ ᠪᠠᠨ ᠴᠢᠩᠭᠠᠳᠬᠠᠵᠤ᠂ ᠬᠥᠷᠥᠰᠥ ᠰᠢᠷᠣᠢ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠬᠤ ᠬᠡᠷᠡᠭᠲᠡᠢ᠃       ᠨᠤᠷᠠᠵᠤ ᠶᠡᠭᠦᠷᠡᠬᠦ ᠠᠶᠤᠯ ᠲᠠᠢ ᠣᠷᠣᠨ ᠪᠠ ᠰᠢᠪᠠᠷ ᠴᠢᠯᠠᠭᠤᠨ ᠤ ᠤᠷᠤᠰᠬᠠᠯ ᠭᠢᠯᠪᠠᠷᠬᠠᠨ ᠭᠠᠷᠬᠤ ᠣᠷᠣᠨ ᠎ ᠳᠤ ᠰᠢᠷᠣᠢ ᠠᠪᠬᠤ᠂ ᠬᠠᠶᠢᠷ ᠣᠯᠪᠤᠷᠢᠯᠠᠬᠤ᠂ ᠴᠢᠯᠠᠭᠤ ᠭᠠᠷᠭᠠᠬᠤ ᠵᠡᠷᠭᠡ ᠬᠥᠷᠥᠰᠥ ᠰᠢᠷᠣᠢ ᠶᠢᠨ ᠢᠳᠡᠭᠳᠡᠯ ᠢ ᠪᠤᠢ ᠪᠤᠯᠭᠠᠵᠤ ᠮᠡᠳᠡᠬᠦ ᠠᠵᠢᠯᠯᠠᠭ᠎ᠠ ᠭᠦᠢᠴᠡᠳᠬᠡᠬᠦ ᠶᠢ ᠬᠤᠷᠢᠭᠯᠠᠨ᠎ᠠ᠃ ᠨᠤᠷᠠᠵᠤ ᠶᠡᠭᠦᠷᠡᠬᠦ ᠠᠶᠤᠯᠲᠠᠢ ᠣᠷᠣᠨ᠂ ᠨᠠᠯᠠᠤ ᠶᠡᠭᠦᠷᠡᠬᠦ ᠠᠶᠤᠯᠲᠠᠢ ᠣᠷᠣᠨ ᠪᠠ ᠰᠢᠪᠠᠷ ᠴᠢᠯᠠᠭᠤᠨ ᠤ ᠤᠷᠤᠰᠬᠠᠯ ᠠᠮᠠᠷᠬᠠᠨ ᠡᠭᠦᠰᠳᠡᠭ ᠣᠷᠣᠨ ᠤ ᠬᠦᠷᠢᠶ᠎ᠡ ᠬᠡᠪᠴᠢᠶ᠎ᠡ ᠶᠢ ᠰᠢᠶᠠᠩ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠵᠠᠭᠠᠭᠯᠠᠨ ᠲᠣᠭᠲᠠᠭᠠᠬᠤ ᠪᠥᠭᠡᠳ ᠵᠠᠷᠯᠠᠨ ᠨᠡᠶᠢᠲᠡᠯᠡᠬᠦ ᠬᠡᠷᠡᠭᠲᠡᠢ᠃ ᠨᠤᠷᠠᠵᠤ ᠶᠡᠭᠦᠷᠡᠬᠦ ᠠᠶᠤᠯᠲᠠᠢ ᠣᠷᠣᠨ᠂ ᠨᠠᠯᠠᠤ ᠶᠡᠭᠦᠷᠡᠬᠦ ᠠᠶᠤᠯᠲᠠᠢ ᠣᠷᠣᠨ ᠪᠠ ᠰᠢᠪᠠᠷ ᠴᠢᠯᠠᠭᠤᠨ ᠤ ᠤᠷᠤᠰᠬᠠᠯ ᠠᠮᠠᠷᠬᠠᠨ ᠡᠭᠦᠰᠳᠡᠭ ᠣᠷᠣᠨ ᠢ ᠵᠠᠭᠠᠭᠯᠠᠨ ᠲᠣᠭᠲᠠᠭᠠᠬᠤ ᠳᠤ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠳᠤ ᠲᠣᠭᠲᠠᠭᠠᠭᠰᠠᠨ ᠭᠠᠵᠠᠷ ᠤᠨ ᠭᠠᠢ ᠭᠠᠮᠰᠢᠭ ᠠᠮᠠᠷᠬᠠᠨ ᠡᠭᠦᠰᠳᠡᠭ ᠣᠷᠣᠨ᠂ ᠭᠤᠣᠯᠳᠠᠯᠭ᠎ᠠ ᠲᠠᠢ ᠰᠡᠷᠭᠡᠶᠢᠯᠡᠨ ᠵᠠᠰᠠᠬᠤ ᠣᠷᠣᠨ ᠲᠠᠢ ᠬᠠᠷᠢᠯᠴᠠᠨ ᠤᠶᠠᠯᠳᠤᠭᠤᠯᠬᠤ ᠬᠡᠷᠡᠭᠲᠡᠢ᠃       ᠠᠷᠪᠠᠨ ᠨᠠᠢᠮᠠᠳᠤᠭᠠᠷ ᠵᠦᠢᠯ ᠬᠥᠷᠥᠰᠥ ᠰᠢᠷᠣᠢ ᠶᠢᠨ ᠢᠳᠡᠭᠳᠡᠯ ᠢᠶᠠᠷ ᠬᠦᠨᠳᠦ ᠨᠣᠴᠢᠲᠠᠢ᠂ ᠠᠮᠢ ᠠᠬᠤᠢ ᠬᠡᠪᠡᠷᠡᠭ ᠭᠠᠵᠠᠷ ᠣᠷᠣᠨ ᠳᠤ ᠬᠥᠷᠥᠰᠥ ᠰᠢᠷᠣᠢ ᠶᠢᠨ ᠢᠳᠡᠭᠳᠡᠯ ᠢ ᠪᠤᠢ ᠪᠤᠯᠭᠠᠵᠤ ᠮᠡᠳᠡᠬᠦ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠢᠵᠠᠭᠠᠷᠯᠠᠬᠤ ᠪᠤᠶᠤ ᠬᠤᠷᠢᠭᠯᠠᠵᠤ᠂ ᠤᠷᠭᠤᠮᠠᠯ᠂ ᠡᠯᠡᠰᠦᠨ ᠬᠠᠯᠢᠰᠤ ᠂ ᠬᠠᠯᠢᠰᠤ᠂ ᠬᠠᠭ ᠵᠡᠷᠭᠡ ᠶᠢ ᠴᠢᠩᠭ᠎ᠠ ᠬᠠᠮᠠᠭᠠᠯᠠᠬᠤ ᠬᠡᠷᠡᠭᠲᠡᠢ᠃       ᠢᠳᠡᠭᠳᠡᠭᠰᠡᠨ ᠭᠤᠣ ᠶᠢᠨ ᠨᠠᠯᠠᠤ ᠪᠠ ᠡᠷᠭᠢ᠂ ᠭᠤᠣᠯ ᠮᠥᠷᠡᠨ ᠤ ᠬᠤᠶᠠᠷ ᠡᠷᠭᠢ ᠵᠢᠴᠢ ᠨᠠᠭᠤᠷ ᠲᠣᠭᠤᠷᠢᠮ ᠪᠠ ᠤᠰᠤᠨ ᠴᠥᠭᠦᠷᠥᠮ ᠤᠨ ᠡᠷᠭᠢᠨ ᠲᠣᠭᠤᠷᠢᠨ ᠳᠤ ᠭᠠᠵᠠᠷ ᠰᠢᠷᠣᠢ ᠶᠢᠨ ᠥᠮᠴᠢᠯᠡᠯ ᠤᠨ ᠡᠷᠬᠡᠲᠦ ᠬᠥᠮᠥᠨ᠂ ᠬᠡᠷᠡᠭᠯᠡᠬᠦ ᠡᠷᠬᠡᠲᠦ ᠬᠥᠮᠥᠨ ᠪᠤᠶᠤ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠨᠢᠭᠡᠴᠢ ᠨᠢ ᠤᠷᠭᠤᠮᠠᠯ ᠤᠨ ᠬᠠᠮᠠᠭᠠᠯᠠᠯᠲᠠ ᠶᠢᠨ ᠪᠦᠰᠡ ᠪᠠᠶᠢᠭᠤᠯᠬᠤ ᠬᠡᠷᠡᠭᠲᠡᠢ᠃ ᠤᠷᠭᠤᠮᠠᠯ ᠤᠨ ᠬᠠᠮᠠᠭᠠᠯᠠᠯᠲᠠ ᠶᠢᠨ ᠪᠦᠰᠡ ᠶᠢ ᠠᠲᠠᠷ ᠬᠠᠭᠠᠯᠪᠤᠷᠢᠯᠠᠬᠤ ᠪᠠ ᠨᠡᠭᠡᠭᠡᠨ ᠬᠥᠭᠵᠢᠭᠦᠯᠬᠦ ᠶᠢ ᠬᠤᠷᠢᠭᠯᠠᠨ᠎ᠠ᠃       ᠠᠷᠪᠠ ᠶᠢᠰᠦᠳᠦᠭᠡᠷ ᠵᠦᠢᠯ ᠬᠥᠷᠥᠰᠥ ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢᠨ ᠥᠮᠴᠢᠯᠡᠬᠦ ᠡᠷᠬᠡᠲᠦ ᠬᠥᠮᠥᠨ ᠪᠤᠶᠤ ᠬᠡᠷᠡᠭᠯᠡᠬᠦ ᠡᠷᠬᠡᠲᠦ ᠬᠥᠮᠥᠨ ᠨᠢ ᠬᠥᠷᠥᠰᠥ ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢᠨ ᠬᠠᠮᠢᠶᠠᠷᠤᠯᠲᠠ ᠪᠣᠯᠣᠨ ᠬᠠᠮᠠᠭᠠᠯᠠᠯᠲᠠ ᠪᠠᠨ ᠴᠢᠩᠭᠠᠳᠬᠠᠵᠤ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠲᠡᠭᠦᠨ ᠤ ᠴᠢᠳᠠᠮᠵᠢ ᠶᠢ ᠬᠡᠪ ᠤᠨ ᠶᠣᠰᠣᠭᠠᠷ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ᠃       ᠬᠤᠷᠢᠳᠤᠭᠠᠷ ᠵᠦᠢᠯ 25 ᠭᠢᠯᠪᠠᠷ ᠠᠴᠠ ᠳᠡᠭᠡᠭᠰᠢᠬᠢ ᠡᠭᠴᠡ ᠨᠠᠯᠠᠤ ᠭᠠᠵᠠᠷ ᠲᠤ ᠠᠲᠠᠷ ᠬᠠᠭᠠᠯᠪᠤᠷᠢᠯᠠᠵᠤ ᠲᠠᠷᠢᠶ᠎ᠠ ᠲᠠᠷᠢᠬᠤ ᠶᠢ ᠬᠤᠷᠢᠭᠯᠠᠬᠤ ᠬᠡᠷᠡᠭᠲᠡᠢ᠃ ᠬᠤᠷᠢᠨ ᠲᠠᠪᠤᠨ ᠭᠷᠡᠳᠦ᠋ᠰ ᠠᠴᠠ ᠳᠡᠭᠡᠭᠰᠢᠬᠢ ᠡᠭᠴᠡ ᠬᠥᠲᠥᠯ ᠭᠠᠵᠠᠷ ᠲᠤ ᠠᠵᠤ ᠠᠬᠤᠢ ᠶᠢᠨ ᠣᠢ ᠲᠠᠷᠢᠵᠤ ᠤᠷᠭᠤᠭᠤᠯᠬᠤ ᠳᠤ᠂ ᠮᠣᠳᠣᠨ ᠤ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠰᠣᠩᠭᠤᠵᠤ᠂ ᠬᠡᠪᠴᠢᠶ᠎ᠡ ᠶᠢ ᠨᠢ ᠵᠦᠢ ᠵᠣᠬᠢᠰᠲᠠᠢ ᠲᠣᠭᠲᠠᠭᠠᠵᠤ᠂ ᠬᠥᠷᠥᠰᠥ ᠰᠢᠷᠣᠢ ᠶᠢ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠬᠥᠷᠥᠰᠥ ᠰᠢᠷᠣᠢ ᠶᠢᠨ ᠢᠳᠡᠭᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃       ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠲᠤᠰ ᠵᠠᠰᠠᠭ ᠵᠠᠬᠢᠷᠭᠠᠨ ᠤ ᠣᠷᠣᠨ ᠤ ᠎ ᠪᠠᠨ ᠪᠣᠳᠠᠲᠤ ᠪᠠᠶᠢᠳᠠᠯ ᠢ ᠦᠨᠳᠦᠰᠦᠯᠡᠨ᠂ ᠠᠲᠠᠷ ᠬᠠᠭᠠᠯᠪᠤᠷᠢᠯᠠᠬᠤ ᠶᠢ ᠬᠤᠷᠢᠭᠯᠠᠬᠤ ᠬᠤᠷᠢᠨ ᠲᠠᠪᠤᠨ ᠭᠷᠠᠳᠦᠶᠢᠰ ᠎ ᠠᠴᠠ ᠪᠠᠭ᠎ᠠ ᠨᠠᠯᠠᠤᠴᠠ ᠶᠢ ᠲᠣᠭᠲᠠᠭᠠᠵᠤ ᠪᠣᠯᠣᠨ᠎ᠠ᠃ ᠠᠲᠠᠷ ᠬᠠᠭᠠᠯᠪᠤᠷᠢᠯᠠᠬᠤ ᠶᠢ ᠬᠤᠷᠢᠭᠯᠠᠬᠤ ᠡᠭᠴᠡ ᠨᠠᠯᠠᠤ ᠭᠠᠵᠠᠷ ᠤᠨ ᠬᠡᠪᠴᠢᠶ᠎ᠡ ᠶᠢ ᠲᠤᠬᠠᠢ ᠶᠢᠨ ᠭᠠᠵᠠᠷ ᠤᠨ ᠰᠢᠶᠠᠩ ᠤ ᠰᠠᠳᠤᠨ ᠤ ᠠᠷᠠᠳ ᠤᠨ ᠵᠠᠰᠠᠭ ᠤᠨ ᠣᠷᠳᠣᠨ ᠎ ᠠᠴᠠ ᠵᠠᠭᠠᠭᠯᠠᠨ ᠲᠣᠭᠲᠠᠭᠠᠬᠤ ᠪᠥᠭᠡᠳ ᠠᠯᠪᠠᠨ ᠵᠠᠷ ᠭᠠᠷᠭᠠᠨ ᠨᠡᠶᠢᠲᠡᠯᠡᠬᠦ ᠬᠡᠷᠡᠭᠲᠡᠢ᠃       ᠬᠤᠷᠢᠨ ᠨᠢᠭᠡᠳᠦᠭᠡᠷ ᠵᠦᠢᠯ ᠣᠢ ᠰᠢᠭᠤᠢ ᠶᠢ ᠡᠪᠳᠡᠬᠦ᠂ ᠡᠪᠡᠰᠦ ᠪᠡᠯᠴᠢᠭᠡᠷ ᠢ ᠡᠪᠳᠡᠬᠦ ᠬᠠᠭᠠᠯᠪᠤᠷᠢᠯᠠᠬᠤ ᠪᠠ ᠭᠡᠵᠢᠭᠡ ᠡᠪᠡᠰᠦ ᠲᠡᠭᠦᠵᠦ ᠴᠤᠭᠯᠠᠭᠤᠯᠬᠤ ᠶᠢ ᠬᠤᠷᠢᠭᠯᠠᠨ᠎ᠠ᠃ ᠬᠥᠷᠥᠰᠥ ᠰᠢᠷᠣᠢ ᠶᠢᠨ ᠢᠳᠡᠭᠳᠡᠯ ᠢ ᠭᠤᠣᠯᠳᠠᠯᠭ᠎ᠠ ᠎ ᠲᠠᠢ ᠤᠷᠢᠳᠴᠢᠯᠠᠨ ᠰᠡᠷᠭᠡᠶᠢᠯᠡᠬᠦ ᠣᠷᠣᠨ ᠪᠠ ᠭᠤᠣᠯᠳᠠᠯᠭ᠎ᠠ ᠲᠠᠢ ᠵᠠᠰᠠᠬᠤ ᠣᠷᠣᠨ ᠳᠤ ᠵᠦᠯᠭᠡ ᠶᠢ ᠬᠤᠰᠤᠵᠤ ᠠᠪᠬᠤ᠂ ᠮᠣᠳᠣᠨ ᠤ ᠦᠨᠳᠦᠰᠦ ᠶᠣᠵᠣᠭᠤᠷ ᠢ ᠣᠯᠪᠤᠷᠢᠯᠠᠬᠤ ᠪᠤᠶᠤ ᠬᠤᠷᠣᠬᠠᠢ ᠮᠥᠭᠦ᠂ ᠰᠢᠬᠢᠷ ᠡᠪᠡᠰᠦ᠂ ᠵᠡᠭᠡᠷᠭᠡᠨ᠎ᠡ ᠵᠡᠷᠭᠡ ᠶᠢ ᠳᠤᠷ᠎ᠠ ᠪᠠᠷ ᠢᠶᠠᠨ ᠣᠯᠪᠤᠷᠢᠯᠠᠬᠤ ᠶᠢ ᠬᠤᠷᠢᠭᠯᠠᠨ᠎ᠠ᠃       ᠬᠤᠷᠢᠨ ᠬᠤᠶᠠᠳᠤᠭᠠᠷ ᠵᠦᠢᠯ ᠣᠢ ᠮᠣᠳᠣ ᠶᠢ ᠣᠭᠲᠣᠯᠬᠤ ᠳᠤ ᠵᠦᠢ ᠵᠣᠬᠢᠰᠲᠠᠢ ᠠᠷᠭ᠎ᠠ ᠭᠡᠯᠪᠡᠷᠢ ᠶᠢ ᠠᠪᠴᠤ᠂ ᠬᠤᠭᠤᠰᠤᠷᠠᠲᠠᠯ᠎ᠠ ᠣᠭᠲᠣᠯᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ︔ ᠤᠰᠤᠨ ᠰᠤᠷᠪᠤᠯᠵᠢ ᠶᠢ ᠬᠠᠳᠠᠭᠠᠯᠠᠬᠤ ᠣᠢ᠂ ᠬᠥᠷᠥᠰᠥ ᠰᠢᠷᠣᠢ ᠶᠢ ᠬᠠᠮᠠᠭᠠᠯᠠᠬᠤ ᠣᠢ᠂ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠣᠢ ᠵᠡᠷᠭᠡ ᠬᠠᠯᠬᠠᠪᠴᠢ ᠣᠢ ᠶᠢ ᠪᠣᠯ ᠵᠥᠪᠭᠡᠨ ᠠᠷᠠᠴᠢᠯᠠᠨ ᠪᠣᠶᠢᠵᠢᠭᠤᠯᠬᠤ ᠪᠠ ᠰᠢᠨᠡᠳᠬᠡᠬᠦ ᠴᠢᠨᠠᠷᠲᠠᠢ ᠪᠠᠷ ᠣᠭᠲᠣᠯᠬᠤ ᠶᠢ ᠯᠡ ᠬᠢᠵᠦ ᠪᠣᠯᠣᠨ᠎ᠠ︔ ᠣᠢ ᠮᠣᠳᠣ ᠣᠭᠲᠣᠯᠬᠤ ᠣᠷᠣᠨ ᠪᠠ ᠮᠣᠳᠣᠨ ᠮᠠᠲ᠋ᠧᠷᠢᠶᠠᠯ ᠴᠤᠭᠯᠠᠭᠤᠯᠬᠤ ᠵᠠᠮ ᠳᠤ ᠬᠥᠷᠥᠰᠥ ᠰᠢᠷᠣᠢ ᠶᠢᠨ ᠢᠳᠡᠭᠳᠡᠬᠦ ᠶᠢ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ ᠪᠥᠭᠡᠳ ᠮᠣᠳᠣ ᠣᠭᠲᠣᠯᠣᠭᠰᠠᠨ ᠤ ᠳᠠᠷᠠᠭ᠎ᠠ ᠴᠠᠭ ᠲᠤᠬᠠᠢ ᠳᠤᠨᠢ ᠰᠢᠨᠡᠳᠬᠡᠨ ᠣᠶᠢᠵᠢᠭᠤᠯᠬᠤ ᠬᠡᠷᠡᠭᠲᠡᠢ᠃       ᠰᠢᠭᠤᠶᠢᠲᠤ ᠣᠷᠣᠨ ᠳᠤ ᠣᠢ ᠮᠣᠳᠣ ᠣᠭᠲᠣᠯᠬᠤ ᠳᠤ ᠮᠣᠳᠣ ᠣᠭᠲᠣᠯᠬᠤ ᠲᠥᠰᠥᠪ ᠲᠡᠭᠡᠨ ᠬᠥᠷᠥᠰᠥ ᠰᠢᠷᠣᠢ ᠶᠢ ᠬᠠᠮᠠᠭᠠᠯᠠᠬᠤ ᠠᠷᠭ᠎ᠠ ᠬᠡᠮᠵᠢᠶ᠎ᠡ ᠪᠠᠶᠢᠬᠤ ᠬᠡᠷᠡᠭᠲᠡᠢ᠃ ᠣᠢ ᠮᠣᠳᠣ ᠣᠭᠲᠣᠯᠬᠤ ᠲᠥᠰᠥᠪ ᠢ ᠣᠢ ᠰᠢᠭᠤᠢ ᠎ ᠶᠢᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠣᠢ ᠰᠢᠭᠤᠢ ᠶᠢᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃       ᠬᠤᠷᠢᠨ ᠭᠤᠷᠪᠠᠳᠤᠭᠠᠷ ᠵᠦᠢᠯ ᠲᠠᠪᠤᠨ ᠭᠷᠠᠳᠦᠶᠢᠰ ᠠᠴᠠ ᠳᠡᠭᠡᠭᠰᠢᠬᠢ ᠨᠠᠯᠠᠤ ᠭᠠᠵᠠᠷ ᠲᠤ ᠮᠣᠳᠣ ᠲᠠᠷᠢᠵᠤ ᠣᠶᠢᠵᠢᠭᠤᠯᠬᠤ᠂ ᠵᠤᠯᠵᠠᠭ᠎ᠠ ᠮᠣᠳᠣ ᠠᠷᠠᠴᠢᠯᠠᠨ ᠪᠣᠶᠢᠵᠢᠭᠤᠯᠬᠤ᠂ ᠬᠢᠲᠠᠳ ᠡᠮ ᠤᠨ ᠮᠠᠲ᠋ᠧᠷᠢᠶᠠᠯ ᠲᠠᠷᠢᠬᠤ ᠵᠡᠷᠭᠡ ᠳᠤ ᠬᠥᠷᠥᠰᠥ ᠰᠢᠷᠣᠢ ᠶᠢ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃       ᠠᠲᠠᠷ ᠬᠠᠭᠠᠯᠪᠤᠷᠢᠯᠠᠬᠤ ᠶᠢ ᠬᠤᠷᠢᠭᠯᠠᠬᠤ ᠨᠠᠯᠠᠤ ᠶᠢᠨ ᠬᠡᠮᠵᠢᠶ᠎ᠡ ᠳᠣᠷᠣᠭᠰᠢ᠂ 5 ᠭᠷᠡᠳᠦ᠋ᠰ ᠠᠴᠠ ᠳᠡᠭᠡᠭᠰᠢᠬᠢ ᠠᠲᠠᠷ ᠨᠠᠯᠠᠤ ᠭᠠᠵᠠᠷ ᠢ ᠬᠠᠭᠠᠯᠪᠤᠷᠢᠯᠠᠵᠤ ᠲᠠᠷᠢᠮᠠᠯ ᠲᠠᠷᠢᠬᠤ ᠳᠤ ᠬᠥᠷᠥᠰᠥ ᠰᠢᠷᠣᠢ ᠶᠢ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠪᠣᠳᠠᠲᠠᠢ ᠠᠷᠭ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠴᠠ ᠲᠤᠰ ᠵᠠᠰᠠᠭ ᠵᠠᠬᠢᠷᠭᠠᠨ ᠤ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ ᠲᠣᠭᠲᠠᠭᠠᠨ᠎ᠠ᠃       ᠬᠤᠷᠢᠨ ᠳᠥᠷᠪᠡᠳᠦᠭᠡᠷ ᠵᠦᠢᠯ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠭᠠᠵᠠᠷ ᠰᠣᠩᠭᠤᠬᠤ᠂ ᠱᠤᠭᠤᠮ ᠰᠣᠩᠭᠤᠬᠤ ᠳᠠᠭᠠᠨ ᠬᠥᠷᠥᠰᠥ ᠰᠢᠷᠣᠢ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠣᠷᠣᠨ ᠪᠠ ᠭᠤᠣᠯᠳᠠᠯᠭ᠎ᠠ ᠲᠠᠢ ᠵᠠᠰᠠᠬᠤ ᠣᠷᠣᠨ ᠠᠴᠠ ᠵᠠᠶᠢᠯᠠᠬᠤ ᠬᠡᠷᠡᠭᠲᠡᠢ︔ ᠵᠠᠶᠢᠯᠠᠭᠤᠯᠬᠤ ᠶᠢᠨ ᠠᠷᠭ᠎ᠠ ᠦᠭᠡᠢ ᠪᠠᠶᠢᠪᠠᠯ᠂ ᠰᠡᠷᠭᠡᠶᠢᠯᠡᠨ ᠵᠠᠰᠠᠬᠤ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠪᠠᠷᠢᠯᠭ᠎ᠠ ᠪᠠᠷᠢᠬᠤ ᠤᠷᠠᠨ ᠮᠡᠷᠭᠡᠰᠢᠯ ᠢ ᠰᠢᠯᠢᠳᠡᠭᠵᠢᠭᠦᠯᠦᠨ᠂ ᠭᠠᠵᠠᠷ ᠤᠨ ᠭᠠᠳᠠᠷᠭᠤ ᠶᠢ ᠰᠠᠮᠠᠭᠤᠷᠠᠭᠤᠯᠬᠤ ᠪᠠ ᠤᠷᠭᠤᠮᠠᠯ ᠤᠨ ᠬᠤᠴᠢᠯᠭ᠎ᠠ ᠶᠢᠨ ᠡᠪᠳᠡᠷᠡᠬᠦ ᠬᠡᠪᠴᠢᠶ᠎ᠡ ᠶᠢ ᠪᠠᠭᠠᠰᠬᠠᠵᠤ᠂ ᠬᠥᠷᠥᠰᠥ ᠰᠢᠷᠣᠢ ᠶᠢᠨ ᠢᠳᠡᠭᠳᠡᠯ ᠢ ᠪᠤᠢ ᠪᠤᠯᠭᠠᠵᠤ ᠮᠡᠳᠡᠬᠦ ᠪᠦᠲᠦᠮᠵᠢᠲᠡᠢ ᠬᠢᠵᠠᠭᠠᠷᠯᠠᠬᠤ ᠬᠡᠷᠡᠭᠲᠡᠢ᠃       ᠬᠤᠷᠢᠨ ᠲᠠᠪᠤᠳᠤᠭᠠᠷ ᠵᠦᠢᠯ ᠠᠭᠤᠯᠠᠷᠬᠠᠭ ᠣᠷᠣᠨ᠂ ᠳᠣᠪᠣᠷᠬᠠᠭ ᠣᠷᠣᠨ᠂ ᠰᠠᠯᠬᠢ ᠰᠢᠭᠤᠷᠭᠠᠨ ᠶᠡᠬᠡᠲᠡᠢ ᠣᠷᠣᠨ ᠵᠢᠴᠢ ᠬᠥᠷᠥᠰᠥ ᠰᠢᠷᠣᠢ ᠶᠢ ᠬᠠᠮᠠᠭᠠᠯᠠᠬᠤ ᠲᠥᠯᠦᠪᠵᠢᠭᠦᠯᠭᠡ ᠳᠤ ᠲᠣᠭᠲᠠᠭᠠᠭᠰᠠᠨ ᠬᠥᠷᠥᠰᠥ ᠰᠢᠷᠣᠢ ᠶᠢᠨ ᠢᠳᠡᠭᠳᠡᠯ ᠠᠮᠠᠷᠬᠠᠨ ᠡᠭᠦᠰᠳᠡᠭ ᠪᠤᠰᠤᠳ ᠣᠷᠣᠨ ᠪᠦᠰᠡ ᠳᠤ ᠬᠥᠷᠥᠰᠥ ᠰᠢᠷᠣᠢ ᠶᠢᠨ ᠢᠳᠡᠭᠳᠡᠯ ᠢ ᠪᠤᠢ ᠪᠤᠯᠭᠠᠵᠤ ᠮᠡᠳᠡᠬᠦ ᠦᠢᠯᠡᠳᠪᠦᠷᠢᠯᠡᠯ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠡᠷᠭᠢᠯᠡᠭᠦ ᠳᠤ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢᠶᠠᠨ ᠨᠠᠶᠢᠷᠠᠭᠤᠯᠤᠨ ᠵᠣᠬᠢᠶᠠᠵᠤ᠂ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠎ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠢ ᠪᠥᠭᠡᠳ ᠵᠥᠪᠰᠢᠶᠡᠷᠡᠭᠦᠯᠦᠭᠰᠡᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠤᠨ ᠢᠶᠠᠨ ᠶᠣᠰᠣᠭᠠᠷ᠂ ᠬᠥᠷᠥᠰᠥ ᠰᠢᠷᠣᠢ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠨᠠᠶᠢᠷᠠᠭᠤᠯᠤᠨ ᠵᠣᠬᠢᠶᠠᠬᠤ ᠴᠢᠳᠠᠪᠤᠷᠢ ᠦᠭᠡᠢ ᠪᠠᠶᠢᠪᠠᠯ᠂ ᠵᠣᠬᠢᠴᠠᠩᠭᠤᠢ ᠮᠡᠷᠭᠡᠵᠢᠯ ᠤᠨ ᠨᠥᠬᠦᠴᠡᠯ ᠢ ᠪᠦᠷᠢᠯᠳᠦᠭᠦᠯᠦᠭᠰᠡᠨ ᠪᠠᠶᠢᠭᠤᠯᠤᠮᠵᠢ ᠳᠤ ᠨᠠᠶᠢᠳᠠᠨ ᠨᠠᠶᠢᠷᠠᠭᠤᠯᠤᠨ ᠵᠣᠬᠢᠶᠠᠯᠭᠠᠬᠤ ᠬᠡᠷᠡᠭᠲᠡᠢ᠃       ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠳᠤ ᠬᠥᠷᠥᠰᠥ ᠰᠢᠷᠣᠢ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠬᠡᠪᠴᠢᠶ᠎ᠡ᠂ ᠬᠠᠷᠠᠯᠲᠠ᠂ ᠠᠷᠭ᠎ᠠ ᠬᠡᠮᠵᠢᠶ᠎ᠡ ᠪᠠ ᠪᠡᠯᠡ ᠣᠷᠣᠭᠤᠯᠤᠯᠲᠠ ᠵᠡᠷᠭᠡ ᠠᠭᠤᠯᠭ᠎ᠠ ᠶᠢ ᠪᠠᠭᠲᠠᠭᠠᠬᠤ ᠬᠡᠷᠡᠭᠲᠡᠢ᠃       ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠵᠥᠪᠰᠢᠶᠡᠷᠡᠭᠦᠯᠦᠭᠰᠡᠨ ᠤ ᠳᠠᠷᠠᠭ᠎ᠠ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠭᠠᠵᠠᠷ᠂ ᠬᠡᠪᠴᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠠᠶᠢᠪᠠᠯ᠂ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠨᠥᠬᠦᠪᠦᠷᠢᠯᠡᠬᠦ ᠪᠤᠶᠤ ᠵᠠᠰᠠᠪᠤᠷᠢ ᠣᠷᠣᠭᠤᠯᠬᠤ ᠶᠢᠨ ᠬᠠᠮᠲᠤ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠬᠡᠷᠡᠭᠵᠢᠭᠦᠯᠬᠦ ᠶᠠᠪᠤᠴᠠ ᠳᠤ ᠬᠥᠷᠥᠰᠥ ᠰᠢᠷᠣᠢ ᠶᠢ ᠬᠠᠮᠠᠭᠠᠯᠠᠬᠤ ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠭᠠᠬᠤ ᠴᠢᠬᠤᠯᠠ ᠲᠠᠢ ᠪᠣᠯ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠤᠯᠭ᠎ᠠ ᠪᠠᠷ ᠵᠥᠪᠰᠢᠶᠡᠷᠡᠭᠦᠯᠬᠦ ᠬᠡᠷᠡᠭᠲᠡᠢ᠃       ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠦᠢᠯ ᠡᠰ ᠤᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠨᠠᠶᠢᠷᠠᠭᠤᠯᠤᠨ ᠵᠣᠬᠢᠶᠠᠬᠤ ᠪᠠ ᠬᠢᠨᠠᠨ ᠵᠥᠪᠰᠢᠶᠡᠷᠡᠬᠦ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶᠠᠨ ᠎ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃       ᠬᠤᠷᠢᠨ ᠵᠢᠷᠭᠤᠳᠤᠭᠠᠷ ᠵᠦᠢᠯ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠬᠠᠤᠯᠢ ᠶᠣᠰᠣᠭᠠᠷ ᠨᠠᠶᠢᠷᠠᠭᠤᠯᠤᠨ ᠵᠣᠬᠢᠶᠠᠬᠤ ᠶᠣᠰᠣᠲᠠᠢ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠨᠠᠶᠢᠷᠠᠭᠤᠯᠤᠨ ᠵᠣᠬᠢᠶᠠᠭᠰᠠᠨ ᠦᠭᠡᠢ ᠪᠤᠶᠤ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢᠶᠠᠨ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠦᠭᠡᠢ ᠪᠠᠶᠢᠪᠠᠯ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ ᠪᠤᠯᠬᠤ ᠦᠭᠡᠢ᠃       ᠬᠤᠷᠢᠨ ᠳᠣᠯᠣᠳᠤᠭᠠᠷ ᠵᠦᠢᠯ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠬᠠᠤᠯᠢ ᠶᠣᠰᠣᠭᠠᠷ ᠨᠠᠶᠢᠷᠠᠭᠤᠯᠤᠨ ᠵᠣᠬᠢᠶᠠᠬᠤ ᠶᠣᠰᠣᠲᠠᠢ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠳᠣᠲᠣᠷᠠᠬᠢ ᠬᠥᠷᠥᠰᠥ ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢ ᠭᠤᠣᠯ ᠪᠠᠷᠢᠯᠭ᠎ᠠ ᠲᠠᠢ ᠪᠠᠨ ᠬᠠᠮᠲᠤ ᠳᠤᠨᠢ ᠵᠢᠷᠤᠵᠤ ᠲᠥᠯᠥᠪᠯᠡᠵᠦ᠂ ᠬᠠᠮᠲᠤ ᠳᠤᠨᠢ ᠪᠠᠷᠢᠵᠤ᠂ ᠬᠠᠮᠲᠤ ᠳᠤᠨᠢ ᠠᠰᠢᠭᠯᠠᠯᠲᠠ ᠳᠤ ᠣᠷᠣᠭᠤᠯᠵᠤ ᠬᠡᠷᠡᠭᠯᠡᠬᠦ ᠬᠡᠷᠡᠭᠲᠡᠢ︔ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ ᠳᠠᠭᠠᠨ ᠬᠥᠷᠥᠰᠥ ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠬᠤ ᠬᠡᠷᠡᠭᠲᠡᠢ︔ ᠬᠥᠷᠥᠰᠥ ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠠᠰᠢᠭᠯᠠᠯᠲᠠ ᠳᠤ ᠣᠷᠣᠭᠤᠯᠵᠤ ᠬᠡᠷᠡᠭᠯᠡᠵᠦ ᠪᠤᠯᠬᠤ ᠦᠭᠡᠢ᠃       ᠬᠤᠷᠢᠨ ᠨᠠᠢᠮᠠᠳᠤᠭᠠᠷ ᠵᠦᠢᠯ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠬᠠᠤᠯᠢ ᠶᠣᠰᠣᠭᠠᠷ ᠨᠠᠶᠢᠷᠠᠭᠤᠯᠤᠨ ᠵᠣᠬᠢᠶᠠᠬᠤ ᠶᠣᠰᠣᠲᠠᠢ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠳᠤᠮᠳᠠ ᠢᠯᠭᠠᠨ ᠬᠠᠶᠠᠭᠰᠠᠨ ᠬᠠᠶᠢᠷ᠂ ᠴᠢᠯᠠᠭᠤ᠂ ᠰᠢᠷᠣᠢ᠂ ᠨᠡᠭᠦᠷᠡᠰᠦᠨ ᠴᠢᠯᠠᠭᠤ᠂ ᠦᠯᠡᠳᠡᠭᠳᠡᠯ ᠬᠦᠳᠡᠷ᠂ ᠬᠠᠶᠠᠭᠳᠠᠮᠠᠯ ᠰᠢᠭᠠᠷᠤ ᠵᠡᠷᠭᠡ ᠶᠢ ᠶᠡᠷᠦᠩᠬᠡᠶᠢᠯᠡᠨ ᠠᠰᠢᠭᠯᠠᠬᠤ ᠬᠡᠷᠡᠭᠲᠡᠢ︔ ᠶᠡᠷᠦᠩᠬᠡᠶᠢᠯᠡᠨ ᠠᠰᠢᠭᠯᠠᠵᠤ ᠴᠢᠳᠠᠬᠤ ᠦᠭᠡᠢ᠂ ᠦᠨᠡᠬᠡᠷ ᠬᠡᠷᠡᠭᠴᠡᠭᠡ ᠠᠴᠠ ᠭᠠᠷᠭᠠᠬᠤ ᠴᠢᠬᠤᠯᠠ ᠲᠠᠢ ᠪᠣᠯ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠳᠤ ᠲᠣᠭᠲᠠᠭᠠᠭᠰᠠᠨ ᠲᠤᠰᠬᠠᠢ ᠬᠠᠳᠠᠭᠠᠯᠠᠬᠤ ᠭᠠᠵᠠᠷ ᠲᠤ ᠣᠪᠣᠭᠠᠯᠠᠵᠤ ᠲᠠᠯᠪᠢᠬᠤ ᠬᠡᠷᠡᠭᠲᠡᠢ ᠪᠥᠭᠡᠳ ᠠᠷᠭ᠎ᠠ ᠬᠡᠮᠵᠢᠶ᠎ᠡ ᠠᠪᠴᠤ ᠪᠠᠶᠢᠭᠠᠳ ᠰᠢᠨ᠎ᠡ ᠬᠤᠣᠷ ᠬᠥᠨᠥᠭᠡᠯ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃       ᠬᠤᠷᠢ ᠶᠢᠰᠦᠳᠦᠭᠡᠷ ᠵᠦᠢᠯ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠂ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠬᠡᠷᠡᠭᠵᠢᠭᠦᠯᠦᠭᠰᠡᠨ ᠪᠠᠶᠢᠳᠠᠯ ᠢ ᠮᠥᠷᠳᠡᠨ ᠪᠠᠶᠢᠴᠠᠭᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃       ᠳᠥᠷᠪᠡᠳᠦᠭᠡᠷ ᠪᠦᠯᠦᠭ ᠵᠠᠰᠠᠬᠤ       ᠭᠤᠴᠢᠳᠤᠭᠠᠷ ᠵᠦᠢᠯ ᠤᠯᠤᠰ ᠠᠴᠠ ᠬᠥᠷᠥᠰᠥ ᠰᠢᠷᠣᠢ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠣᠷᠣᠨ ᠪᠠ ᠭᠤᠣᠯᠳᠠᠯᠭ᠎ᠠ ᠲᠠᠢ ᠵᠠᠰᠠᠬᠤ ᠣᠷᠣᠨ ᠤ ᠨᠠᠯᠠᠤ ᠶᠢᠨ ᠲᠠᠷᠢᠶᠠᠨ ᠭᠠᠵᠠᠷ ᠢ ᠱᠠᠲᠤᠨ ᠲᠠᠷᠢᠶ᠎ᠠ ᠪᠣᠯᠭᠠᠨ ᠥᠭᠡᠷᠡᠴᠢᠯᠡᠬᠦ᠂ ᠨᠦᠯᠦᠮᠡᠯ ᠭᠠᠵᠠᠷ ᠤᠨ ᠬᠠᠰᠢᠯᠭ᠎ᠠ ᠭᠠᠷᠭᠠᠬᠤ ᠵᠡᠷᠭᠡ ᠬᠥᠷᠥᠰᠥ ᠰᠢᠷᠣᠢ ᠎ ᠶᠢ ᠬᠠᠮᠠᠭᠠᠯᠠᠬᠤ ᠭᠤᠣᠯᠳᠠᠯᠭ᠎ᠠ ᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠮᠢ ᠠᠬᠤᠢ ᠎ ᠶᠢᠨ ᠰᠡᠷᠭᠦᠭᠡᠯᠲᠡ ᠶᠢᠨ ᠡᠷᠴᠢᠮ ᠢ ᠴᠢᠩᠭᠠᠷᠠᠭᠤᠯᠤᠨ᠎ᠠ᠃       ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠎ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠳ ᠬᠥᠷᠥᠰᠥ ᠰᠢᠷᠣᠢ ᠶᠢ ᠬᠠᠮᠠᠭᠠᠯᠠᠬᠤ ᠭᠤᠣᠯᠳᠠᠯᠭ᠎ᠠ ᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯᠯᠠᠭᠠᠨ ᠎ ᠤ ᠬᠠᠮᠢᠶᠠᠷᠴᠤ ᠬᠠᠮᠠᠭᠠᠯᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃       ᠭᠤᠴᠢᠨ ᠨᠢᠭᠡᠳᠦᠭᠡᠷ ᠵᠦᠢᠯ ᠤᠯᠤᠰ ᠠᠴᠠ ᠭᠤᠣᠯ ᠮᠥᠷᠡᠨ ᠤ ᠡᠬᠢ ᠣᠷᠣᠨ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠪᠠ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠣᠷᠣᠨ ᠤ ᠬᠥᠷᠥᠰᠥ ᠰᠢᠷᠣᠢ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠠᠵᠢᠯ ᠢ ᠴᠢᠩᠭᠠᠳᠬᠠᠵᠤ᠂ ᠣᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠤᠨ᠂ ᠬᠥᠷᠥᠰᠥ ᠰᠢᠷᠣᠢ ᠶᠢ ᠬᠠᠮᠠᠭᠠᠯᠠᠬᠤ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢ ᠤᠯᠤᠰ ᠠᠴᠠ ᠲᠣᠭᠲᠠᠭᠠᠭᠰᠠᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠳᠦᠷᠢᠮ ᠳᠤ ᠣᠷᠣᠭᠤᠯᠤᠨ᠎ᠠ᠃       ᠭᠤᠴᠢᠨ ᠬᠤᠶᠠᠳᠤᠭᠠᠷ ᠵᠦᠢᠯ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠡᠷᠭᠢᠯᠡᠭᠦ ᠪᠤᠶᠤ ᠪᠤᠰᠤᠳ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠬᠢᠭᠡᠳ ᠬᠥᠷᠥᠰᠥ ᠰᠢᠷᠣᠢ ᠶᠢᠨ ᠢᠳᠡᠭᠳᠡᠯ ᠢ ᠪᠤᠢ ᠪᠤᠯᠭᠠᠬᠰᠠᠨ ᠪᠠᠶᠢᠪᠠᠯ ᠵᠠᠰᠠᠬᠤ ᠬᠡᠷᠡᠭᠲᠡᠢ᠃       ᠠᠭᠤᠯᠠᠷᠬᠠᠭ ᠣᠷᠣᠨ᠂ ᠳᠣᠪᠣᠷᠬᠠᠭ ᠣᠷᠣᠨ᠂ ᠰᠠᠯᠬᠢ ᠰᠢᠭᠤᠷᠭᠠᠨ ᠶᠡᠬᠡᠲᠡᠢ ᠣᠷᠣᠨ ᠵᠢᠴᠢ ᠬᠥᠷᠥᠰᠥ ᠰᠢᠷᠣᠢ ᠶᠢ ᠬᠠᠮᠠᠭᠠᠯᠠᠬᠤ ᠲᠥᠯᠦᠪᠵᠢᠭᠦᠯᠭᠡ ᠳᠤ ᠲᠣᠭᠲᠠᠭᠠᠭᠰᠠᠨ ᠬᠥᠷᠥᠰᠥ ᠰᠢᠷᠣᠢ ᠶᠢᠨ ᠢᠳᠡᠭᠳᠡᠯ ᠠᠮᠠᠷᠬᠠᠨ ᠡᠭᠦᠰᠳᠡᠭ ᠪᠤᠰᠤᠳ ᠣᠷᠣᠨ ᠪᠦᠰᠡ ᠳᠤ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠡᠷᠭᠢᠯᠡᠭᠦ ᠪᠤᠶᠤ ᠪᠤᠰᠤᠳ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠬᠢᠵᠦ᠂ ᠬᠥᠷᠥᠰᠥ ᠰᠢᠷᠣᠢ ᠶᠢ ᠬᠠᠮᠠᠭᠠᠯᠠᠬᠤ ᠲᠥᠬᠦᠭᠡᠷᠦᠮᠵᠢ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠨᠥᠮᠥᠷᠭᠡ ᠶᠢ ᠡᠪᠳᠡᠵᠦ᠂ ᠤᠤᠯ ᠤᠨ ᠬᠥᠷᠥᠰᠥ ᠰᠢᠷᠣᠢ ᠶᠢ ᠬᠠᠮᠠᠭᠠᠯᠠᠬᠤ ᠴᠢᠳᠠᠪᠤᠷᠢ ᠶᠢ ᠨᠢ ᠰᠡᠷᠭᠦᠭᠡᠵᠦ ᠴᠢᠳᠠᠬᠤ ᠦᠭᠡᠢ ᠪᠣᠯ ᠬᠥᠷᠥᠰᠥ ᠰᠢᠷᠣᠢ ᠶᠢ ᠬᠠᠮᠠᠭᠠᠯᠠᠬᠤ ᠨᠥᠬᠦᠪᠦᠷᠢ ᠰᠦᠢᠳᠬᠡᠯ ᠲᠤᠰᠢᠶᠠᠵᠤ᠂ ᠬᠥᠷᠥᠰᠥ ᠰᠢᠷᠣᠢ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠳᠤ ᠲᠤᠰᠬᠠᠢ ᠬᠡᠷᠡᠭᠯᠡᠬᠦ ᠬᠡᠷᠡᠭᠲᠡᠢ᠃ ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠬᠦ ᠪᠠ ᠵᠠᠰᠠᠬᠤ ᠶᠢ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ᠬᠥᠷᠥᠰᠥ ᠰᠢᠷᠣᠢ ᠶᠢ ᠬᠠᠮᠠᠭᠠᠯᠠᠬᠤ ᠨᠥᠬᠦᠪᠦᠷᠢ ᠰᠦᠢᠳᠬᠡᠯ ᠢ ᠬᠤᠷᠢᠶᠠᠵᠤ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ᠂ ᠲᠥᠷᠥ ᠶᠢᠨ ᠶᠠᠪᠤᠳᠠᠯ ᠤᠨ ᠬᠤᠷᠢᠶᠠᠨ ᠤ ᠦᠨ᠎ᠡ ᠬᠠᠩᠰᠢ ᠶᠢᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠎ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠨ᠎ᠠ᠃       ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤᠮᠳᠠ ᠪᠠ ᠦᠢᠯᠡᠳᠪᠦᠷᠢᠯᠡᠯ ᠤᠨ ᠶᠠᠪᠤᠴᠠ ᠳᠤ ᠭᠠᠷᠤᠭᠰᠠᠨ ᠬᠥᠷᠥᠰᠥ ᠰᠢᠷᠣᠢ ᠶᠢ ᠬᠠᠮᠠᠭᠠᠯᠠᠬᠤ ᠵᠠᠷᠤᠳᠠᠯ ᠎ ᠢ ᠤᠯᠤᠰ ᠤᠨ ᠨᠢᠭᠡᠳᠦᠯᠲᠡᠢ ᠡᠳ᠋ ᠤᠨ ᠶᠠᠪᠤᠳᠠᠯ ᠤᠨ ᠨᠢᠭᠲᠠᠯᠠᠨ ᠪᠤᠳᠣᠬᠤ ᠳᠦᠷᠢᠮ ᠤᠨ ᠶᠣᠰᠣᠭᠠᠷ ᠰᠢᠢᠳᠪᠦᠷᠢᠯᠡᠬᠦ ᠬᠡᠷᠡᠭᠲᠡᠢ᠃       ᠭᠤᠴᠢᠨ ᠭᠤᠷᠪᠠᠳᠤᠭᠠᠷ ᠵᠦᠢᠯ ᠬᠥᠷᠥᠰᠥ ᠰᠢᠷᠣᠢ ᠶᠢ ᠬᠠᠮᠠᠭᠠᠯᠠᠬᠤ ᠲᠥᠯᠦᠪᠵᠢᠭᠦᠯᠭᠡ ᠶᠢᠨ ᠶᠣᠰᠣᠭᠠᠷ ᠨᠢᠭᠡᠴᠢ ᠪᠠ ᠬᠤᠪᠢ ᠬᠥᠮᠥᠨ ᠤ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ᠳᠤ ᠣᠷᠤᠯᠴᠠᠬᠤ ᠶᠢ ᠤᠯᠤᠰ ᠠᠴᠠ ᠵᠣᠷᠢᠭᠵᠢᠭᠤᠯᠬᠤ ᠶᠢᠨ ᠬᠠᠮᠲᠤ ᠪᠡᠯᠡ ᠮᠥᠩᠭᠦ᠂ ᠲᠧᠭᠨᠢᠭ ᠮᠡᠷᠭᠡᠵᠢᠯ᠂ ᠭᠠᠶᠢᠯᠢ ᠲᠠᠲᠠᠪᠤᠷᠢ ᠵᠡᠷᠭᠡ ᠲᠠᠯ᠎ᠠ ᠪᠠᠷ ᠲᠡᠳᠬᠦᠨ᠎ᠡ᠃       ᠭᠤᠴᠢᠨ ᠳᠥᠷᠪᠡᠳᠦᠭᠡᠷ ᠵᠦᠢᠯ ᠤᠯᠤᠰ ᠠᠴᠠ ᠠᠲᠠᠷ ᠠᠭᠤᠯᠠ᠂ ᠠᠲᠠᠷ ᠭᠤᠣ᠂ ᠠᠲᠠᠷ ᠳᠣᠪᠤ᠂ ᠠᠲᠠᠷ ᠳᠠᠩ ᠢ ᠳᠠᠭᠠᠭᠠᠴᠢᠯᠠᠨ ᠵᠠᠰᠠᠬᠤ ᠶᠢ ᠵᠣᠷᠢᠭᠵᠢᠭᠤᠯᠤᠨ ᠳᠡᠮᠵᠢᠵᠦ᠂ ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠵᠤ᠂ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠨ ᠰᠠᠶᠢᠵᠢᠷᠠᠭᠤᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ ᠪᠠ ᠦᠷᠭᠦᠯᠵᠢᠯᠡᠨ ᠠᠰᠢᠭᠯᠠᠬᠤ ᠶᠢ ᠠᠬᠢᠭᠤᠯᠬᠤ ᠶᠢᠨ ᠬᠠᠮᠲᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ ᠠᠰᠢᠭ ᠎ ᠢ ᠬᠠᠤᠯᠢ ᠶᠣᠰᠣᠭᠠᠷ ᠬᠠᠮᠠᠭᠠᠯᠠᠨ᠎ᠠ᠃       ᠠᠭᠯᠠᠭ ᠠᠭᠤᠯᠠ᠂ ᠠᠲᠠᠷ ᠭᠤᠣ᠂ ᠠᠲᠠᠷ ᠳᠣᠪᠤ᠂ ᠠᠲᠠᠷ ᠳᠠᠩ ᠪᠠ ᠬᠥᠷᠥᠰᠥ ᠰᠢᠷᠣᠢ ᠶᠢᠨ ᠢᠳᠡᠭᠳᠡᠯ ᠬᠦᠨᠳᠦ ᠨᠣᠴᠢᠲᠠᠢ ᠪᠠᠶᠢᠭ᠎ᠠ ᠭᠠᠵᠠᠷ ᠣᠷᠣᠨ ᠤ ᠬᠥᠳᠡᠭᠡ ᠲᠣᠰᠬᠤᠨ ᠤ ᠭᠠᠵᠠᠷ ᠰᠢᠷᠣᠢ ᠶᠢ ᠳᠠᠭᠠᠭᠠᠴᠢᠯᠠᠵᠤ ᠵᠠᠰᠠᠬᠤ ᠎ ᠳᠤ᠂ ᠬᠠᠤᠯᠢ ᠶᠣᠰᠣᠭᠠᠷ ᠲᠣᠭᠲᠠᠭᠠᠭᠰᠠᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠳᠡᠭᠡᠨ ᠬᠥᠷᠥᠰᠥ ᠰᠢᠷᠣᠢ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠬᠠᠷᠢᠭᠤᠴᠠᠯᠭ᠎ᠠ ᠶᠢᠨ ᠠᠭᠤᠯᠭ᠎ᠠ ᠶᠢ ᠪᠠᠭᠲᠠᠭᠠᠬᠤ ᠬᠡᠷᠡᠭᠲᠡᠢ᠃       ᠭᠤᠴᠢᠨ ᠲᠠᠪᠤᠳᠤᠭᠠᠷ ᠵᠦᠢᠯ ᠤᠰᠤᠨ ᠬᠦᠴᠦ ᠤᠰᠤᠨ ᠳᠤ ᠢᠳᠡᠭᠳᠡᠵᠦ ᠪᠠᠶᠢᠭ᠎ᠠ ᠭᠠᠵᠠᠷ ᠣᠷᠣᠨ ᠳᠤ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢᠭᠡᠴᠢ ᠪᠠ ᠬᠤᠪᠢ ᠬᠥᠮᠥᠨ ᠢ ᠵᠣᠬᠢᠶᠠᠨ ᠪᠠᠶᠢᠭᠤᠯᠵᠤ᠂ ᠪᠠᠶᠢᠭᠠᠯᠢ ᠶᠢᠨ ᠭᠤᠣ ᠭᠠᠩᠭ᠎ᠠ ᠵᠢᠴᠢ ᠲᠡᠭᠦᠨ ᠤ ᠬᠤᠶᠠᠷ ᠲᠠᠯ᠎ᠠ ᠶᠢᠨ ᠠᠭᠤᠯᠠᠨ ᠪᠠᠯ ᠭᠠᠵᠠᠷ ᠢᠶᠠᠷ ᠪᠦᠷᠢᠯᠳᠦᠭᠰᠡᠨ ᠵᠢᠵᠢᠭ ᠰᠠᠪᠠ ᠭᠠᠵᠠᠷ ᠢᠶᠠᠷ ᠨᠢᠭᠡᠴᠢ ᠪᠤᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠠᠷᠢᠯᠭ᠎ᠠ ᠶᠢᠨ ᠠᠷᠭ᠎ᠠ ᠬᠡᠮᠵᠢᠶ᠎ᠡ᠂ ᠤᠷᠭᠤᠮᠠᠯ ᠤᠨ ᠠᠷᠭ᠎ᠠ ᠬᠡᠮᠵᠢᠶ᠎ᠡ ᠪᠠ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠵᠡᠷᠭᠡ ᠠᠷᠭ᠎ᠠ ᠬᠡᠮᠵᠢᠶ᠎ᠡ ᠠᠪᠴᠤ᠂ ᠨᠠᠯᠠᠤ ᠲᠠᠷᠢᠶᠠᠨ ᠭᠠᠵᠠᠷ ᠪᠠ ᠭᠤᠣ ᠰᠤᠪᠠᠭ ᠤᠨ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠬᠡᠷᠡᠭᠲᠡᠢ᠃       ᠰᠠᠯᠬᠢᠨ ᠳᠤ ᠢᠳᠡᠭᠳᠡᠭᠰᠡᠨ ᠭᠠᠵᠠᠷ ᠣᠷᠣᠨ ᠳᠤ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢᠭᠡᠴᠢ ᠪᠣᠯᠣᠨ ᠬᠤᠪᠢ ᠬᠥᠮᠥᠨ ᠢ ᠵᠣᠬᠢᠶᠠᠨ ᠪᠠᠶᠢᠭᠤᠯᠤᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠡᠭᠡᠯᠵᠢᠯᠡᠨ ᠪᠢᠲᠡᠭᠦᠮᠵᠢᠯᠡᠵᠦ ᠡᠭᠡᠯᠵᠢᠯᠡᠨ ᠮᠠᠯᠵᠢᠬᠤ᠂ ᠡᠪᠡᠰᠦ ᠮᠣᠳᠣ ᠲᠠᠷᠢᠬᠤ᠂ ᠬᠥᠮᠥᠨ ᠤ ᠬᠦᠴᠦ ᠪᠠᠷ ᠡᠯᠡᠰᠦ ᠶᠢ ᠬᠠᠰᠢᠬᠤ ᠪᠠ ᠲᠣᠣᠷᠯᠢᠭ ᠣᠢ ᠶᠢᠨ ᠪᠦᠰᠡ ᠭᠠᠷᠭᠠᠬᠤ ᠵᠡᠷᠭᠡ ᠠᠷᠭ᠎ᠠ ᠬᠡᠮᠵᠢᠶ᠎ᠡ ᠠᠪᠴᠤ᠂ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠰᠡᠷᠭᠡᠶᠢᠯᠡᠨ ᠬᠠᠮᠠᠭᠠᠯᠠᠬᠤ ᠪᠦᠲᠦᠴᠡ ᠶᠢ ᠪᠠᠶᠢᠭᠤᠯᠬᠤ ᠬᠡᠷᠡᠭᠲᠡᠢ᠃       ᠬᠦᠨᠳᠦ ᠬᠦᠴᠦ ᠪᠠᠷ ᠢᠳᠡᠭᠳᠡᠭᠰᠡᠨ ᠭᠠᠵᠠᠷ ᠣᠷᠣᠨ ᠳᠤ ᠣᠷᠣᠨ ᠨᠤᠲᠤᠭ ᠤᠨ ᠡᠯ᠎ᠡ ᠱᠠᠲᠤᠨ ᠤ ᠠᠷᠠᠳ ᠎ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢᠭᠡᠴᠢ ᠪᠣᠯᠣᠨ ᠬᠤᠪᠢ ᠬᠥᠮᠥᠨ ᠢ ᠵᠣᠬᠢᠶᠠᠨ ᠪᠠᠶᠢᠭᠤᠯᠵᠤ᠂ ᠬᠢᠨᠠᠨ ᠬᠡᠮᠵᠢᠬᠦ᠂ ᠤᠷᠤᠰᠬᠠᠯ ᠢ ᠲᠠᠲᠠᠷᠠᠭᠤᠯᠵᠤ ᠵᠠᠯᠠᠬᠤ᠂ ᠨᠠᠯᠠᠤ ᠶᠢ ᠪᠠᠭᠤᠷᠠᠭᠤᠯᠤᠨ ᠠᠴᠢᠶ᠎ᠠ ᠶᠢ ᠨᠢ ᠪᠠᠭᠠᠰᠬᠠᠬᠤ᠂ ᠲᠤᠯᠭᠠᠭᠤᠷᠢᠯᠠᠵᠤ ᠨᠠᠯᠠᠤ ᠶᠢ ᠨᠢ ᠲᠣᠭᠲᠠᠪᠤᠷᠢᠵᠢᠭᠤᠯᠬᠤ᠂ ᠬᠠᠰᠢᠵᠤ ᠬᠤᠷᠢᠭᠯᠠᠬᠤ ᠪᠠᠷᠢᠯᠭ᠎ᠠ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ᠂ ᠰᠡᠷᠡᠮᠵᠢᠯᠡᠭᠦᠯᠭᠦ ᠪᠦᠲᠦᠴᠡ ᠶᠢ ᠪᠠᠶᠢᠭᠤᠯᠬᠤ ᠬᠡᠷᠡᠭᠲᠡᠢ᠃       ᠭᠤᠴᠢᠨ ᠵᠢᠷᠭᠤᠳᠤᠭᠠᠷ ᠵᠦᠢᠯ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠎ ᠳᠤ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢᠭᠡᠴᠢ ᠪᠠ ᠬᠤᠪᠢ ᠬᠥᠮᠥᠨ ᠢ ᠵᠣᠬᠢᠶᠠᠨ ᠪᠠᠶᠢᠭᠤᠯᠵᠤ᠂ ᠤᠷᠢᠳᠴᠢᠯᠠᠨ ᠰᠡᠷᠭᠡᠶᠢᠯᠡᠵᠦ ᠬᠠᠮᠠᠭᠠᠯᠠᠬᠤ᠂ ᠠᠶᠠᠨᠳᠠᠭᠠᠨ ᠰᠡᠷᠭᠦᠭᠡᠬᠦ ᠪᠠ ᠶᠡᠷᠦᠩᠬᠡᠶᠢᠯᠡᠨ ᠵᠠᠰᠠᠬᠤ ᠠᠷᠭ᠎ᠠ ᠬᠡᠮᠵᠢᠶ᠎ᠡ ᠠᠪᠴᠤ᠂ ᠤᠷᠭᠤᠮᠠᠯ ᠤᠨ ᠱᠦᠭᠦᠬᠦ ᠪᠦᠰᠡ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ ᠨᠠᠮᠤᠭ ᠤᠨ ᠬᠡᠢ ᠶᠢ ᠢᠳᠡᠪᠬᠢᠲᠡᠢ ᠪᠠᠷ ᠳᠡᠯᠭᠡᠷᠡᠭᠦᠯᠦᠨ᠂ ᠵᠢᠵᠢᠭ ᠰᠠᠪᠠ ᠭᠠᠵᠠᠷ ᠤᠨ ᠠᠷᠢᠭᠤᠨ ᠴᠡᠪᠡᠷ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠬᠢᠮᠢ ᠶᠢᠨ ᠪᠣᠷᠳᠣᠭᠤᠷ ᠪᠠ ᠲᠠᠷᠢᠶᠠᠨ ᠡᠮ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠬᠥᠷᠥᠰᠥ ᠰᠢᠷᠣᠢ ᠎ ᠶᠢᠨ ᠢᠳᠡᠭᠳᠡᠯ ᠠᠴᠠ ᠪᠣᠯᠤᠭᠰᠠᠨ ᠣᠯᠠᠨ ᠡᠬᠢᠲᠦ ᠪᠣᠬᠢᠷᠳᠤᠯ ᠢ ᠪᠠᠭᠠᠰᠬᠠᠵᠤ᠂ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠬᠡᠷᠡᠭᠲᠡᠢ᠃       ᠭᠤᠴᠢᠨ ᠳᠣᠯᠣᠳᠤᠭᠠᠷ ᠵᠦᠢᠯ ᠠᠲᠠᠷ ᠬᠠᠭᠠᠯᠪᠤᠷᠢᠯᠠᠬᠤ ᠶᠢ ᠬᠤᠷᠢᠭᠯᠠᠭᠰᠠᠨ ᠡᠭᠴᠡ ᠨᠠᠯᠠᠤ ᠭᠠᠵᠠᠷ ᠢ ᠨᠢᠭᠡᠨᠲᠡ ᠬᠠᠭᠠᠯᠪᠤᠷᠢᠯᠠᠵᠤ ᠲᠠᠷᠢᠮᠠᠯ ᠳᠠᠷᠢᠭᠰᠠᠨ ᠪᠠᠶᠢᠪᠠᠯ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠠᠷᠢᠶᠠᠯᠠᠬᠤ ᠶᠢ ᠵᠣᠭᠰᠣᠭᠠᠵᠤ᠂ ᠡᠪᠡᠰᠦ ᠮᠣᠳᠣ ᠲᠠᠷᠢᠬᠤ ᠬᠡᠷᠡᠭᠲᠡᠢ︔ ᠲᠠᠷᠢᠶᠠᠨ ᠭᠠᠵᠠᠷ ᠲᠤᠲᠠᠭᠳᠠᠵᠤ᠂ ᠲᠠᠷᠢᠶᠠᠯᠠᠬᠤ ᠶᠢ ᠵᠣᠭᠰᠤᠭᠠᠬᠤ ᠳᠤ ᠦᠨᠡᠨ ᠬᠦ ᠬᠦᠴᠢᠷᠲᠡᠢ ᠪᠠᠶᠢᠪᠠᠯ᠂ ᠱᠠᠲᠤᠨ ᠲᠠᠷᠢᠶ᠎ᠠ ᠪᠠᠶᠢᠭᠤᠯᠬᠤ ᠪᠤᠶᠤ ᠬᠥᠷᠥᠰᠥ ᠰᠢᠷᠣᠢ ᠶᠢ ᠬᠠᠮᠠᠭᠠᠯᠠᠬᠤ ᠪᠤᠰᠤᠳ ᠠᠷᠭ᠎ᠠ ᠬᠡᠮᠵᠢᠶ᠎ᠡ ᠠᠪᠬᠤ ᠬᠡᠷᠡᠭᠲᠡᠢ᠃       ᠠᠲᠠᠷ ᠬᠠᠭᠠᠯᠪᠤᠷᠢᠯᠠᠬᠤ ᠶᠢ ᠬᠤᠷᠢᠭᠯᠠᠭᠰᠠᠨ ᠨᠠᠯᠠᠤᠴᠠ ᠠᠴᠠ ᠳᠣᠭᠤᠭᠰᠢ ᠨᠠᠯᠠᠤ ᠲᠠᠷᠢᠶᠠᠨ ᠭᠠᠵᠠᠷ ᠳᠡᠭᠡᠷ᠎ᠡ ᠠᠲᠠᠷ ᠬᠠᠭᠠᠯᠪᠤᠷᠢᠯᠠᠵᠤ ᠲᠠᠷᠢᠮᠠᠯ ᠳᠠᠷᠢᠭᠰᠠᠨ ᠪᠠᠶᠢᠪᠠᠯ᠂ ᠠᠳᠠᠯᠢ ᠪᠤᠰᠤ ᠪᠠᠶᠢᠳᠠᠯ ᠢ ᠦᠨᠳᠦᠰᠦᠯᠡᠨ᠂ ᠱᠠᠲᠤᠨ ᠲᠠᠷᠢᠶ᠎ᠠ ᠭᠠᠷᠭᠠᠬᠤ᠂ ᠨᠠᠯᠠᠤ ᠶᠢᠨ ᠭᠠᠳᠠᠷᠭᠤ ᠶᠢᠨ ᠤᠰᠤᠨ ᠰᠢᠰᠲ᠋ᠧᠮ ᠢ ᠵᠠᠰᠠᠨ ᠴᠡᠭᠴᠡᠯᠡᠬᠦ᠂ ᠤᠰᠤ ᠬᠠᠳᠠᠭᠠᠯᠠᠨ ᠬᠥᠷᠥᠰᠥ ᠰᠢᠷᠣᠢ ᠶᠢ ᠬᠠᠮᠠᠭᠠᠯᠠᠵᠤ ᠲᠠᠷᠢᠶᠠᠯᠠᠬᠤ ᠪᠤᠶᠤ ᠲᠠᠷᠢᠶᠠᠯᠠᠬᠤ ᠶᠢ ᠵᠣᠭᠰᠤᠭᠠᠬᠤ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠢ᠃       ᠭᠤᠴᠢᠨ ᠨᠠᠢᠮᠠᠳᠤᠭᠠᠷ ᠵᠦᠢᠯ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠳᠤ ᠡᠵᠡᠯᠡᠨ ᠬᠡᠷᠡᠭᠯᠡᠭᠰᠡᠨ ᠭᠠᠵᠠᠷ ᠰᠢᠷᠣᠢ ᠶᠢᠨ ᠭᠠᠵᠠᠷ ᠤᠨ ᠭᠠᠳᠠᠷᠭᠤ ᠶᠢᠨ ᠬᠥᠷᠥᠰᠥ ᠶᠢ ᠳᠠᠪᠬᠤᠷᠭᠠᠯᠠᠨ ᠰᠠᠯᠭᠠᠵᠤ᠂ ᠬᠠᠳᠠᠭᠠᠯᠠᠬᠤ ᠪᠠ ᠠᠰᠢᠭᠯᠠᠵᠤ᠂ ᠰᠢᠷᠣᠢ ᠴᠢᠯᠠᠭᠤ ᠶᠢᠨ ᠣᠯᠪᠤᠷᠢᠯᠠᠬᠤ ᠳᠦᠭᠦᠷᠭᠡᠬᠦ ᠶᠢ ᠲᠡᠩᠴᠡᠭᠦᠷᠢᠲᠡᠢ ᠪᠠᠶᠢᠯᠭᠠᠵᠤ᠂ ᠭᠠᠵᠠᠷ ᠤᠨ ᠭᠠᠳᠠᠷᠭᠤ ᠶᠢ ᠰᠠᠮᠠᠭᠤᠷᠠᠭᠤᠯᠬᠤ ᠬᠡᠪᠴᠢᠶ᠎ᠡ ᠶᠢ ᠪᠠᠭᠠᠰᠬᠠᠬᠤ ᠬᠡᠷᠡᠭᠲᠡᠢ︔ ᠬᠠᠶᠠᠭᠳᠠᠮᠠᠯ ᠬᠠᠶᠢᠷ᠂ ᠴᠢᠯᠠᠭᠤ ᠂ ᠰᠢᠷᠣᠢ᠂ ᠨᠡᠭᠦᠷᠡᠰᠦᠨ ᠴᠢᠯᠠᠭᠤ᠂ ᠦᠯᠡᠳᠡᠭᠳᠡᠮᠡᠯ ᠬᠦᠳᠡᠷ᠂ ᠬᠠᠶᠠᠭᠳᠠᠮᠠᠯ ᠰᠢᠭᠠᠷᠤ ᠵᠡᠷᠭᠡ ᠬᠠᠳᠠᠭᠠᠯᠠᠬᠤ ᠭᠠᠵᠠᠷ ᠲᠤ ᠬᠠᠰᠢᠵᠤ ᠬᠤᠷᠢᠭᠯᠠᠬᠤ᠂ ᠨᠠᠯᠠᠤ ᠭᠠᠵᠠᠷ ᠤᠨ ᠭᠠᠳᠠᠷᠭᠤ ᠶᠢ ᠰᠡᠷᠭᠡᠶᠢᠯᠡᠨ ᠬᠠᠮᠠᠭᠠᠯᠠᠬᠤ᠂ ᠦᠶᠡᠷ ᠢ ᠰᠡᠷᠭᠡᠶᠢᠯᠡᠵᠦ ᠵᠠᠯᠠᠬᠤ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠢ᠃ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠰᠢᠷᠣᠢ ᠠᠪᠤᠭᠰᠠᠨ ᠲᠠᠯᠠᠪᠠᠢ᠂ ᠮᠠᠯᠲᠠᠭᠰᠠᠨ ᠲᠠᠯᠠᠪᠠᠢ ᠪᠠ ᠬᠠᠳᠠᠭᠠᠯᠠᠵᠤ ᠪᠠᠶᠢᠭ᠎ᠠ ᠭᠠᠵᠠᠷ ᠤᠨ ᠨᠢᠴᠦᠭᠦᠨ ᠭᠠᠵᠠᠷ ᠳᠡᠭᠡᠷ᠎ᠡ ᠴᠠᠭ ᠲᠤᠬᠠᠢ ᠳᠤᠨᠢ ᠡᠪᠡᠰᠦ ᠮᠣᠳᠣ ᠲᠠᠷᠢᠵᠤ᠂ ᠤᠷᠭᠤᠮᠠᠯ ᠤᠨ ᠬᠤᠴᠢᠯᠭ᠎ᠠ ᠎ ᠶᠢ ᠰᠡᠷᠭᠦᠭᠡᠵᠦ᠂ ᠬᠥᠮᠥᠷᠭᠡ ᠬᠠᠭᠠᠭᠰᠠᠨ ᠦᠯᠡᠳᠡᠭᠳᠡᠯ ᠬᠦᠳᠡᠷ ᠤᠨ ᠬᠥᠮᠥᠷᠭᠡ ᠶᠢ ᠳᠠᠭᠢᠨ ᠬᠠᠭᠠᠯᠪᠤᠷᠢᠯᠠᠬᠤ ᠬᠡᠷᠡᠭᠲᠡᠢ       ᠭᠠᠩ ᠬᠠᠭᠤᠷᠠᠢ ᠤᠰᠤ ᠲᠤᠲᠠᠭᠳᠠᠵᠤ ᠪᠠᠶᠢᠭ᠎ᠠ ᠭᠠᠵᠠᠷ ᠣᠷᠣᠨ ᠳᠤ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠭᠦᠢᠴᠡᠳᠬᠡᠬᠦ ᠳᠤ᠂ ᠰᠠᠯᠬᠢᠨ ᠤ ᠬᠦᠴᠦᠨ ᠤ ᠢᠳᠡᠭᠳᠡᠯ ᠢ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠲᠤᠨᠤᠳᠠᠰᠤ ᠶᠢ ᠬᠤᠷᠠᠮᠳᠤᠭᠤᠯᠤᠨ ᠰᠢᠮᠡᠵᠢᠭᠦᠯᠬᠦ ᠲᠥᠬᠦᠭᠡᠷᠦᠮᠵᠢ ᠲᠣᠬᠢᠷᠠᠭᠤᠯᠤᠨ᠂ ᠬᠤᠷ᠎ᠠ ᠲᠤᠨᠤᠳᠠᠰᠤ ᠶᠢᠨ ᠡᠬᠢ ᠪᠠᠶᠠᠯᠢᠭ ᠢ ᠭᠦᠢᠴᠡᠳ ᠠᠰᠢᠭᠯᠠᠬᠤ ᠬᠡᠷᠡᠭᠲᠡᠢ᠃       ᠭᠤᠴᠢ ᠶᠢᠰᠦᠳᠦᠭᠡᠷ ᠵᠦᠢᠯ ᠤᠯᠤᠰ ᠠᠴᠠ ᠠᠭᠤᠯᠠᠷᠬᠠᠭ ᠣᠷᠣᠨ᠂ ᠳᠣᠪᠣᠷᠬᠠᠭ ᠣᠷᠣᠨ᠂ ᠰᠠᠯᠬᠢ ᠰᠢᠭᠤᠷᠭᠠᠨ ᠶᠡᠬᠡᠲᠡᠢ ᠣᠷᠣᠨ ᠵᠢᠴᠢ ᠬᠥᠷᠥᠰᠥ ᠰᠢᠷᠣᠢ ᠶᠢᠨ ᠢᠳᠡᠭᠳᠡᠯ ᠠᠮᠠᠷᠬᠠᠨ ᠡᠭᠦᠰᠳᠡᠭ ᠪᠤᠰᠤᠳ ᠣᠷᠣᠨ ᠪᠦᠰᠡ ᠳᠤ ᠬᠥᠷᠥᠰᠥ ᠰᠢᠷᠣᠢ ᠶᠢ ᠬᠠᠮᠠᠭᠠᠯᠠᠬᠤ ᠳᠤ ᠠᠰᠢᠭᠲᠠᠢ ᠳᠠᠷᠠᠭᠠᠬᠢ ᠵᠢᠭᠰᠠᠭᠠᠭᠰᠠᠨ ᠠᠷᠭ᠎ᠠ ᠬᠡᠮᠵᠢᠶ᠎ᠡ ᠨᠦᠭᠦᠳ ᠎ ᠢ ᠠᠪᠬᠤ ᠶᠢ ᠵᠣᠷᠢᠭᠵᠢᠭᠤᠯᠤᠨ ᠳᠠᠮᠵᠢᠨ᠎ᠠ᠄       ︵ᠨᠢᠭᠡ︶ ᠬᠠᠭᠠᠯᠪᠤᠷᠢᠯᠠᠬᠤ ᠦᠭᠡᠢ᠂ ᠲᠡᠩᠴᠡᠭᠦᠦ ᠥᠨᠳᠥᠷ ᠲᠤ ᠲᠠᠷᠢᠶᠠᠯᠠᠬᠤ᠂ ᠡᠭᠡᠯᠵᠢᠯᠡᠨ ᠲᠠᠷᠢᠬᠤ᠂ ᠡᠪᠡᠰᠦ ᠲᠠᠷᠢᠶ᠎ᠠ ᠶᠢ ᠡᠭᠡᠯᠵᠢᠯᠡᠨ ᠲᠠᠷᠢᠬᠤ᠂ ᠠᠯᠠᠭᠯᠠᠨ ᠲᠠᠷᠢᠵᠤ ᠲᠣᠬᠤᠵᠤ ᠲᠠᠷᠢᠬᠤ ᠵᠡᠷᠭᠡ︔       ︵ᠬᠤᠶᠠᠷ︶ ᠪᠢᠲᠡᠭᠦᠮᠵᠢᠯᠡᠨ ᠪᠣᠶᠢᠵᠢᠭᠤᠯᠬᠤ᠂ ᠡᠭᠡᠯᠵᠢᠯᠡᠨ ᠪᠢᠲᠡᠭᠦᠮᠵᠢᠯᠡᠵᠦ ᠡᠭᠡᠯᠵᠢᠯᠡᠨ ᠮᠠᠯᠵᠢᠬᠤ᠂ ᠬᠠᠰᠢᠶᠠᠯᠠᠨ ᠲᠡᠵᠢᠭᠡᠵᠦ ᠬᠤᠷᠣᠭᠠᠯᠠᠨ ᠮᠠᠯᠯᠠᠬᠤ︔       ︵ᠭᠤᠷᠪᠠ︶ ᠨᠠᠮᠤᠭ ᠤᠨ ᠬᠡᠢ᠂ ᠲᠦᠯᠡᠭᠡ ᠠᠷᠪᠢᠯᠠᠬᠤ ᠵᠤᠤᠬ᠎ᠠ ᠶᠢ ᠬᠥᠭᠵᠢᠭᠦᠯᠵᠦ᠂ ᠨᠠᠷᠠᠨ ᠤ ᠡᠨᠧᠷᠭᠢ᠂ ᠰᠠᠯᠬᠢᠨ ᠤ ᠡᠨᠧᠷᠭᠢ ᠪᠠ ᠤᠰᠤᠨ ᠤ ᠡᠨᠧᠷᠭᠢ ᠶᠢ ᠠᠰᠢᠭᠯᠠᠨ᠂ ᠨᠡᠭᠦᠷᠡᠰᠦ᠂ ᠴᠠᠭᠢᠯᠭᠠᠨ᠂ ᠬᠡᠢ ᠪᠠᠷ ᠲᠦᠯᠡᠭᠡ ᠶᠢ ᠣᠷᠣᠯᠠᠭᠤᠯᠬᠤ ᠵᠡᠷᠭᠡ︔       ︵ᠳᠥᠷᠪᠡ︶ ᠠᠮᠢ ᠠᠬᠤᠢ ᠬᠡᠪᠡᠷᠡᠭ ᠭᠠᠵᠠᠷ ᠣᠷᠣᠨ ᠠᠴᠠ ᠭᠠᠳᠠᠭᠰᠢ ᠠᠷᠠᠳ ᠢ ᠨᠡᠭᠦᠯᠭᠡᠬᠦ︔       ︵ᠲᠠᠪᠤ︶ ᠬᠥᠷᠥᠰᠥ ᠰᠢᠷᠣᠢ ᠶᠢ ᠬᠠᠮᠠᠭᠠᠯᠠᠬᠤ ᠳᠤ ᠠᠰᠢᠭᠲᠠᠢ ᠪᠤᠰᠤᠳ ᠠᠷᠭ᠎ᠠ ᠬᠡᠮᠵᠢᠶ᠎ᠡ ᠠᠪᠬᠤ᠃       ᠲᠠᠪᠤᠳᠤᠭᠠᠷ ᠪᠦᠯᠦᠭ ᠬᠢᠨᠠᠨ ᠰᠢᠯᠭᠠᠬᠤ ᠪᠠ ᠬᠢᠨᠠᠯᠲᠠ ᠲᠠᠯᠪᠢᠬᠤ       ᠳᠥᠴᠢᠳᠦᠭᠡᠷ ᠵᠦᠢᠯ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠎ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠳ ᠬᠥᠷᠥᠰᠥ ᠰᠢᠷᠣᠢ ᠶᠢ ᠬᠠᠮᠠᠭᠠᠯᠠᠬᠤ ᠬᠢᠨᠠᠨ ᠬᠡᠮᠵᠢᠯᠲᠡ ᠶᠢᠨ ᠠᠵᠢᠯ ᠢ ᠴᠢᠩᠭᠠᠳᠬᠠᠵᠤ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠨᠡᠶᠢᠭᠡᠮ ᠤᠨ ᠣᠯᠠᠨ ᠨᠡᠶᠢᠲᠡ ᠶᠢᠨ ᠦᠢᠯᠡᠴᠢᠯᠡᠭᠡᠨ ᠳᠠᠬᠢ ᠬᠥᠷᠥᠰᠥ ᠰᠢᠷᠣᠢ ᠶᠢ ᠬᠠᠮᠠᠭᠠᠯᠠᠬᠤ ᠬᠢᠨᠠᠨ ᠬᠡᠮᠵᠢᠯᠲᠡ ᠶᠢᠨ ᠠᠵᠢᠯ ᠤᠨ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠥᠷᠥᠰᠥ ᠰᠢᠷᠣᠢ ᠶᠢ ᠬᠠᠮᠠᠭᠠᠯᠠᠬᠤ ᠬᠢᠨᠠᠨ ᠬᠡᠮᠵᠢᠯᠲᠡ ᠎ ᠶᠢᠨ ᠠᠵᠢᠯ ᠤᠨ ᠵᠠᠷᠤᠳᠠᠯ ᠢ ᠪᠠᠲᠤᠯᠠᠬᠤ ᠬᠡᠷᠡᠭᠲᠡᠢ᠃       ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠦᠭᠦ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠬᠢᠨᠠᠨ ᠬᠡᠮᠵᠢᠯᠲᠡ ᠶᠢᠨ ᠰᠦᠯᠵᠢᠶ᠎ᠡ ᠶᠢ ᠲᠡᠭᠦᠯᠳᠡᠷᠵᠢᠭᠦᠯᠵᠦ᠂ ᠪᠦᠭᠦ ᠤᠯᠤᠰ ᠤᠨ ᠬᠥᠷᠥᠰᠥ ᠰᠢᠷᠣᠢ ᠶᠢᠨ ᠢᠳᠡᠭᠳᠡᠯ ᠢ ᠬᠥᠳᠡᠯᠦᠩᠭᠦᠢ ᠪᠠᠷ ᠬᠢᠨᠠᠨ ᠬᠡᠮᠵᠢᠬᠦ ᠬᠡᠷᠡᠭᠲᠡᠢ᠃       ᠳᠥᠴᠢᠨ ᠨᠢᠭᠡᠳᠦᠭᠡᠷ ᠵᠦᠢᠯ ᠬᠥᠷᠥᠰᠥ ᠰᠢᠷᠣᠢ ᠶᠢᠨ ᠬᠦᠨᠳᠦ ᠨᠣᠴᠢᠲᠠᠢ ᠢᠳᠡᠭᠳᠡᠯ ᠢ ᠪᠤᠢ ᠪᠤᠯᠭᠠᠵᠤ ᠮᠡᠳᠡᠬᠦ ᠲᠣᠮᠣ ᠳᠤᠮᠳᠠ ᠭᠡᠯᠪᠡᠷᠢ ᠶᠢᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠥᠪᠡᠰᠦᠪᠡᠨ ᠪᠤᠶᠤ ᠬᠥᠷᠥᠰᠥ ᠰᠢᠷᠣᠢ ᠶᠢ ᠬᠠᠮᠠᠭᠠᠯᠠᠬᠤ ᠬᠢᠨᠠᠨ ᠬᠡᠮᠵᠢᠯᠲᠡ ᠶᠢᠨ ᠬᠢᠷᠢ ᠭᠡᠮ ᠪᠦᠬᠦᠢ ᠪᠠᠶᠢᠭᠤᠯᠤᠮᠵᠢ ᠳᠤ ᠨᠠᠶᠢᠳᠠᠵᠤ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠠᠴᠠ ᠪᠤᠢ ᠪᠣᠯᠤᠭᠰᠠᠨ ᠬᠥᠷᠥᠰᠥ ᠰᠢᠷᠣᠢ ᠶᠢᠨ ᠢᠳᠡᠭᠳᠡᠯ ᠢ ᠬᠢᠨᠠᠨ ᠬᠡᠮᠵᠢᠭᠦᠯᠬᠦ ᠬᠡᠷᠡᠭᠲᠡᠢ ᠪᠥᠭᠡᠳ ᠬᠢᠨᠠᠨ ᠬᠡᠮᠵᠢᠭᠰᠡᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠲᠤᠬᠠᠢ ᠶᠢᠨ ᠭᠠᠵᠠᠷ ᠤᠨ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃       ᠬᠥᠷᠥᠰᠥ ᠰᠢᠷᠣᠢ ᠶᠢ ᠬᠠᠮᠠᠭᠠᠯᠠᠬᠤ ᠬᠢᠨᠠᠨ ᠬᠡᠮᠵᠢᠯᠲᠡ ᠶᠢᠨ ᠠᠵᠢᠯᠯᠠᠭ᠎ᠠ ᠭᠦᠢᠴᠡᠳᠬᠡᠬᠦ ᠳᠤ ᠤᠯᠤᠰ ᠤᠨ ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ᠂ ᠵᠢᠷᠤᠮᠵᠢᠯ ᠪᠠ ᠳᠦᠷᠢᠮ ᠲᠣᠭᠲᠠᠭᠠᠯ ᠢ ᠵᠢᠷᠤᠮᠯᠠᠨ ᠰᠠᠬᠢᠵᠤ᠂ ᠬᠢᠨᠠᠨ ᠬᠡᠮᠵᠢᠯᠲᠡ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠢ᠃       ᠳᠥᠴᠢᠨ ᠬᠤᠶᠠᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠳ ᠬᠥᠷᠥᠰᠥ ᠰᠢᠷᠣᠢ ᠶᠢ ᠬᠠᠮᠠᠭᠠᠯᠠᠬᠤ ᠬᠢᠨᠠᠨ ᠬᠡᠮᠵᠢᠯᠲᠡ ᠎ ᠶᠢᠨ ᠪᠠᠶᠢᠳᠠᠯ ᠢ ᠦᠨᠳᠦᠰᠦᠯᠡᠨ᠂ ᠳᠠᠷᠠᠭᠠᠬᠢ ᠵᠢᠭᠰᠠᠭᠠᠭᠰᠠᠨ ᠤᠴᠢᠷ ᠶᠠᠪᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠠᠯᠪᠠᠨ ᠵᠠᠷ ᠭᠠᠷᠭᠠᠬᠤ ᠬᠡᠷᠡᠭᠲᠡᠢ᠄       ︵ᠨᠢᠭᠡ︶ ᠬᠥᠷᠥᠰᠥ ᠰᠢᠷᠣᠢ ᠶᠢᠨ ᠢᠳᠡᠭᠳᠡᠯ ᠤᠨ ᠲᠥᠷᠥᠯ ᠵᠦᠢᠯ᠂ ᠲᠠᠯᠠᠪᠠᠢ᠂ ᠬᠦᠴᠦᠯᠡᠴᠡ᠂ ᠲᠠᠷᠬᠠᠯᠲᠠ ᠎ ᠶᠢᠨ ᠪᠠᠶᠢᠳᠠᠯ ᠪᠠ ᠬᠤᠪᠢᠷᠠᠯᠲᠠ ᠶᠢᠨ ᠬᠠᠨᠳᠤᠰᠢ︔       ︵ᠬᠤᠶᠠᠷ︶ ᠬᠥᠷᠥᠰᠥ ᠰᠢᠷᠣᠢ ᠶᠢᠨ ᠢᠳᠡᠭᠳᠡᠯ ᠠᠴᠠ ᠪᠣᠯᠤᠭᠰᠠᠨ ᠬᠤᠣᠷ ᠬᠥᠨᠥᠭᠡᠯ︔       ᠭᠤᠷᠪᠠ ᠬᠥᠷᠥᠰᠥ ᠰᠢᠷᠣᠢ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠭᠰᠡᠨ ᠪᠠ ᠵᠠᠰᠠᠭᠰᠠᠨ ᠪᠠᠶᠢᠳᠠᠯ᠃       ᠳᠥᠴᠢᠨ ᠭᠤᠷᠪᠠᠳᠤᠭᠠᠷ ᠵᠦᠢᠯ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠎ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠳ ᠬᠥᠷᠥᠰᠥ ᠰᠢᠷᠣᠢ ᠶᠢ ᠬᠠᠮᠠᠭᠠᠯᠠᠵᠤ ᠪᠠᠶᠢᠭ᠎ᠠ ᠪᠠᠶᠢᠳᠠᠯ ᠢ ᠬᠢᠨᠠᠵᠤ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠡᠭᠦᠨ ᠤ ᠬᠠᠮᠢᠶᠠᠷᠬᠤ ᠬᠡᠪᠴᠢᠶᠡᠨ ᠳᠣᠲᠣᠷ᠎ᠠ ᠪᠠᠨ ᠲᠥᠷᠥ ᠶᠢᠨ ᠶᠠᠪᠤᠳᠠᠯ ᠎ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠪᠠᠶᠢᠴᠠᠭᠠᠬᠤ ᠡᠷᠬᠡ ᠲᠤᠰᠢᠶᠠᠯ ᠢ ᠬᠡᠷᠡᠭᠵᠢᠭᠦᠯᠵᠦ ᠪᠣᠯᠣᠨ᠎ᠠ᠃       ᠳᠥᠴᠢᠨ ᠳᠥᠷᠪᠡᠳᠦᠭᠡᠷ ᠵᠦᠢᠯ ᠤᠰᠤᠨ ᠤ ᠶᠠᠪᠤᠳᠠᠯ ᠤᠨ ᠬᠢᠨᠠᠨ ᠪᠠᠶᠢᠴᠠᠭᠠᠬᠤ ᠠᠵᠢᠯᠲᠠᠨ ᠬᠢᠨᠠᠨ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠳᠡᠭᠡᠨ ᠳᠠᠷᠠᠭᠠᠬᠢ ᠵᠢᠭᠰᠠᠭᠠᠭᠰᠠᠨ ᠠᠷᠭ᠎ᠠ ᠬᠡᠮᠵᠢᠶ᠎ᠡ ᠨᠦᠭᠦᠳ ᠢ ᠠᠪᠬᠤ ᠡᠷᠬᠡ ᠲᠠᠢ᠄       ︵ᠨᠢᠭᠡ︶ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠥᠨ ᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠭᠡᠷᠡᠴᠢ ᠦᠨᠡᠮᠯᠡᠯ᠂ ᠮᠠᠲ᠋ᠧᠷᠢᠶᠠᠯ ᠬᠠᠩᠭᠠᠯᠭᠠᠬᠤ ᠪᠠᠷ ᠱᠠᠭᠠᠷᠳᠠᠬᠤ︔       ︵ᠬᠤᠶᠠᠷ︶ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠥᠨ ᠢ ᠬᠥᠷᠥᠰᠥ ᠰᠢᠷᠣᠢ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠭᠰᠡᠨ ᠪᠠ ᠵᠠᠰᠠᠭᠰᠠᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠬᠢᠯᠭᠡᠬᠦ ᠪᠠᠷ ᠱᠠᠭᠠᠷᠳᠠᠬᠤ︔       3᠃ ᠲᠤᠬᠠᠢ ᠶᠢᠨ ᠭᠠᠵᠠᠷ ᠲᠤ ᠨᠢ ᠣᠴᠢᠵᠤ ᠪᠠᠶᠢᠴᠠᠭᠠᠯᠲᠠ ᠬᠢᠵᠦ᠂ ᠭᠡᠷᠡᠴᠢ ᠠᠪᠬᠤ᠃       ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠥᠨ ᠨᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠎ ᠪᠠᠨ ᠵᠣᠭᠰᠤᠭᠠᠬᠤ ᠶᠢ ᠲᠡᠪᠴᠢᠵᠦ᠂ ᠬᠥᠷᠥᠰᠥ ᠰᠢᠷᠣᠢ ᠶᠢᠨ ᠬᠦᠨᠳᠦ ᠨᠣᠴᠢᠲᠠᠢ ᠢᠳᠡᠭᠳᠡᠯ ᠢ ᠪᠤᠢ ᠪᠤᠯᠭᠠᠬᠰᠠᠨ ᠪᠠᠶᠢᠪᠠᠯ᠂ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠦᠭᠡᠳ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠭᠦᠢᠴᠡᠳᠬᠡᠬᠦ ᠪᠠᠭᠠᠵᠢ ᠵᠢᠴᠢ ᠪᠠᠷᠢᠯᠭ᠎ᠠ ᠪᠠᠷᠢᠬᠤ ᠮᠠᠰᠢᠨ᠂ ᠲᠥᠬᠦᠭᠡᠷᠦᠮᠵᠢ ᠵᠡᠷᠭᠡ ᠶᠢ ᠨᠢ ᠪᠠᠶᠢᠴᠠᠭᠠᠨ ᠪᠢᠲᠡᠭᠦᠮᠵᠢᠯᠡᠵᠦ᠂ ᠳᠠᠷᠤᠵᠤ ᠠᠪᠴᠤ ᠬᠡᠷᠡᠭᠵᠢᠭᠦᠯᠦᠨ᠎ᠡ       ᠳᠥᠴᠢᠨ ᠲᠠᠪᠤᠳᠤᠭᠠᠷ ᠵᠦᠢᠯ ᠤᠰᠤᠨ ᠤ ᠶᠠᠪᠤᠳᠠᠯ ᠤᠨ ᠬᠢᠨᠠᠨ ᠪᠠᠶᠢᠴᠠᠭᠠᠬᠤ ᠠᠵᠢᠯᠲᠠᠨ ᠬᠢᠨᠠᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠳᠡᠭᠡᠨ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠭᠠᠷᠭᠠᠵᠤ ᠦᠵᠡᠭᠦᠯᠭᠦ ᠬᠡᠷᠡᠭᠲᠡᠢ᠃ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠥᠨ ᠬᠥᠷᠥᠰᠥ ᠰᠢᠷᠣᠢ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠶᠢᠨ ᠠᠵᠢᠯ ᠳᠤ ᠬᠠᠮᠵᠢᠯᠴᠠᠵᠤ᠂ ᠪᠠᠶᠢᠳᠠᠯ ᠢᠶᠠᠨ ᠦᠨᠡᠨ ᠮᠥᠨ ᠢᠶᠠᠷ ᠎ ᠨᠢ ᠮᠡᠳᠡᠭᠦᠯᠵᠦ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠭᠡᠷᠡᠴᠢ ᠦᠨᠡᠮᠯᠡᠯ᠂ ᠮᠠᠲ᠋ᠧᠷᠢᠶᠠᠯ ᠢ ᠬᠠᠩᠭᠠᠵᠤ ᠣᠯᠭᠤᠬᠤ ᠬᠡᠷᠡᠭᠲᠡᠢ︔ ᠤᠰᠤᠨ ᠤ ᠶᠠᠪᠤᠳᠠᠯ ᠤᠨ ᠬᠢᠨᠠᠨ ᠪᠠᠶᠢᠴᠠᠭᠠᠬᠤ ᠠᠵᠢᠯᠲᠠᠳ ᠤᠨ ᠬᠠᠤᠯᠢ ᠶᠣᠰᠣᠭᠠᠷ ᠠᠯᠪᠠᠨ ᠶᠠᠪᠤᠳᠠᠯ ᠭᠦᠢᠴᠡᠳᠬᠡᠬᠦ ᠶᠢ ᠲᠡᠪᠴᠢᠬᠦ ᠪᠤᠶᠤ ᠬᠠᠷᠰᠢᠯᠠᠵᠤ ᠪᠤᠯᠬᠤ ᠦᠭᠡᠢ᠃       ᠳᠥᠴᠢᠨ ᠵᠢᠷᠭᠤᠳᠤᠭᠠᠷ ᠵᠦᠢᠯ ᠠᠳᠠᠯᠢ ᠪᠤᠰᠤ ᠵᠠᠰᠠᠭ ᠵᠠᠬᠢᠷᠭᠠᠨ ᠤ ᠣᠷᠣᠨ ᠤ ᠬᠤᠭᠤᠷᠣᠨᠳᠤ ᠬᠥᠷᠥᠰᠥ ᠰᠢᠷᠣᠢ ᠶᠢᠨ ᠢᠳᠡᠭᠳᠡᠯ ᠤᠨ ᠲᠤᠬᠠᠢ ᠵᠢᠭᠤᠷᠠᠯᠳᠤᠭᠠᠨ ᠭᠠᠷᠪᠠᠯ ᠵᠥᠪᠳᠡᠯᠴᠡᠵᠦ ᠪᠠᠶᠢᠭᠠᠳ ᠰᠢᠢᠳᠪᠦᠷᠢᠯᠡᠬᠦ ᠬᠡᠷᠡᠭᠲᠡᠢ︔ ᠵᠥᠪᠳᠡᠯᠴᠡᠭᠡᠳ ᠪᠦᠲᠦᠬᠦ ᠦᠭᠡᠢ ᠪᠣᠯ ᠬᠠᠮᠲᠤ ᠶᠢᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠎ ᠠᠴᠠ ᠲᠣᠭᠲᠠᠭᠠᠯᠲᠠ ᠭᠠᠷᠭᠠᠨ᠎ᠠ᠃       ᠵᠢᠷᠭᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ       ᠳᠥᠴᠢᠨ ᠳᠣᠯᠣᠳᠤᠭᠠᠷ ᠵᠦᠢᠯ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠤᠰ ᠬᠠᠤᠯᠢ ᠶᠢᠨ ᠲᠣᠭᠲᠠᠭᠠᠯ ᠶᠣᠰᠣᠭᠠᠷ ᠬᠢᠨᠠᠯᠲᠠ ᠲᠠᠯᠪᠢᠵᠤ ᠬᠠᠮᠢᠶᠠᠷᠬᠤ ᠡᠷᠬᠡ ᠬᠡᠷᠡᠭᠵᠢᠭᠦᠯᠵᠦ ᠪᠠᠶᠢᠭ᠎ᠠ ᠪᠤᠰᠤᠳ ᠰᠠᠯᠠᠭ᠎ᠠ ᠮᠥᠴᠢᠷ ᠨᠢ ᠬᠠᠤᠯᠢ ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠭᠰᠠᠨ ᠦᠭᠡᠢ ᠪᠤᠶᠤ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ ᠭᠦᠢᠴᠡᠳᠬᠡᠭᠰᠡᠨ ᠦᠭᠡᠢ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠭᠰᠡᠨ ᠪᠤᠶᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠎ ᠶᠢᠨ ᠢᠯᠡᠴᠢᠯᠡᠨ ᠮᠡᠳᠡᠭᠦᠯᠦᠭᠰᠡᠨ ᠢ ᠭᠥᠯᠢᠶᠡᠨ ᠠᠪᠤᠭᠰᠠᠨ ᠪᠠᠶᠢᠲᠠᠯ᠎ᠠ ᠪᠠᠶᠢᠴᠠᠭᠠᠨ ᠰᠢᠢᠳᠪᠦᠷᠢᠯᠡᠭᠰᠡᠨ ᠦᠭᠡᠢ᠂ ᠡᠰᠡᠬᠦᠯ᠎ᠡ ᠲᠤᠰ ᠬᠠᠤᠯᠢ ᠶᠢᠨ ᠲᠣᠭᠲᠠᠭᠠᠯ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠤᠰᠤᠳ ᠦᠢᠯᠡ ᠠᠵᠢᠯᠯᠠᠭ᠎ᠠ ᠲᠠᠢ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠬᠤ ᠠᠵᠢᠯᠲᠠᠨ ᠪᠣᠯᠣᠨ ᠪᠤᠰᠤᠳ ᠰᠢᠭᠤᠳ ᠬᠠᠷᠢᠭᠤᠴᠠᠯᠭ᠎ᠠ ᠲᠠᠢ ᠠᠵᠢᠯᠲᠠᠨ ᠳᠤ ᠬᠠᠤᠯᠢ ᠶᠣᠰᠣᠭᠠᠷ‌‍ᠰᠢᠢᠳᠬᠡᠯ ᠣᠯᠭᠤᠨ᠎ᠠ       ᠳᠥᠴᠢᠨ ᠨᠠᠢᠮᠠᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠨᠤᠷᠠᠵᠤ ᠶᠡᠭᠦᠷᠡᠬᠦ ᠠᠶᠤᠯᠲᠠᠢ ᠣᠷᠣᠨ᠂ ᠨᠠᠯᠠᠤ ᠶᠡᠭᠦᠷᠡᠬᠦ ᠠᠶᠤᠯᠲᠠᠢ ᠣᠷᠣᠨ ᠪᠤᠶᠤ ᠰᠢᠪᠠᠷ ᠴᠢᠯᠠᠭᠤᠨ ᠤ ᠤᠷᠤᠰᠬᠠᠯ ᠠᠮᠠᠷᠬᠠᠨ ᠡᠭᠦᠰᠳᠡᠭ ᠣᠷᠣᠨ ᠳᠤ ᠰᠢᠷᠣᠢ ᠠᠪᠬᠤ᠂ ᠬᠠᠶᠢᠷ ᠣᠯᠪᠤᠷᠢᠯᠠᠬᠤ᠂ ᠴᠢᠯᠠᠭᠤ ᠭᠠᠷᠭᠠᠬᠤ ᠵᠡᠷᠭᠡ ᠬᠥᠷᠥᠰᠥ ᠰᠢᠷᠣᠢ ᠶᠢᠨ ᠢᠳᠡᠭᠳᠡᠯ ᠢ ᠪᠤᠢ ᠪᠤᠯᠭᠠᠵᠤ ᠮᠡᠳᠡᠬᠦ ᠠᠵᠢᠯᠯᠠᠭ᠎ᠠ ᠶᠢ ᠬᠢᠭᠰᠡᠨ ᠪᠠᠶᠢᠪᠠᠯ᠂ ᠰᠢᠶᠠᠩ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠴᠤ᠂ ᠬᠤᠪᠢ ᠬᠥᠮᠥᠨ ᠢ ᠮᠢᠩᠭᠠᠨ ᠲᠥᠭᠦᠷᠢᠭ ᠠᠴᠠ ᠳᠡᠭᠡᠭᠰᠢ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ‌‍ᠰᠢᠢᠳᠭᠡᠵᠦ᠂ ᠨᠢᠭᠡᠴᠢ ᠶᠢ ᠬᠤᠶᠠᠷ ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ‌‍ᠰᠢᠢᠳᠭᠡᠨ᠎ᠡ᠃       ᠳᠥᠴᠢ ᠶᠢᠰᠦᠳᠦᠭᠡᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠠᠲᠠᠷ ᠬᠠᠭᠠᠯᠪᠤᠷᠢᠯᠠᠬᠤ ᠶᠢ ᠬᠤᠷᠢᠭᠯᠠᠭᠰᠠᠨ ᠨᠠᠯᠠᠤᠴᠠ ᠠᠴᠠ ᠳᠡᠭᠡᠭᠰᠢ ᠡᠭᠴᠡ ᠨᠠᠯᠠᠤ ᠭᠠᠵᠠᠷ ᠢ ᠬᠠᠭᠠᠯᠪᠤᠷᠢᠯᠠᠵᠤ ᠲᠠᠷᠢᠮᠠᠯ ᠳᠠᠷᠢᠭᠰᠠᠨ᠂ ᠡᠰᠡᠬᠦᠯ᠎ᠡ ᠠᠲᠠᠷ ᠬᠠᠭᠠᠯᠪᠤᠷᠢᠯᠠᠬᠤ᠂ ᠨᠡᠭᠡᠭᠡᠨ ᠬᠥᠭᠵᠢᠭᠦᠯᠬᠦ ᠶᠢ ᠬᠤᠷᠢᠭᠯᠠᠭᠰᠠᠨ ᠤᠷᠭᠤᠮᠠᠯ ᠤᠨ ᠬᠠᠮᠠᠭᠠᠯᠠᠯᠲᠠ ᠶᠢᠨ ᠪᠦᠰᠡ ᠶᠢᠨ ᠳᠣᠲᠣᠷ᠎ᠠ ᠠᠲᠠᠷ ᠬᠠᠭᠠᠯᠪᠤᠷᠢᠯᠠᠵᠤ᠂ ᠨᠡᠭᠡᠭᠡᠨ ᠬᠥᠭᠵᠢᠭᠦᠯᠦᠭᠰᠡᠨ ᠪᠠᠶᠢᠪᠠᠯ᠂ ᠰᠢᠶᠠᠩ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠎ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠲᠠᠷᠢᠶᠠᠯᠠᠬᠤ ᠶᠢ ᠵᠣᠭᠰᠤᠭᠠᠬᠤ᠂ ᠤᠷᠭᠤᠮᠠᠯ ᠤᠨ ᠨᠥᠮᠥᠷᠭᠡ ᠶᠢ ᠰᠡᠷᠭᠦᠭᠡᠬᠦ ᠵᠡᠷᠭᠡ ᠠᠪᠤᠷᠠᠬᠤ ᠠᠷᠭ᠎ᠠ ᠬᠡᠮᠵᠢᠶ᠎ᠡ ᠠᠪᠤᠨ᠎ᠠ︔ ᠠᠲᠠᠷ ᠬᠠᠭᠠᠯᠪᠤᠷᠢᠯᠠᠭᠰᠠᠨ ᠪᠤᠶᠤ ᠨᠡᠭᠡᠭᠡᠨ ᠠᠰᠢᠭᠯᠠᠭᠰᠠᠨ ᠲᠠᠯᠠᠪᠠᠢ ᠪᠠᠷ ᠨᠢ ᠬᠤᠪᠢ ᠬᠥᠮᠥᠨ ᠢ ᠺᠦᠸᠠᠳ᠋ ᠮᠧᠲᠷ ᠪᠦᠷᠢ ᠳᠤ ᠬᠤᠶᠠᠷ ᠲᠥᠭᠦᠷᠢᠭ ᠠᠴᠠ ᠳᠣᠷᠣᠭᠰᠢ ᠲᠣᠷᠭᠠᠭᠤᠯᠢ ᠣᠨᠣᠭᠳᠠᠭᠤᠯᠵᠤ᠂ ᠨᠢᠭᠡᠴᠢ ᠶᠢ ᠺᠦᠸᠠᠳ᠋ ᠮᠧᠲᠷ ᠪᠦᠷᠢ ᠳᠤ ᠠᠷᠪᠠᠨ ᠲᠥᠭᠦᠷᠢᠭ ᠠᠴᠠ ᠳᠣᠷᠣᠭᠰᠢ ᠲᠣᠷᠭᠠᠭᠤᠯᠢ ᠣᠨᠣᠭᠳᠠᠭᠤᠯᠵᠤ ᠪᠣᠯᠣᠨ᠎ᠠ᠃       ᠲᠠᠪᠢᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠣᠢ ᠰᠢᠭᠤᠢ ᠶᠢ ᠡᠪᠳᠡᠵᠦ᠂ ᠡᠪᠡᠰᠦ ᠪᠡᠯᠴᠢᠭᠡᠷ ᠢ ᠡᠪᠳᠡᠵᠦ ᠠᠲᠠᠷ ᠬᠠᠭᠠᠯᠪᠤᠷᠢᠯᠠᠭᠰᠠᠨ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠎ ᠤᠨ ᠣᠢ ᠰᠢᠭᠤᠢ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠎ ᠤᠨ ᠬᠠᠤᠯᠢ︾᠎ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ‌‍ᠰᠢᠢᠳᠭᠡᠨ᠎ᠡ᠃       ᠲᠠᠪᠢᠨ ᠨᠢᠭᠡᠳᠦᠭᠡᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠭᠡᠵᠢᠭᠡ ᠡᠪᠡᠰᠦ ᠲᠡᠭᠦᠵᠦ ᠴᠤᠭᠯᠠᠭᠤᠯᠤᠭᠰᠠᠨ ᠪᠤᠶᠤ ᠬᠥᠷᠥᠰᠥ ᠰᠢᠷᠣᠢ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠣᠷᠣᠨ ᠪᠠ ᠭᠤᠣᠯᠳᠠᠯᠭ᠎ᠠ ᠲᠠᠢ ᠵᠠᠰᠠᠬᠤ ᠣᠷᠣᠨ ᠳᠤ ᠵᠦᠯᠭᠡ ᠶᠢ ᠬᠤᠰᠤᠵᠤ᠂ ᠮᠣᠳᠣᠨ ᠤ ᠦᠨᠳᠦᠰᠦ ᠶᠣᠵᠣᠭᠤᠷ ᠢ ᠮᠠᠯᠲᠠᠵᠤ᠂ ᠬᠤᠷᠣᠬᠠᠢ ᠡᠪᠡᠰᠦᠨ ᠤ ᠦᠨᠳᠦᠰᠦ᠂ ᠰᠢᠬᠢᠷ ᠡᠪᠡᠰᠦ᠂ ᠵᠡᠭᠡᠷᠭᠡᠨ᠎ᠡ ᠵᠡᠷᠭᠡ ᠶᠢ ᠳᠤᠷ᠎ᠠ ᠪᠠᠷ ᠢᠶᠠᠨ ᠮᠠᠯᠲᠠᠭᠰᠠᠨ ᠪᠠᠶᠢᠪᠠᠯ᠂ ᠰᠢᠶᠠᠩ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠠᠪᠤᠷᠠᠬᠤ ᠠᠷᠭ᠎ᠠ ᠬᠡᠮᠵᠢᠶ᠎ᠡ ᠠᠪᠴᠤ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠴᠤ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠤᠨ ᠬᠢᠨᠢ ᠨᠢᠭᠡ ᠳᠠᠭᠢᠨ ᠠᠴᠠ ᠳᠡᠭᠡᠭᠰᠢ ᠲᠠᠪᠤᠨ ᠳᠠᠭᠢᠨ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠨᠡᠶᠢᠯᠡᠭᠦᠯᠦᠨ‌‍ᠰᠢᠢᠳᠭᠡᠨ᠎ᠡ︔ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠪᠠᠶᠢᠬᠤ ᠦᠭᠡᠢ ᠪᠣᠯ ᠲᠠᠪᠤᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ‌‍ᠰᠢᠢᠳᠭᠡᠵᠦ ᠪᠣᠯᠣᠨ᠎ᠠ᠃       ᠨᠤᠲᠤᠭ ᠪᠡᠯᠴᠢᠭᠡᠷ ᠤᠨ ᠭᠠᠵᠠᠷ ᠣᠷᠣᠨ ᠳᠤ ᠡᠮᠦᠨᠡᠬᠢ ᠪᠠᠳᠠᠭ ᠤᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠬᠢᠭᠰᠡᠨ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠎ ᠤᠨ ᠬᠠᠤᠯᠢ︾᠎ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ‌‍ᠰᠢᠢᠳᠭᠡᠨ᠎ᠡ᠃       ᠲᠠᠪᠢᠨ ᠬᠤᠶᠠᠳᠤᠭᠠᠷ ᠵᠦᠢᠯ ᠰᠢᠭᠤᠶᠢᠲᠤ ᠣᠷᠣᠨ ᠳᠤ ᠣᠢ ᠮᠣᠳᠣ ᠣᠭᠲᠣᠯᠬᠤ ᠳᠠᠭᠠᠨ ᠬᠥᠷᠥᠰᠥ ᠰᠢᠷᠣᠢ ᠎ ᠶᠢᠨ ᠢᠳᠡᠭᠳᠡᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠠᠪᠤᠭᠰᠠᠨ ᠦᠭᠡᠢ ᠪᠠᠶᠢᠪᠠᠯ᠂ ᠰᠢᠶᠠᠩ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠣᠢ ᠰᠢᠭᠤᠢ ᠶᠢᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠂ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠵᠤ᠂ ᠠᠪᠤᠷᠠᠬᠤ ᠠᠷᠭ᠎ᠠ ᠬᠡᠮᠵᠢᠶ᠎ᠡ ᠠᠪᠤᠨ᠎ᠠ︔ ᠬᠥᠷᠥᠰᠥ ᠰᠢᠷᠣᠢ ᠶᠢ ᠢᠳᠡᠭᠳᠡᠭᠦᠯᠦᠭᠰᠡᠨᠵᠥᠭᠡᠭᠡᠪᠵᠤᠭᠡᠭᠡᠪᠠᠯ᠂ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠥᠷᠥᠰᠥ ᠰᠢᠷᠣᠢ ᠶᠢ ᠢᠳᠡᠭᠳᠡᠭᠦᠯᠦᠭᠰᠡᠨ ᠲᠠᠯᠠᠪᠠᠢ ᠪᠠᠷ ᠎ ᠨᠢ ᠺᠦᠸᠠᠳ᠋ ᠮᠧᠲᠷ ᠪᠦᠷᠢ ᠳᠤ ᠬᠤᠶᠠᠷ ᠲᠥᠭᠦᠷᠢᠭ ᠠᠴᠠ ᠳᠡᠭᠡᠭᠰᠢ ᠠᠷᠪᠠᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠤᠨ᠎ᠠ᠃       ᠲᠠᠪᠢᠨ ᠭᠤᠷᠪᠠᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠳᠠᠷᠠᠭᠠᠬᠢ ᠵᠢᠭᠰᠠᠭᠠᠭᠰᠠᠨ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠠᠶᠢᠪᠠᠯ᠂ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠎ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠭᠠᠷ ᠭᠦᠢᠴᠡᠳᠬᠡᠯ ᠢ ᠨᠢ ᠨᠥᠬᠦᠪᠦᠷᠢᠯᠡᠨ ᠬᠢᠯᠭᠡᠨ᠎ᠡ︔ ᠬᠤᠭᠤᠴᠠᠭ᠎ᠠ ᠬᠡᠲᠦᠷᠡᠲᠡᠯ᠎ᠡ ᠭᠠᠷ ᠭᠦᠢᠴᠡᠳᠬᠡᠯ ᠨᠥᠬᠦᠪᠦᠷᠢᠯᠡᠨ ᠬᠢᠭᠰᠡᠨ ᠦᠭᠡᠢ ᠪᠠᠶᠢᠪᠠᠯ᠂ ᠲᠠᠪᠤᠨ ᠲᠦᠮᠡᠨ ᠲᠥᠭᠦᠷᠢᠭ ᠠᠴᠠ ᠳᠡᠭᠡᠭᠰᠢ ᠲᠠᠪᠢᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ‌‍ᠰᠢᠢᠳᠭᠡᠨ᠎ᠡ︔ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠰᠢᠭᠤᠳ ᠬᠠᠷᠢᠭᠤᠴᠠᠵᠤ ᠪᠠᠶᠢᠭ᠎ᠠ ᠡᠷᠭᠢᠯᠡᠨ ᠬᠠᠮᠢᠶᠠᠷᠬᠤ ᠬᠥᠮᠥᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ ᠶᠣᠰᠣᠭᠠᠷ‌‍ᠰᠢᠢᠳᠬᠡᠯ ᠣᠯᠭᠤᠨ᠎ᠠ᠄       ︵ᠨᠢᠭᠡ︶ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠬᠠᠤᠯᠢ ᠶᠣᠰᠣᠭᠠᠷ ᠨᠠᠶᠢᠷᠠᠭᠤᠯᠤᠨ ᠵᠣᠬᠢᠶᠠᠬᠤ ᠶᠣᠰᠣᠲᠠᠢ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠦᠢᠯᠡᠰ ᠲᠤ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠨᠠᠶᠢᠷᠠᠭᠤᠯᠤᠨ ᠵᠣᠬᠢᠶᠠᠭᠰᠠᠨ ᠦᠭᠡᠢ ᠪᠤᠶᠤ ᠨᠠᠶᠢᠷᠠᠭᠤᠯᠤᠨ ᠵᠣᠬᠢᠶᠠᠭᠰᠠᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢᠶᠠᠨ ᠵᠥᠪᠰᠢᠶᠡᠷᠡᠭᠦᠯᠦᠭᠰᠡᠨ ᠦᠭᠡᠢ ᠪᠠᠷ ᠠᠵᠢᠯ ᠡᠬᠢᠯᠡᠭᠦᠯᠵᠦ ᠪᠦᠲᠦᠭᠡᠨ ᠪᠠᠶᠢᠭᠤᠯᠤᠭᠰᠠᠨ︔       ︵ᠬᠤᠶᠠᠷ︶ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠦᠢᠯ ᠡᠰ ᠤᠨ ᠭᠠᠵᠠᠷ᠂ ᠬᠡᠪᠴᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠠᠶᠢᠲᠠᠯ᠎ᠠ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠨᠥᠬᠦᠪᠦᠷᠢᠯᠡᠭᠰᠡᠨ ᠦᠭᠡᠢ᠂ ᠵᠠᠰᠠᠪᠤᠷᠢ ᠣᠷᠣᠭᠤᠯᠤᠭᠰᠠᠨ ᠦᠭᠡᠢ ᠪᠤᠶᠤ ᠨᠥᠬᠦᠪᠦᠷᠢᠯᠡᠭᠰᠡᠨ᠂ ᠵᠠᠰᠠᠪᠤᠷᠢ ᠣᠷᠣᠭᠤᠯᠤᠭᠰᠠᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠎ ᠪᠠᠷ ᠵᠥᠪᠰᠢᠶᠡᠷᠡᠭᠦᠯᠦᠭᠰᠡᠨ ᠦᠭᠡᠢ︔       ︵ᠭᠤᠷᠪᠠ︶ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠬᠡᠷᠡᠭᠵᠢᠭᠦᠯᠬᠦ ᠶᠠᠪᠤᠴᠠ ᠳᠤ᠂ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠤᠯᠭ᠎ᠠ ᠪᠠᠷ ᠵᠥᠪᠰᠢᠶᠡᠷᠡᠭᠦᠯᠦᠭᠰᠡᠨ ᠦᠭᠡᠢ ᠪᠠᠷ ᠬᠥᠷᠥᠰᠥ ᠰᠢᠷᠣᠢ ᠶᠢ ᠬᠠᠮᠠᠭᠠᠯᠠᠬᠤ ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠭᠠᠭᠰᠠᠨ᠃       ᠲᠠᠪᠢᠨ ᠳᠥᠷᠪᠡᠳᠦᠭᠡᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠬᠥᠷᠥᠰᠥ ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠤᠯᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠲᠠᠯ᠎ᠠ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠠᠰᠢᠭᠯᠠᠯᠲᠠ ᠳᠤ ᠣᠷᠣᠭᠤᠯᠵᠤ ᠬᠡᠷᠡᠭᠯᠡᠭᠰᠡᠨ ᠪᠠᠶᠢᠪᠠᠯ᠂ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠦᠢᠯᠡᠳᠪᠦᠷᠢᠯᠡᠬᠦ ᠪᠤᠶᠤ ᠬᠡᠷᠡᠭᠯᠡᠬᠦ ᠶᠢ ᠨᠢ ᠵᠠᠷᠯᠢᠭᠳᠠᠨ ᠵᠣᠭᠰᠣᠭᠠᠵᠤ᠂ ᠰᠢᠯᠭᠠᠨ ᠠᠪᠬᠤ ᠳᠤ ᠬᠢᠷᠢ ᠲᠡᠩᠴᠡᠬᠦ ᠪᠤᠯᠲᠠᠯ᠎ᠠ ᠲᠠᠪᠤᠨ ᠲᠦᠮᠡᠨ ᠲᠥᠭᠦᠷᠢᠭ ᠠᠴᠠ ᠳᠡᠭᠡᠭᠰᠢ ᠲᠠᠪᠢᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠨᠡᠶᠢᠯᠡᠭᠦᠯᠦᠨ‌‍ᠰᠢᠢᠳᠭᠡᠨ᠎ᠡ᠃       ᠲᠠᠪᠢᠨ ᠲᠠᠪᠤᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠳᠤ ᠲᠣᠭᠲᠠᠭᠠᠭᠰᠠᠨ ᠲᠤᠰᠬᠠᠢ ᠬᠠᠳᠠᠭᠠᠯᠠᠬᠤ ᠭᠠᠵᠠᠷ ᠠᠴᠠ ᠪᠤᠰᠤᠳ ᠣᠷᠣᠨ ᠳᠤ ᠬᠠᠶᠢᠷ᠂ ᠴᠢᠯᠠᠭᠤ᠂ ᠰᠢᠷᠣᠢ᠂ ᠨᠡᠭᠦᠷᠡᠰᠦᠨ ᠴᠢᠯᠠᠭᠤ᠂ ᠦᠯᠡᠳᠡᠭᠳᠡᠯ ᠬᠦᠳᠡᠷ᠂ ᠬᠠᠶᠠᠭᠳᠠᠮᠠᠯ ᠰᠢᠭᠠᠷᠤ ᠵᠡᠷᠭᠡ ᠶᠢ ᠴᠢᠳᠬᠤᠵᠤ ᠬᠠᠶᠠᠭᠰᠠᠨ ᠪᠠᠶᠢᠪᠠᠯ᠂ ᠰᠢᠶᠠᠩ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠠᠷᠢᠯᠭᠠᠭᠤᠯᠵᠤ᠂ ᠴᠢᠳᠬᠤᠭᠰᠠᠨ ᠲᠤᠭ᠎ᠠ ᠬᠡᠮᠵᠢᠶ᠎ᠡ ᠪᠠᠷ ᠨᠢ ᠪᠣᠰᠤᠭ᠎ᠠ ᠳᠥᠷᠪᠡᠯᠵᠢᠨ ᠮᠧᠲᠷ ᠪᠦᠷᠢ ᠳᠤ ᠠᠷᠪᠠᠨ ᠲᠥᠭᠦᠷᠢᠭ ᠠᠴᠠ ᠳᠡᠭᠡᠭᠰᠢ ᠬᠤᠷᠢᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ‌‍ᠰᠢᠢᠳᠭᠡᠨ᠎ᠡ︔ ᠬᠤᠭᠤᠴᠠᠭ᠎ᠠ ᠬᠡᠲᠦᠷᠡᠲᠡᠯ᠎ᠡ ᠮᠥᠨ ᠴᠡᠪᠡᠷᠯᠡᠬᠦ ᠦᠭᠡᠢ ᠪᠣᠯ᠂ ᠰᠢᠶᠠᠩ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠢᠯᠭᠠᠷᠠᠭᠤᠯᠬᠤ ᠴᠢᠳᠠᠪᠤᠷᠢ ᠲᠠᠢ ᠨᠢᠭᠡᠴᠢ ᠶᠢ ᠵᠢᠭᠠᠨ ᠲᠣᠭᠲᠠᠭᠠᠵᠤ ᠣᠷᠣᠯᠠᠨ ᠢᠯᠭᠠᠷᠠᠭᠤᠯᠵᠤ᠂ ᠬᠡᠷᠡᠭᠰᠡᠬᠦ ᠵᠠᠷᠤᠳᠠᠯ ᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠬᠥᠮᠥᠨ ᠡᠭᠦᠷᠭᠡᠯᠡᠨ᠎ᠡ᠃       ᠲᠠᠪᠢᠨ ᠵᠢᠷᠭᠤᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠦᠢᠯ ᠡᠰ ᠡᠷᠭᠢᠯᠡᠭᠦ ᠪᠤᠶᠤ ᠪᠤᠰᠤᠳ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠬᠢᠭᠡᠳ ᠬᠥᠷᠥᠰᠥ ᠰᠢᠷᠣᠢ ᠶᠢᠨ ᠢᠳᠡᠭᠳᠡᠯ ᠭᠠᠷᠭᠠᠭᠠᠳ ᠵᠠᠰᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠪᠠᠯ᠂ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠎ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠰᠠᠭᠤᠯᠤᠨ᠎ᠠ︔ ᠬᠤᠭᠤᠴᠠᠭ᠎ᠠ ᠬᠡᠲᠦᠷᠡᠲᠡᠯ᠎ᠡ ᠮᠥᠨ ᠵᠠᠰᠠᠬᠤ ᠦᠭᠡᠢ ᠪᠠᠶᠢᠪᠠᠯ᠂ ᠰᠢᠶᠠᠩ ᠤ ᠱᠠᠲᠤᠨ ᠎ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠬᠤ ᠴᠢᠳᠠᠪᠤᠷᠢ ᠪᠦᠬᠦᠢ ᠨᠢᠭᠡᠴᠢ ᠶᠢ ᠵᠢᠭᠠᠨ ᠲᠣᠭᠲᠠᠭᠠᠵᠤ ᠣᠷᠣᠯᠠᠨ ᠵᠠᠰᠠᠭᠤᠯᠵᠤ ᠪᠣᠯᠣᠨ᠎ᠠ᠂ ᠬᠡᠷᠡᠭᠰᠡᠭᠰᠡᠨ ᠵᠠᠷᠤᠳᠠᠯ ᠢ ᠨᠢ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠲᠠᠢ ᠬᠥᠮᠥᠨ ᠡᠭᠦᠷᠭᠡᠯᠡᠨ᠎ᠡ᠃       ᠲᠠᠪᠢᠨ ᠳᠣᠯᠣᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠬᠥᠷᠥᠰᠥ ᠰᠢᠷᠣᠢ ᠶᠢ ᠬᠠᠮᠠᠭᠠᠯᠠᠬᠤ ᠨᠥᠬᠦᠪᠦᠷᠢ ᠰᠦᠢᠳᠬᠡᠯ ᠲᠤᠰᠢᠶᠠᠬᠤ ᠶᠢ ᠲᠡᠪᠴᠢᠭᠰᠡᠨ ᠪᠠᠶᠢᠪᠠᠯ᠂ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠲᠤᠰᠢᠶᠠᠯᠭᠠᠨ᠎ᠠ︔ ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠲᠤᠰᠢᠶᠠᠭᠰᠠᠨ ᠦᠭᠡᠢ ᠪᠠᠶᠢᠪᠠᠯ᠂ ᠬᠤᠭᠤᠴᠠᠭ᠎ᠠ ᠰᠠᠭᠠᠲᠠᠭᠤᠯᠤᠭᠰᠠᠨ ᠡᠳᠦᠷ ᠠᠴᠠ ᠡᠬᠢᠯᠡᠨ ᠬᠤᠭᠤᠴᠠᠭ᠎ᠠ ᠰᠠᠭᠠᠲᠠᠭᠤᠯᠤᠭᠰᠠᠨ ᠬᠡᠰᠡᠭ ᠤᠨ ᠲᠦᠮᠡᠨ ᠤ ᠲᠠᠪᠤᠨ ᠤ ᠬᠤᠭᠤᠴᠠᠭ᠎ᠠ ᠰᠠᠭᠠᠲᠠᠭᠤᠯᠤᠭᠰᠠᠨ ᠮᠥᠩᠭᠦ ᠶᠢ ᠡᠳᠦᠷ ᠪᠦᠷᠢ ᠨᠡᠮᠡᠵᠦ ᠬᠤᠷᠢᠶᠠᠭᠠᠳ᠂ ᠲᠤᠰᠢᠶᠠᠬᠤ ᠶᠣᠰᠣᠲᠠᠢ ᠬᠥᠷᠥᠰᠥ ᠰᠢᠷᠣᠢ ᠶᠢ ᠬᠠᠮᠠᠭᠠᠯᠠᠬᠤ ᠨᠥᠬᠦᠪᠦᠷᠢ ᠰᠦᠢᠳᠬᠡᠯ ᠤᠨ ᠬᠢᠨᠢ ᠭᠤᠷᠪᠠᠨ ᠳᠠᠭᠢᠨ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ‌‍ᠰᠢᠢᠳᠭᠡᠵᠦ ᠪᠣᠯᠣᠨ᠎ᠠ       ᠲᠠᠪᠢᠨ ᠨᠠᠢᠮᠠᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠬᠥᠷᠥᠰᠥ ᠰᠢᠷᠣᠢ ᠶᠢᠨ ᠢᠳᠡᠭᠳᠡᠯ ᠤᠨ ᠬᠤᠣᠷ ᠬᠥᠨᠥᠭᠡᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠨ᠎ᠡ︔ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢ ᠵᠥᠷᠢᠴᠡᠭᠰᠡᠨ ᠠᠵᠢᠯᠯᠠᠭ᠎ᠠ ᠪᠣᠯᠵᠤ ᠪᠦᠷᠢᠯᠳᠦᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠵᠢᠨ‌‍ᠰᠢᠢᠳᠬᠡᠯ ᠣᠯᠭᠤᠨ᠎ᠠ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠨ᠎ᠡ᠃       ᠳᠣᠯᠣᠳᠤᠭᠠᠷ ᠪᠦᠯᠦᠭ ᠬᠠᠪᠰᠤᠷᠤᠯᠲᠠ ᠳᠦᠷᠢᠮ       ᠲᠠᠪᠢ ᠶᠢᠰᠦᠳᠦᠭᠡᠷ ᠵᠦᠢᠯ ᠰᠢᠶᠠᠩ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠲᠠᠭᠠᠭᠰᠠᠨ ᠬᠥᠷᠥᠰᠥ ᠰᠢᠷᠣᠢ ᠶᠢ ᠬᠠᠮᠠᠭᠠᠯᠠᠬᠤ ᠠᠵᠢᠯ ᠢ ᠬᠠᠷᠢᠭᠤᠴᠠᠬᠤ ᠪᠠᠶᠢᠭᠤᠯᠤᠮᠵᠢ ᠲᠤᠰ ᠬᠠᠤᠯᠢ ᠳᠤ ᠲᠣᠭᠲᠠᠭᠠᠭᠰᠠᠨ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠥᠷᠥᠰᠥ ᠰᠢᠷᠣᠢ ᠎ ᠶᠢ ᠬᠠᠮᠠᠭᠠᠯᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠃       ᠵᠢᠷᠠᠳᠤᠭᠠᠷ ᠵᠦᠢᠯ ᠲᠤᠰ ᠬᠠᠤᠯᠢ ᠶᠢ 2011 ᠣᠨ ᠤ 3 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠮᠥᠷᠳᠡᠨ᠎ᠡ᠃                   ᠡᠷᠳᠡᠨᠢᠬᠦᠦ᠂ ᠰᠤᠶᠤᠯᠲᠤ᠂ ᠣᠳᠣᠨ᠂ ᠨᠠᠰᠤᠨᠵᠢᠷᠭᠠᠯ᠂ ᠨᠠᠮᠤᠷ ᠨᠠᠷ ᠣᠷᠴᠢᠭᠤᠯᠤᠨ ᠨᠠᠶᠢᠷᠠᠭᠤᠯᠵᠤ ᠬᠢᠨᠠᠪᠠ
 
ᠢᠷᠡᠯᠲᠡ᠄ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号