ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ  ᠶᠢᠨ ᠤᠯᠠᠮᠵᠢᠯᠠᠨ ᠳᠠᠮᠵᠢᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠯᠭ᠎ᠠ ᠶᠢᠨ ᠬᠠᠤᠯᠢ︾
ᠨᠡᠶᠢᠲᠡᠯᠡᠭᠰᠡᠨ ᠴᠠᠭ᠄
2025/6/13
         ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠯᠭ᠎ᠠ ᠶᠢᠨ ᠬᠠᠤᠯᠢ       ︵1997 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠨᠠᠢᠮᠠᠳᠤᠭᠠᠷ ᠬᠤᠭᠤᠴᠠᠭᠠᠨ ᠤ ᠪᠦᠭᠦ ᠤᠯᠤᠰ  ᠤᠨ ᠠᠷᠠᠳ ᠤᠨ ᠲᠥᠯᠥᠭᠡᠯᠡᠭᠴᠢᠳ ᠶᠢᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠠᠢᠮᠠᠳᠤᠭᠠᠷ ᠬᠤᠷᠠᠯᠳᠤᠭᠠᠨ ᠠᠴᠠ ᠪᠠᠲᠤᠯᠠᠪᠠ 2011 ᠣᠨ ᠤ 4 ᠳ᠋ᠦ᠋ᠭᠡᠷ ᠰᠠᠷ᠎ᠠ ᠶᠢᠨ 22 ᠤ ᠡᠳᠦᠷ ᠤᠨ ᠠᠷᠪᠠᠨ ᠨᠢᠭᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠶᠢᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯᠳᠤᠭᠠᠨ ᠤ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠯᠭ᠎ᠠ ᠶᠢᠨ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ︾ ᠢ ᠦᠨᠳᠦᠰᠦᠯᠡᠨ ᠠᠩᠬ᠎ᠠ ᠤᠳᠠᠭ᠎ᠠ ᠵᠠᠰᠠᠪᠤᠷᠢ ᠣᠷᠣᠭᠤᠯᠪᠠ᠂ 2019 ᠣᠨ ᠤ 4 ᠳ᠋ᠦ᠋ᠭᠡᠷ ᠰᠠᠷ᠎ᠠ ᠶᠢᠨ 23 ᠤ ᠡᠳᠦᠷ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠶᠢᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠳᠤᠭᠠᠷ ᠬᠤᠷᠠᠯᠳᠤᠭᠠᠨ ᠤ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠯᠭ᠎ᠠ  ᠶᠢᠨ ᠬᠠᠤᠯᠢ﹀ ᠵᠡᠷᠭᠡ ᠨᠠᠢᠮᠠᠨ ᠬᠡᠰᠡᠭ ᠤᠨ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ︾ ᠢ ᠦᠨᠳᠦᠰᠦᠯᠡᠨ ᠬᠤᠶᠠᠳᠤᠭᠠᠷ ᠤᠳᠠᠭ᠎ᠠ ᠵᠠᠰᠠᠪᠤᠷᠢ ᠣᠷᠣᠭᠤᠯᠪᠠ︶      ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠯᠭ᠎ᠠ ᠶᠢᠨ ᠬᠠᠤᠯᠢ       ᠨᠢᠭᠡᠳᠦᠭᠡᠷ ᠪᠦᠯᠦᠭ ᠶᠡᠷᠦᠩᠬᠡᠢ ᠳᠦᠷᠢᠮ      ᠨᠢᠭᠡᠳᠦᠭᠡᠷ ᠵᠤᠷᠪᠤᠰ ᠪᠠᠷᠢᠯᠭ᠎ᠠ ᠶᠢᠨ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠪᠠᠷᠢᠯᠭ᠎ᠠ ᠶᠢᠨ ᠠᠵᠢᠯ ᠤᠨ ᠴᠢᠨᠠᠷ ᠴᠢᠨᠰᠠᠭ᠎ᠠ ᠪᠠ ᠠᠶᠦᠯᠭᠦᠢ ᠪᠠᠶᠢᠬᠤ ᠶᠢ ᠪᠠᠲᠤᠯᠠᠵᠤ᠂ ᠪᠠᠷᠢᠯᠭ᠎ᠠ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠵᠣᠷᠢᠯᠭ᠎ᠠ ᠪᠠᠷ᠂ ᠲᠤᠰ ᠬᠠᠤᠯᠢ ᠶᠢ ᠲᠣᠭᠲᠠᠭᠠᠪᠠ᠃      ᠬᠤᠶᠠᠳᠤᠭᠠᠷ ᠵᠤᠷᠪᠤᠰ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷ᠎ᠠ ᠪᠠᠷᠢᠯᠭ᠎ᠠ ᠶᠢᠨ ᠠᠵᠢᠯᠯᠠᠭ᠎ᠠ ᠭᠦᠢᠴᠡᠳᠬᠡᠬᠦ ᠳᠤ᠂ ᠪᠠᠷᠢᠯᠭ᠎ᠠ ᠶᠢᠨ ᠠᠵᠢᠯᠯᠠᠭ᠎ᠠ ᠳᠤ ᠬᠢᠨᠠᠯᠲᠠ ᠬᠠᠮᠢᠶᠠᠷᠤᠯᠲᠠ ᠶᠠᠪᠤᠭᠤᠯᠬᠤ ᠳᠤ᠂ ᠲᠤᠰ ᠬᠠᠤᠯᠢ ᠶᠢ ᠵᠢᠷᠤᠮᠯᠠᠬᠤ ᠬᠡᠷᠡᠭᠲᠡᠢ᠃ ᠲᠤᠰ ᠬᠠᠤᠯᠢ ᠳᠤ ᠬᠡᠯᠡᠵᠦ ᠪᠠᠶᠢᠭ᠎ᠠ ᠪᠠᠷᠢᠯᠭ᠎ᠠ ᠶᠢᠨ ᠠᠵᠢᠯᠯᠠᠭ᠎ᠠ ᠭᠡᠳᠡᠭ ᠪᠣᠯ ᠡᠯ᠎ᠡ ᠲᠥᠷᠥᠯ ᠤᠨ ᠭᠡᠷ ᠪᠠᠶᠢᠰᠢᠩ ᠤᠨ ᠪᠠᠷᠢᠯᠭ᠎ᠠ ᠪᠣᠯᠤᠨ ᠲᠡᠭᠦᠨ ᠳᠤ ᠬᠠᠷᠢᠶᠠᠯᠠᠭᠳᠠᠬᠤ ᠲᠥᠬᠦᠭᠡᠷᠦᠮᠵᠢ ᠶᠢ ᠪᠠᠶᠢᠭᠤᠯᠵᠤ ᠪᠦᠲᠦᠭᠡᠬᠦ ᠪᠠ ᠲᠡᠭᠦᠨ ᠳᠤ ᠢᠵᠢ ᠪᠦᠷᠢᠳᠦᠭᠦᠯᠬᠦ ᠤᠲᠠᠰᠤ᠂ ᠬᠤᠭᠤᠯᠠᠢ᠂ ᠲᠣᠨᠤᠭ ᠲᠥᠬᠦᠭᠡᠷᠦᠮᠵᠢ ᠶᠢ ᠤᠭᠰᠠᠷᠠᠬᠤ ᠠᠵᠢᠯᠯᠠᠭ᠎ᠠ ᠶᠢ ᠬᠡᠯᠡᠵᠦ ᠪᠠᠶᠢᠨ᠎ᠠ᠃      ᠭᠤᠷᠪᠠᠳᠤᠭᠠᠷ ᠵᠤᠷᠪᠤᠰ ᠪᠠᠷᠢᠯᠭ᠎ᠠ ᠶᠢᠨ ᠠᠵᠢᠯᠯᠠᠭ᠎ᠠ ᠨᠢ ᠪᠠᠷᠢᠯᠭ᠎ᠠ ᠶᠢᠨ ᠠᠵᠢᠯ ᠤᠨ ᠴᠢᠨᠠᠷ ᠴᠢᠨᠰᠠᠭ᠎ᠠ ᠪᠠ ᠠᠶᠦᠯᠭᠦᠢ ᠪᠠᠶᠢᠬᠤ ᠶᠢ᠂ ᠤᠯᠤᠰ ᠤᠨ ᠪᠠᠷᠢᠯᠭ᠎ᠠ ᠶᠢᠨ ᠠᠵᠢᠯ ᠤᠨ ᠠᠶᠦᠯᠭᠦᠢ ᠶᠢᠨ ᠪᠠᠷᠢᠮᠵᠢᠶ᠎ᠠ ᠳᠤ ᠨᠡᠶᠢᠴᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃      ᠳᠥᠷᠪᠡᠳᠦᠭᠡᠷ ᠵᠤᠷᠪᠤᠰ ᠤᠯᠤᠰ ᠠᠴᠠ ᠪᠠᠷᠢᠯᠭ᠎ᠠ ᠶᠢᠨ ᠦᠢᠯᠡᠰ ᠤᠨ ᠬᠥᠭᠵᠢᠯᠲᠡ ᠶᠢ ᠲᠡᠳᠬᠦᠨ ᠳᠠᠮᠵᠢᠵᠤ᠂ ᠪᠠᠷᠢᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠢ ᠳᠡᠮᠵᠢᠵᠦ᠂ ᠭᠡᠷ ᠪᠠᠶᠢᠰᠢᠩ ᠤᠨ ᠪᠠᠷᠢᠯᠭ᠎ᠠ ᠶᠢᠨ ᠵᠢᠷᠤᠵᠤ ᠲᠥᠯᠥᠪᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠨᠧᠷᠭᠢ ᠶᠢᠨ ᠡᠬᠢ ᠰᠤᠷᠪᠤᠯᠵᠢ ᠶᠢ ᠠᠷᠪᠢᠯᠠᠬᠤ ᠪᠠ ᠣᠷᠴᠢᠨ ᠠᠬᠤᠢ ᠶᠢ ᠬᠠᠮᠠᠭᠠᠯᠠᠬᠤ ᠶᠢ ᠵᠣᠷᠢᠭᠵᠢᠭᠤᠯᠵᠤ᠂ ᠲᠡᠷᠢᠭᠦᠨ ᠤ ᠲᠧᠭᠨᠢᠭ ᠮᠡᠷᠭᠡᠵᠢᠯ᠂ ᠲᠡᠷᠢᠭᠦᠨ ᠤ ᠲᠣᠨᠤᠭ ᠲᠥᠬᠦᠭᠡᠷᠦᠮᠵᠢ᠂ ᠲᠡᠷᠢᠭᠦᠨ ᠤ ᠤᠷᠠᠨ ᠮᠡᠷᠭᠡᠰᠢᠯ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠪᠠ ᠣᠳᠣᠬᠢᠴᠢᠯᠠᠭᠰᠠᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠡᠷᠡᠭᠯᠡᠬᠦ ᠶᠢ ᠰᠠᠨᠠᠭᠠᠴᠢᠯᠠᠨ᠎ᠠ᠃      ᠲᠠᠪᠤᠳᠤᠭᠠᠷ ᠵᠤᠷᠪᠤᠰ ᠪᠠᠷᠢᠯᠭ᠎ᠠ ᠶᠢᠨ ᠠᠵᠢᠯᠯᠠᠭ᠎ᠠ ᠭᠦᠢᠴᠡᠳᠬᠡᠬᠦ ᠳᠡᠭᠡᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠢᠷᠤᠮᠯᠠᠬᠤ ᠬᠡᠷᠡᠭᠲᠡᠢ᠃ ᠨᠡᠶᠢᠭᠡᠮ ᠨᠡᠶᠢᠲᠡ ᠶᠢᠨ ᠠᠰᠢᠭ ᠲᠤᠰᠠ ᠪᠠ ᠪᠤᠰᠤᠳ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠥᠬᠡᠢ᠃      ᠶᠠᠮᠠᠷᠪᠠ ᠨᠢᠭᠡᠴᠢ ᠬᠢᠭᠡᠳ ᠬᠤᠪᠢ ᠬᠥᠮᠦᠨ ᠴᠥᠮ ᠬᠠᠤᠯᠢ ᠶᠣᠰᠣᠭᠠᠷ ᠬᠢᠵᠦ ᠪᠠᠶᠢᠭ᠎ᠠ ᠪᠠᠷᠢᠯᠭ᠎ᠠ ᠶᠢᠨ ᠠᠵᠢᠯᠯᠠᠭ᠎ᠠ ᠶᠢ ᠬᠠᠷᠰᠢᠯᠠᠵᠤ ᠬᠤᠷᠢᠭᠯᠠᠵᠤ ᠪᠣᠯᠬᠤ ᠦᠭᠡᠢ᠃      ᠵᠢᠷᠭᠤᠳᠤᠭᠠᠷ ᠵᠤᠷᠪᠤᠰ ᠲᠥᠷᠥ ᠶᠢᠨ ᠶᠠᠪᠤᠳᠠᠯ ᠤᠨ ᠬᠤᠷᠢᠶᠠᠨ ᠤ ᠪᠦᠲᠦᠭᠡᠨ ᠪᠠᠶᠢᠭᠤᠯᠤᠯᠲᠠ‌‍ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠪᠦᠬᠦ ᠤᠯᠤᠰ ᠤᠨ ᠪᠠᠷᠢᠯᠭ᠎ᠠ ᠶᠢᠨ ᠠᠵᠢᠯᠯᠠᠭ᠎ᠠ ᠶᠢ ᠨᠢᠭᠡᠳᠦᠯᠲᠡᠢ ᠬᠢᠨᠠᠵᠤ ᠬᠠᠮᠢᠶᠠᠷᠤᠨ᠎ᠠ᠃      ᠬᠤᠶᠠᠳᠤᠭᠠᠷ ᠪᠦᠯᠦᠭ ᠪᠠᠷᠢᠯᠭ᠎ᠠ ᠪᠠᠷᠢᠬᠤ ᠵᠥᠪᠰᠢᠶᠡᠷᠡᠯ ᠠᠪᠬᠤ      ᠨᠢᠭᠡᠳᠦᠭᠡᠷ ᠬᠡᠰᠡᠭ ᠪᠠᠷᠢᠯᠭ᠎ᠠ ᠶᠢᠨ ᠠᠵᠢᠯ ᠭᠦᠢᠴᠡᠳᠬᠡᠬᠦ ᠵᠥᠪᠰᠢᠶᠡᠷᠡᠯ ᠠᠪᠬᠤ      ᠳᠣᠯᠣᠳᠤᠭᠠᠷ ᠵᠤᠷᠪᠤᠰ ᠪᠠᠷᠢᠯᠭ᠎ᠠ ᠶᠢᠨ ᠠᠵᠢᠯ ᠡᠬᠢᠯᠡᠬᠦ ᠠᠴᠠ ᠡᠮᠦᠨ᠎ᠡ᠂ ᠪᠦᠲᠦᠭᠡᠨ ᠪᠠᠶᠢᠭᠤᠯᠬᠤ ᠨᠢᠭᠡᠴᠢ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠷᠢᠯᠭ᠎ᠠ ᠶᠢᠨ ᠠᠵᠢᠯ ᠬᠢᠵᠦ ᠪᠠᠶᠢᠭ᠎ᠠ ᠭᠠᠵᠠᠷ ᠤᠨ ᠢᠶᠠᠨ ᠰᠢᠶᠠᠨ ᠤ ᠱᠠᠲᠤᠨ ᠠᠴᠠ ᠳᠡᠭᠡᠭᠰᠢ ᠠᠷᠠᠳ ᠤᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ‌‍ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ ᠪᠠᠷᠢᠯᠭ᠎ᠠ ᠶᠢᠨ ᠠᠵᠢᠯ ᠭᠦᠢᠴᠡᠳᠬᠡᠬᠦ ᠵᠥᠪᠰᠢᠶᠡᠷᠡᠯ ᠤᠨ ᠦᠨᠡᠮᠯᠡᠯ ᠠᠪᠬᠤ ᠬᠡᠷᠡᠭᠲᠡᠢ᠃ ᠭᠡᠪᠡᠴᠦ ᠲᠥᠷᠥ ᠶᠢᠨ ᠶᠠᠪᠤᠳᠠᠯ ᠤᠨ ᠬᠤᠷᠢᠶᠠᠨ ᠤ ᠪᠦᠲᠦᠭᠡᠨ ᠪᠠᠶᠢᠭᠤᠯᠤᠯᠲᠠ‌‍ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠭᠰᠠᠨ ᠬᠢᠵᠠᠭᠠᠷᠯᠠᠬᠤ ᠬᠡᠮᠵᠢᠶᠡᠨ ᠠᠴᠠ ᠳᠣᠣᠷ᠎ᠠ ᠪᠠᠭ᠎ᠠ ᠬᠡᠯᠪᠡᠷᠢ ᠶᠢᠨ ᠪᠠᠷᠢᠯᠭ᠎ᠠ ᠡᠭᠦᠨ ᠳᠤ ᠪᠠᠭᠲᠠᠬᠤ ᠥᠬᠡᠢ᠃      ᠲᠥᠷᠥ ᠶᠢᠨ ᠶᠠᠪᠤᠳᠠᠯ ᠤᠨ ᠬᠤᠷᠢᠶᠠᠨ ᠠᠴᠠ ᠲᠣᠭᠲᠠᠭᠠᠭᠰᠠᠨ ᠡᠷᠬᠡ ᠮᠠᠲᠠᠯ ᠤᠨ ᠬᠡᠪᠴᠢᠶ᠎ᠡ ᠪᠠ ᠵᠢᠷᠤᠮ ᠤᠨ ᠶᠣᠰᠣᠭᠠᠷ ᠠᠵᠢᠯ ᠡᠬᠢᠯᠡᠭᠦᠯᠬᠦ ᠮᠡᠳᠡᠭᠦᠯᠦᠯᠲᠡ ᠶᠢ ᠨᠢ ᠵᠥᠪᠰᠢᠶᠡᠷᠡᠭᠰᠡᠨ ᠪᠠᠷᠢᠯᠭ᠎ᠠ ᠶᠢᠨ ᠠᠵᠢᠯ ᠳᠤ᠂ ᠪᠠᠷᠢᠯᠭ᠎ᠠ ᠶᠢᠨ ᠠᠵᠢᠯ ᠭᠦᠢᠴᠡᠳᠬᠡᠬᠦ ᠵᠥᠪᠰᠢᠶᠡᠷᠡᠯ ᠤᠨ ᠦᠨᠡᠮᠯᠡᠯ ᠢ ᠲᠠᠬᠢᠵᠤ ᠠᠪᠬᠤ ᠬᠡᠷᠡᠭ ᠥᠬᠡᠢ᠃      ᠨᠠᠢᠮᠠᠳᠤᠭᠠᠷ ᠵᠤᠷᠪᠤᠰ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠠᠪᠬᠤ ᠪᠠᠷ ᠭᠤᠶᠤᠴᠢᠯᠠᠬᠤ ᠳᠤ ᠳᠣᠣᠷᠠᠬᠢ ᠨᠥᠬᠦᠴᠡᠯ ᠤᠳ ᠢ ᠪᠦᠷᠢᠯᠳᠦᠭᠦᠯᠬᠦ ᠬᠡᠷᠡᠭᠲᠡᠢ᠄       ︵ᠨᠢᠭᠡ︶ ᠲᠤᠰ ᠪᠠᠷᠢᠯᠭ᠎ᠠ ᠳᠤ ᠬᠡᠷᠡᠭᠯᠡᠬᠦ ᠭᠠᠵᠠᠷ ᠢ ᠵᠥᠪᠰᠢᠶᠡᠷᠡᠭᠰᠡᠨ ᠭᠠᠷ ᠭᠦᠢᠴᠡᠳᠬᠡᠯ ᠢ ᠨᠢᠭᠡᠨᠲᠡ ᠬᠢᠭᠰᠡᠨ᠃       ︵ᠬᠤᠶᠠᠷ︶ ᠪᠦᠲᠦᠭᠡᠨ ᠪᠠᠶᠢᠭᠤᠯᠤᠯᠲᠠ‌‍ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠭᠦᠢᠴᠡᠳᠬᠡᠬᠦ ᠶᠣᠰᠣᠲᠠᠢ᠂ ᠨᠢᠭᠡᠨᠲᠡ ᠪᠦᠲᠦᠭᠡᠨ ᠪᠠᠶᠢᠭᠤᠯᠤᠯᠲᠠ‌‍ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠣᠯᠤᠭᠰᠠᠨ᠃       ︵ᠭᠤᠷᠪᠠ︶ ᠨᠤᠷᠠᠭᠠᠵᠤ ᠨᠡᠭᠦᠯᠭᠡᠬᠦ ᠴᠢᠬᠤᠯᠠᠲᠠᠢ ᠪᠣᠯ ᠨᠤᠷᠠᠭᠠᠵᠤ ᠨᠡᠭᠦᠯᠭᠡᠬᠦ ᠠᠬᠢᠴᠠ ᠨᠢ ᠪᠠᠷᠢᠯᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ᠃       ︵ᠳᠥᠷᠪᠡ︶ ᠪᠠᠷᠢᠯᠭ᠎ᠠ ᠪᠠᠷᠢᠬᠤ ᠠᠵᠤ ᠠᠬᠤᠶᠢᠯᠠᠯ ᠢ ᠨᠢᠭᠡᠨᠲᠡ ᠲᠣᠭᠲᠠᠭᠠᠭᠰᠠᠨ᠃       ︵ᠲᠠᠪᠤ︶ ᠪᠠᠷᠢᠯᠭ᠎ᠠ ᠶᠢᠨ ᠬᠡᠷᠡᠭᠴᠡᠭᠡ ᠶᠢ ᠬᠠᠩᠭᠠᠬᠤ ᠪᠡᠯᠡ ᠮᠥᠩᠭᠦᠨ ᠤ ᠲᠣᠬᠢᠷᠠᠭᠤᠯᠤᠯᠲᠠ᠂ ᠪᠠᠷᠢᠯᠭ᠎ᠠ ᠪᠠᠷᠢᠬᠤ ᠵᠢᠷᠤᠭ ᠲᠥᠯᠥᠪᠯᠡᠭᠡ ᠵᠢᠴᠢ ᠲᠧᠭᠨᠢᠭ ᠮᠡᠷᠭᠡᠵᠢᠯ ᠤᠨ ᠮᠠᠲ᠋ᠧᠷᠢᠶᠠᠯ ᠲᠠᠢ ᠪᠠᠶᠢᠬᠤ᠃       ︵ᠵᠢᠷᠭᠤᠭ᠎ᠠ︶ ᠪᠠᠷᠢᠯᠭ᠎ᠠ ᠶᠢᠨ ᠴᠢᠨᠠᠷ ᠴᠢᠨᠰᠠᠭ᠎ᠠ ᠪᠠ ᠠᠶᠦᠯᠭᠦᠢ ᠪᠠᠶᠢᠬᠤ ᠶᠢ ᠪᠠᠲᠤᠯᠠᠬᠤ ᠪᠣᠳᠠᠲᠠᠢ ᠠᠷᠭ᠎ᠠ ᠬᠡᠮᠵᠢᠶ᠎ᠡ ᠲᠠᠢ ᠪᠠᠶᠢᠬᠤ᠃      ᠪᠦᠲᠦᠭᠡᠨ ᠪᠠᠶᠢᠭᠤᠯᠤᠯᠲᠠ‌‍ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠨᠢ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ ᠳᠣᠯᠣᠭᠠᠨ ᠡᠳᠦᠷ ᠤᠨ ᠳᠣᠲᠣᠷ᠎ᠠ᠂ ᠨᠥᠬᠦᠴᠡᠯ ᠳᠤ ᠨᠡᠶᠢᠴᠡᠭᠰᠡᠨ ᠭᠤᠶᠤᠴᠢᠯᠠᠯ ᠳᠤ ᠪᠠᠷᠢᠯᠭ᠎ᠠ ᠶᠢᠨ ᠠᠵᠢᠯ ᠭᠦᠢᠴᠡᠳᠬᠡᠬᠦ ᠵᠥᠪᠰᠢᠶᠡᠷᠡᠯ ᠤᠨ ᠦᠨᠡᠮᠯᠡᠯ ᠣᠯᠭᠤᠬᠤ ᠬᠡᠷᠡᠭᠲᠡᠢ᠃      ᠶᠢᠰᠦᠳᠦᠭᠡᠷ ᠵᠤᠷᠪᠤᠰ ᠪᠦᠲᠦᠭᠡᠨ ᠪᠠᠶᠢᠭᠤᠯᠬᠤ ᠨᠢᠭᠡᠴᠢ ᠨᠢ ᠪᠠᠷᠢᠯᠭ᠎ᠠ ᠶᠢᠨ ᠠᠵᠢᠯ ᠭᠦᠢᠴᠡᠳᠬᠡᠬᠦ ᠵᠥᠪᠰᠢᠶᠡᠷᠡᠯ ᠤᠨ ᠦᠨᠡᠮᠯᠡᠯ ᠣᠯᠤᠭᠰᠠᠨ ᠡᠳᠦᠷ ᠠᠴᠠ ᠡᠬᠢᠯᠡᠨ ᠭᠤᠷᠪᠠᠨ ᠰᠠᠷ᠎ᠠ ᠶᠢᠨ ᠳᠣᠲᠣᠷ᠎ᠠ᠂ ᠠᠵᠢᠯ ᠢᠶᠠᠨ ᠡᠬᠢᠯᠡᠭᠦᠯᠬᠦ ᠬᠡᠷᠡᠭᠲᠡᠢ᠃ ᠶᠠᠮᠠᠷ ᠨᠢᠭᠡᠨ ᠰᠢᠯᠲᠠᠭᠠᠨ ᠠᠴᠠ ᠪᠣᠯᠤᠭᠠᠳ᠂ ᠲᠣᠭᠲᠠᠭᠰᠠᠨ ᠴᠠᠭ ᠲᠠᠭᠠᠨ ᠠᠵᠢᠯ ᠢᠶᠠᠨ ᠡᠬᠢᠯᠡᠭᠦᠯᠵᠦ ᠳᠡᠶᠢᠯᠬᠦ ᠥᠬᠡᠢ ᠪᠣᠯ ᠦᠨᠡᠮᠯᠡᠯ ᠣᠯᠭᠤᠭᠰᠠᠨ ᠪᠠᠶᠢᠭᠤᠯᠤᠯᠭ᠎ᠠ ᠳᠤ ᠬᠤᠭᠤᠴᠠᠭ᠎ᠠ ᠤᠷᠲᠤᠳᠬᠠᠬᠤ ᠭᠤᠶᠤᠴᠢᠯᠠᠯ ᠭᠠᠷᠭᠠᠬᠤ ᠬᠡᠷᠡᠭᠲᠡᠢ᠃ ᠬᠤᠭᠤᠴᠠᠭ᠎ᠠ ᠤᠷᠲᠤᠳᠬᠠᠬᠤ ᠶᠢ ᠬᠤᠶᠠᠷ ᠤᠳᠠᠭ᠎ᠠ ᠪᠠᠷ ᠬᠢᠵᠠᠭᠠᠷᠯᠠᠵᠤ᠂ ᠤᠳᠠᠭ᠎ᠠ ᠪᠦᠷᠢ ᠭᠤᠷᠪᠠᠨ ᠰᠠᠷ᠎ᠠ ᠠᠴᠠ ᠬᠡᠲᠦᠷᠡᠵᠦ ᠪᠣᠯᠬᠤ ᠦᠭᠡᠢ᠃ ᠪᠠᠷᠢᠯᠭ᠎ᠠ ᠶᠢᠨ ᠠᠵᠢᠯ ᠢᠶᠠᠨ ᠡᠬᠢᠯᠡᠭᠦᠯᠬᠦ ᠦᠭᠡᠢ ᠮᠥᠷᠲᠡᠭᠡᠨ ᠪᠠᠰᠠ ᠬᠤᠭᠤᠴᠠᠭ᠎ᠠ ᠤᠷᠲᠤᠳᠬᠠᠬᠤ ᠭᠤᠶᠤᠴᠢᠯᠠᠯ ᠭᠠᠷᠭᠠᠭᠰᠠᠨ ᠦᠭᠡᠢ ᠪᠤᠶᠤ ᠤᠷᠲᠤᠳᠬᠠᠭᠰᠠᠨ ᠬᠤᠭᠤᠴᠠᠭ᠎ᠠ ᠠᠴᠠ ᠪᠠᠨ ᠬᠡᠲᠦᠷᠡᠭᠰᠡᠨ ᠪᠣᠯ᠂ ᠪᠠᠷᠢᠯᠭ᠎ᠠ ᠶᠢᠨ ᠠᠵᠢᠯ ᠭᠦᠢᠴᠡᠳᠬᠡᠬᠦ ᠵᠥᠪᠰᠢᠶᠡᠷᠡᠯ ᠤᠨ ᠦᠨᠡᠮᠯᠡᠯ ᠢ ᠥᠪᠡᠷ ᠢᠶᠠᠨ ᠬᠦᠴᠦᠨ ᠦᠭᠡᠢ ᠪᠣᠯᠭᠠᠨ᠎ᠠ᠃      ᠠᠷᠪᠠᠳᠤᠭᠠᠷ ᠵᠤᠷᠪᠤᠰ ᠶᠠᠭ ᠶᠠᠪᠤᠭᠳᠠᠵᠤ ᠪᠠᠶᠢᠭ᠎ᠠ ᠪᠠᠷᠢᠯᠭ᠎ᠠ ᠶᠢᠨ ᠠᠵᠢᠯ ᠶᠠᠮᠠᠷ ᠨᠢᠭᠡᠨ ᠰᠢᠯᠲᠠᠭᠠᠨ ᠠᠴᠠ ᠪᠣᠯᠤᠭᠠᠳ ᠳᠤᠲᠠᠭᠤ ᠵᠣᠭᠰᠣᠬᠤ ᠳᠤ ᠬᠦᠷᠪᠡᠯ᠂ ᠪᠦᠲᠦᠭᠡᠨ ᠪᠠᠶᠢᠭᠤᠯᠵᠤ ᠪᠠᠶᠢᠭ᠎ᠠ ᠨᠢᠭᠡᠴᠢ ᠨᠢ ᠠᠵᠢᠯ ᠢᠶᠠᠨ ᠳᠤᠲᠠᠭᠤ ᠵᠣᠭᠰᠣᠭᠠᠭᠰᠠᠨ ᠡᠳᠦᠷ ᠠᠴᠠ ᠡᠬᠢᠯᠡᠨ ᠨᠢᠭᠡ ᠰᠠᠷ᠎ᠠ ᠶᠢᠨ ᠳᠣᠲᠣᠷ᠎ᠠ᠂ ᠦᠨᠡᠮᠯᠡᠯ ᠣᠯᠭᠤᠭᠰᠠᠨ ᠪᠠᠶᠢᠭᠤᠯᠤᠯᠭ᠎ᠠ ᠳᠤ ᠮᠡᠳᠡᠭᠦᠯᠬᠦ ᠶᠢᠨ ᠬᠠᠮᠲᠤ᠂ ᠲᠣᠭᠲᠠᠭᠠᠯ ᠶᠣᠰᠣᠭᠠᠷ ᠪᠠᠷᠢᠯᠭ᠎ᠠ ᠶᠢᠨ ᠠᠵᠢᠯ ᠢ ᠬᠠᠮᠠᠭᠠᠯᠠᠵᠤ ᠬᠠᠮᠢᠶᠠᠷᠬᠤ ᠠᠵᠢᠯ ᠢ ᠰᠠᠶᠢᠲᠤᠷ ᠭᠦᠢᠴᠡᠳᠬᠡᠬᠦ ᠬᠡᠷᠡᠭᠲᠡᠢ᠃      ᠪᠠᠷᠢᠯᠭ᠎ᠠ ᠶᠢᠨ ᠠᠵᠢᠯ ᠢᠶᠠᠨ ᠳᠠᠬᠢᠨ ᠰᠡᠷᠭᠦᠭᠡᠵᠦ ᠭᠦᠢᠴᠡᠳᠬᠡᠬᠦ ᠦᠶ᠎ᠡ ᠳᠤ ᠦᠨᠡᠮᠯᠡᠯ ᠣᠯᠭᠤᠭᠰᠠᠨ ᠪᠠᠶᠢᠭᠤᠯᠤᠯᠭ᠎ᠠ ᠳᠤ ᠮᠡᠳᠡᠭᠦᠯᠬᠦ ᠬᠡᠷᠡᠭᠲᠡᠢ᠃ ᠳᠤᠲᠠᠭᠤ ᠵᠣᠭᠰᠣᠭᠠᠳ ᠪᠦᠬᠦᠯᠢ ᠨᠢᠭᠡ ᠵᠢᠯ ᠪᠣᠯᠤᠭᠰᠠᠨ ᠪᠠᠷᠢᠯᠭ᠎ᠠ ᠶᠢ ᠰᠡᠷᠭᠦᠭᠡᠵᠦ ᠪᠠᠷᠢᠬᠤ ᠠᠴᠠ ᠡᠮᠦᠨ᠎ᠡ᠂ ᠪᠦᠲᠦᠭᠡᠨ ᠪᠠᠶᠢᠭᠤᠯᠬᠤ ᠨᠢᠭᠡᠴᠢ ᠨᠢ ᠪᠠᠷᠢᠯᠭ᠎ᠠ ᠶᠢᠨ ᠠᠵᠢᠯ ᠭᠦᠢᠴᠡᠳᠬᠡᠬᠦ ᠵᠥᠪᠰᠢᠶᠡᠷᠡᠯ ᠤᠨ ᠦᠨᠡᠮᠯᠡᠯ ᠢᠶᠠᠨ ᠦᠨᠡᠮᠯᠡᠯ ᠣᠯᠭᠤᠭᠰᠠᠨ ᠪᠠᠶᠢᠭᠤᠯᠤᠯᠭ᠎ᠠ ᠪᠠᠷ ᠰᠢᠯᠭᠠᠭᠤᠯᠤᠨ‌‍ᠪᠠᠶᠢᠴᠠᠭᠠᠯᠭᠠᠬᠤ ᠬᠡᠷᠡᠭᠲᠡᠢ᠃      ᠠᠷᠪᠠᠨ ᠨᠢᠭᠡᠳᠦᠭᠡᠷ ᠵᠤᠷᠪᠤᠰ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠵᠢᠯ ᠡᠬᠢᠯᠡᠭᠦᠯᠬᠦ ᠮᠡᠳᠡᠭᠦᠯᠦᠯᠲᠡ ᠶᠢ ᠨᠢ ᠵᠥᠪᠰᠢᠶᠡᠷᠡᠭᠰᠡᠨ ᠪᠠᠷᠢᠯᠭ᠎ᠠ ᠶᠢᠨ ᠠᠵᠢᠯ᠂ ᠶᠠᠮᠠᠷ ᠨᠢᠭᠡᠨ ᠰᠢᠯᠲᠠᠭᠠᠨ ᠠᠴᠠ ᠪᠣᠯᠤᠭᠠᠳ ᠲᠣᠭᠲᠠᠭᠰᠠᠨ ᠬᠤᠭᠤᠴᠠᠭᠠᠨ ᠳᠠᠭᠠᠨ ᠠᠵᠢᠯ ᠢᠶᠠᠨ ᠡᠬᠢᠯᠡᠭᠦᠯᠵᠦ ᠳᠡᠶᠢᠯᠬᠦ ᠥᠬᠡᠢ ᠪᠤᠶᠤ ᠠᠵᠢᠯ ᠢᠶᠠᠨ ᠳᠤᠲᠠᠭᠤ ᠵᠣᠭᠰᠣᠭᠠᠭᠰᠠᠨ ᠪᠠᠶᠢᠪᠠᠯ᠂ ᠪᠠᠶᠢᠳᠠᠯ ᠢᠶᠠᠨ ᠵᠥᠪᠰᠢᠶᠡᠷᠡᠭᠰᠡᠨ ᠪᠠᠶᠢᠭᠤᠯᠤᠯᠭ᠎ᠠ ᠳᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠶᠠᠮᠠᠷ ᠨᠢᠭᠡᠨ ᠰᠢᠯᠲᠠᠭᠠᠨ ᠠᠴᠠ ᠪᠣᠯᠤᠭᠠᠳ ᠲᠣᠭᠲᠠᠭᠰᠠᠨ ᠬᠤᠭᠤᠴᠠᠭᠠᠨ  ᠳᠠᠭᠠᠨ ᠠᠵᠢᠯ ᠢᠶᠠᠨ ᠡᠬᠢᠯᠡᠭᠦᠯᠵᠦ ᠳᠡᠶᠢᠯᠬᠦ ᠥᠬᠡᠢ᠂ ᠵᠢᠷᠭᠤᠭᠠᠨ ᠰᠠᠷ᠎ᠠ ᠬᠡᠲᠦᠷᠡᠭᠰᠡᠨ ᠪᠠᠶᠢᠪᠠᠯ᠂ ᠠᠵᠢᠯ ᠡᠬᠢᠯᠡᠭᠦᠯᠬᠦ ᠮᠡᠳᠡᠭᠦᠯᠦᠯᠲᠡ ᠶᠢ ᠵᠥᠪᠰᠢᠶᠡᠷᠡᠭᠦᠯᠬᠦ ᠭᠠᠷᠳᠠᠮ ᠢ ᠳᠠᠬᠢᠨ ᠰᠢᠨ᠎ᠡ ᠪᠠᠷ ᠭᠦᠢᠴᠡᠳᠬᠡᠬᠦ ᠬᠡᠷᠡᠭᠲᠡᠢ᠃      ᠬᠤᠶᠠᠳᠤᠭᠠᠷ ᠬᠡᠰᠡᠭ ᠠᠵᠢᠯ ᠡᠷᠬᠢᠯᠡᠬᠦ ᠬᠢᠷᠢ ᠭᠡᠮ      ᠠᠷᠪᠠᠨ ᠬᠤᠶᠠᠳᠤᠭᠠᠷ ᠵᠤᠷᠪᠤᠰ ᠪᠠᠷᠢᠯᠭ᠎ᠠ ᠶᠢᠨ ᠠᠵᠢᠯᠯᠠᠭ᠎ᠠ ᠭᠦᠢᠴᠡᠳᠬᠡᠬᠦ ᠪᠠᠷᠢᠯᠭ᠎ᠠ ᠪᠠᠷᠢᠬᠤ ᠠᠵᠤ ᠠᠬᠤᠶᠢᠯᠠᠯ᠂ ᠬᠠᠶᠢᠨ ᠪᠠᠶᠢᠴᠠᠭᠠᠬᠤ ᠨᠢᠭᠡᠴᠢ᠂ ᠵᠢᠷᠤᠵᠤ ᠲᠥᠯᠥᠪᠯᠡᠬᠦ ᠨᠢᠭᠡᠴᠢ ᠪᠠ ᠪᠠᠷᠢᠯᠭ᠎ᠠ ᠶᠢᠨ ᠠᠵᠢᠯ ᠢ ᠬᠢᠨᠠᠵᠤ ᠬᠠᠮᠢᠶᠠᠷᠬᠤ ᠨᠢᠭᠡᠴᠢ ᠨᠦᠭᠦᠳ ᠳᠣᠣᠷᠠᠬᠢ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄       ︵ᠨᠢᠭᠡ︶ ᠤᠯᠤᠰ ᠤᠨ ᠲᠣᠭᠲᠠᠭᠠᠯ ᠳᠤ ᠨᠡᠶᠢᠴᠡᠭᠰᠡᠨ ᠳᠠᠩᠰᠠᠯᠠᠭᠤᠯᠤᠭᠰᠠᠨ ᠬᠥᠷᠥᠩᠭᠡ ᠲᠠᠢ ᠪᠠᠶᠢᠬᠤ᠃       ︵ᠬᠤᠶᠠᠷ︶ ᠡᠷᠬᠢᠯᠡᠵᠦ ᠪᠠᠶᠢᠭ᠎ᠠ ᠪᠠᠷᠢᠯᠭ᠎ᠠ ᠶᠢᠨ ᠠᠵᠢᠯᠯᠠᠭ᠎ᠠ ᠲᠠᠢ ᠨᠢ ᠵᠣᠬᠢᠴᠠᠭᠰᠠᠨ ᠬᠠᠤᠯᠢ ᠪᠠᠷ ᠲᠣᠭᠲᠠᠭᠠᠭᠰᠠᠨ ᠠᠵᠢᠯ ᠡᠷᠬᠢᠯᠡᠬᠦ ᠬᠢᠷᠢ ᠭᠡᠮ ᠪᠦᠬᠦᠢ ᠲᠤᠰᠬᠠᠢ ᠮᠡᠷᠭᠡᠵᠢᠯ ᠤᠨ ᠠᠵᠢᠯᠲᠠᠨ ᠲᠠᠢ᠃       ︵ᠭᠤᠷᠪᠠ︶ ᠪᠠᠷᠢᠯᠭ᠎ᠠ ᠶᠢᠨ ᠠᠵᠢᠯᠯᠠᠭ᠎ᠠ ᠭᠦᠢᠴᠡᠳᠬᠡᠬᠦ ᠳᠤ ᠬᠤᠯᠪᠣᠭᠳᠠᠬᠤ ᠪᠠᠶᠢᠪᠠᠰᠤ ᠵᠣᠬᠢᠬᠤ ᠮᠡᠷᠭᠡᠵᠢᠯ  ᠤᠨ ᠲᠥᠬᠦᠭᠡᠷᠦᠮᠵᠢ ᠲᠠᠢ ᠪᠠᠶᠢᠬᠤ᠃       ︵ᠳᠥᠷᠪᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ᠃      ᠠᠷᠪᠠᠨ ᠭᠤᠷᠪᠠᠳᠤᠭᠠᠷ ᠵᠤᠷᠪᠤᠰ ᠪᠠᠷᠢᠯᠭ᠎ᠠ ᠶᠢᠨ ᠠᠵᠢᠯᠯᠠᠭ᠎ᠠ ᠭᠦᠢᠴᠡᠳᠬᠡᠬᠦ ᠪᠠᠷᠢᠯᠭ᠎ᠠ ᠪᠠᠷᠢᠬᠤ ᠠᠵᠤ ᠠᠬᠤᠶᠢᠯᠠᠯ᠂ ᠬᠠᠶᠢᠨ ᠪᠠᠶᠢᠴᠠᠭᠠᠬᠤ ᠨᠢᠭᠡᠴᠢ᠂ ᠵᠢᠷᠤᠵᠤ ᠲᠥᠯᠥᠪᠯᠡᠬᠦ ᠨᠢᠭᠡᠴᠢ ᠪᠠ ᠪᠠᠷᠢᠯᠭ᠎ᠠ ᠶᠢᠨ ᠠᠵᠢᠯ ᠢ ᠬᠢᠨᠠᠨ ᠬᠠᠮᠢᠶᠠᠷᠬᠤ ᠨᠢᠭᠡᠴᠢ ᠨᠢ ᠲᠡᠭᠦᠨ ᠤ ᠡᠵᠡᠮᠰᠢᠵᠦ ᠪᠠᠶᠢᠭ᠎ᠠ ᠳᠠᠩᠰᠠᠯᠠᠭᠤᠯᠤᠭᠰᠠᠨ ᠬᠥᠷᠥᠩᠭᠡ᠂ ᠲᠤᠰᠬᠠᠢ ᠮᠡᠷᠭᠡᠵᠢᠯ ᠤᠨ ᠠᠵᠢᠯᠲᠠᠨ᠂ ᠮᠡᠷᠭᠡᠵᠢᠯ ᠤᠨ ᠲᠣᠨᠣᠭᠯᠠᠯ ᠪᠠ ᠨᠢᠭᠡᠨᠲᠡ ᠪᠡᠶᠡᠯᠡᠭᠦᠯᠦᠭᠰᠡᠨ ᠪᠠᠷᠢᠯᠭ᠎ᠠ ᠶᠢᠨ ᠠᠵᠢᠯ ᠤᠨ ᠠᠮᠵᠢᠯᠲᠠ ᠪᠦᠲᠦᠮᠵᠢ ᠵᠡᠷᠭᠡ ᠬᠢᠷᠢ ᠬᠡᠮ ᠤᠨ ᠨᠥᠬᠦᠴᠡᠯ ᠤᠨ ᠶᠣᠰᠣᠭᠠᠷ᠂ ᠠᠳᠠᠯᠢ ᠪᠤᠰᠤ ᠬᠢᠷᠢ ᠬᠡᠮ ᠤᠨ ᠵᠡᠷᠭᠡ ᠳᠡᠰ ᠬᠤᠪᠢᠶᠠᠵᠤ᠂ ᠬᠢᠷᠢ ᠬᠡᠮ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠵᠦ᠂ ᠵᠣᠬᠢᠴᠠᠩᠭᠤᠢ ᠵᠡᠷᠭᠡ ᠳᠡᠰ ᠤᠨ ᠬᠢᠷᠢ ᠬᠡᠮ ᠤᠨ ᠦᠨᠡᠮᠯᠡᠯ ᠣᠯᠣᠭᠰᠠᠨ ᠤ ᠳᠠᠷᠠᠭ᠎ᠠ ᠰᠠᠶ᠋ᠢ ᠬᠢᠷᠢ ᠬᠡᠮ ᠤᠨ ᠦᠨᠡᠮᠯᠡᠯ ᠤᠨ ᠵᠥᠪᠰᠢᠶᠡᠷᠡᠭᠰᠡᠨ ᠬᠡᠪᠴᠢᠶᠡᠨ ᠳᠤ ᠪᠠᠷᠢᠯᠭ᠎ᠠ ᠶᠢᠨ ᠠᠵᠢᠯᠯᠠᠭ᠎ᠠ ᠭᠦᠢᠴᠡᠳᠬᠡᠬᠦ ᠬᠡᠷᠡᠭᠲᠡᠢ᠃      ᠠᠷᠪᠠᠨ ᠳᠥᠷᠪᠡᠳᠦᠭᠡᠷ ᠵᠤᠷᠪᠤᠰ ᠪᠠᠷᠢᠯᠭ᠎ᠠ ᠶᠢᠨ ᠠᠵᠢᠯᠯᠠᠭ᠎ᠠ ᠭᠦᠢᠴᠡᠳᠬᠡᠬᠦ ᠲᠤᠰᠬᠠᠢ ᠮᠡᠷᠭᠡᠵᠢᠯ ᠤᠨ ᠠᠵᠢᠯᠲᠠᠨ᠂ ᠠᠵᠢᠯ ᠡᠷᠬᠢᠯᠡᠬᠦ ᠬᠢᠷᠢ ᠭᠡᠮ ᠤᠨ ᠵᠣᠬᠢᠴᠠᠩᠭᠤᠢ ᠦᠨᠡᠮᠯᠡᠯ ᠢ ᠬᠠᠤᠯᠢ ᠶᠣᠰᠣᠭᠠᠷ ᠣᠯᠬᠤ ᠶᠢᠨ ᠬᠠᠮᠲᠤ᠂ ᠠᠵᠢᠯ ᠡᠷᠬᠢᠯᠡᠬᠦ ᠬᠢᠷᠢ ᠭᠡᠮ ᠤᠨ ᠦᠨᠡᠮᠯᠡᠯ ᠤᠨ ᠵᠥᠪᠰᠢᠶᠡᠷᠡᠭᠰᠡᠨ ᠬᠡᠪᠴᠢᠶᠡᠨ ᠳᠤ ᠪᠠᠷᠢᠯᠭ᠎ᠠ ᠶᠢᠨ ᠠᠵᠢᠯᠯᠠᠭ᠎ᠠ ᠭᠦᠢᠴᠡᠳᠬᠡᠬᠦ ᠬᠡᠷᠡᠭᠲᠡᠢ᠃      ᠭᠤᠷᠪᠠᠳᠤᠭᠠᠷ ᠪᠦᠯᠦᠭ ᠪᠠᠷᠢᠯᠭ᠎ᠠ ᠶᠢᠨ ᠠᠵᠢᠯ ᠢ ᠳᠠᠭᠠᠭᠠᠴᠢᠯᠠᠭᠤᠯᠬᠤ ᠪᠠ ᠳᠠᠭᠠᠭᠠᠴᠢᠯᠠᠬᠤ      ᠨᠢᠭᠡᠳᠦᠭᠡᠷ ᠬᠡᠰᠡᠭ ᠶᠡᠷᠦᠳᠡ ᠶᠢᠨ ᠲᠣᠭᠲᠠᠭᠠᠯ      ᠠᠷᠪᠠᠨ ᠲᠠᠪᠤᠳᠤᠭᠠᠷ ᠵᠤᠷᠪᠤᠰ ᠪᠠᠷᠢᠯᠭ᠎ᠠ ᠶᠢᠨ ᠠᠵᠢᠯ ᠢ ᠳᠠᠭᠠᠭᠠᠴᠢᠯᠠᠭᠤᠯᠬᠤ ᠨᠢᠭᠡᠴᠢ ᠪᠠ ᠳᠠᠭᠠᠭᠠᠴᠢᠯᠠᠬᠤ ᠨᠢᠭᠡᠴᠢ ᠬᠠᠤᠯᠢ ᠶᠣᠰᠣᠭᠠᠷ ᠪᠢᠴᠢᠭ ᠤᠨ ᠭᠡᠷ᠎ᠡ ᠲᠣᠭᠲᠠᠭᠠᠬᠤ ᠬᠡᠷᠡᠭᠲᠡᠢ᠃ ᠬᠤᠶᠠᠷ ᠡᠲᠡᠭᠡᠳ ᠤᠨ ᠡᠷᠬᠡ ᠪᠠ ᠡᠭᠦᠷᠭᠡ  ᠪᠠᠨ ᠲᠣᠳᠣᠷᠬᠠᠶᠢᠯᠠᠬᠤ ᠬᠡᠷᠡᠭᠲᠡᠢ᠃      ᠳᠠᠭᠠᠭᠠᠴᠢᠯᠠᠭᠤᠯᠬᠤ ᠨᠢᠭᠡᠴᠢ ᠪᠠ ᠳᠠᠭᠠᠭᠠᠴᠢᠯᠠᠬᠤ ᠨᠢᠭᠡᠴᠢ ᠨᠢ ᠭᠡᠷ᠎ᠡ ᠳᠤ ᠪᠣᠯᠵᠣᠨ ᠲᠣᠭᠲᠠᠭᠠᠭᠰᠠᠨ ᠡᠭᠦᠷᠭᠡ  ᠪᠠᠨ ᠪᠥᠬᠦ ᠲᠠᠯ᠎ᠠ ᠪᠠᠷ ᠭᠦᠢᠴᠡᠳᠬᠡᠬᠦ ᠬᠡᠷᠡᠭᠲᠡᠢ᠃ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠡᠭᠦᠷᠭᠡ ᠪᠠᠨ ᠭᠦᠢᠴᠡᠳᠬᠡᠬᠦ ᠦᠭᠡᠢ ᠪᠣᠯ ᠭᠡᠷ᠎ᠡ ᠶᠢ ᠵᠥᠷᠢᠴᠡᠭᠰᠡᠨ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠬᠦ ᠬᠡᠷᠡᠭᠲᠡᠢ᠃      ᠠᠷᠪᠠᠨ ᠵᠢᠷᠭᠤᠳᠤᠭᠠᠷ ᠵᠤᠷᠪᠤᠰ ᠪᠠᠷᠢᠯᠭ᠎ᠠ ᠶᠢᠨ ᠠᠵᠢᠯ ᠤᠨ ᠳᠠᠭᠠᠭᠠᠴᠢᠯᠠᠭᠤᠯᠤᠯᠲᠠ ᠪᠠ ᠳᠠᠭᠠᠭᠠᠴᠢᠯᠠᠯᠲᠠ  ᠶᠢᠨ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠯᠴᠠᠬᠤ ᠭᠦᠢᠴᠡᠳᠬᠡᠬᠦ ᠳᠡᠭᠡᠨ ᠢᠯᠡ ᠲᠣᠳᠣᠷᠬᠠᠢ ᠪᠠᠶᠢᠬᠤ᠂ ᠲᠥᠪ ᠭᠤᠣᠯᠴᠢ ᠪᠠᠶᠢᠬᠤ᠂ ᠡᠷᠬᠡ ᠲᠡᠭᠰᠢ ᠥᠷᠢᠰᠦᠯᠳᠦᠬᠦ ᠵᠠᠷᠴᠢᠮ ᠢ ᠵᠢᠷᠤᠮᠯᠠᠨ᠂ ᠳᠠᠭᠠᠭᠠᠴᠢᠯᠠᠬᠤ‌ᠨᠢᠭᠡᠴᠢ  ᠨᠦᠭᠦᠳ ᠠᠴᠠ ᠰᠢᠯᠢᠳᠡᠭ ᠢ ᠨᠢ ᠰᠣᠩᠭᠤᠬᠤ ᠬᠡᠷᠡᠭᠲᠡᠢ᠃      ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠯᠴᠠᠬᠤ ᠲᠤᠬᠠᠢ᠂ ᠲᠤᠰ ᠬᠠᠤᠯᠢ ᠳᠤ ᠲᠣᠭᠲᠠᠭᠠᠭᠰᠠᠨ ᠦᠭᠡᠢ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠯᠴᠠᠬᠤ ᠲᠤᠬᠠᠢ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠬᠡᠷᠡᠭᠯᠡᠨ᠎ᠡ᠃      ᠠᠷᠪᠠᠨ ᠳᠣᠯᠣᠳᠤᠭᠠᠷ ᠵᠤᠷᠪᠤᠰ ᠳᠠᠭᠠᠭᠠᠴᠢᠯᠠᠭᠤᠯᠬᠤ ᠨᠢᠭᠡᠴᠢ ᠪᠣᠯᠤᠨ ᠲᠡᠭᠦᠨ ᠤ ᠠᠵᠢᠯᠲᠠᠨ ᠪᠠᠷᠢᠯᠭ᠎ᠠ ᠶᠢᠨ ᠠᠵᠢᠯ ᠢ ᠳᠠᠭᠠᠭᠠᠴᠢᠯᠠᠭᠤᠯᠬᠤ ᠶᠠᠪᠤᠴᠠ ᠳᠤ ᠬᠡᠭᠡᠯᠢ ᠬᠠᠭ᠋ᠤᠤᠯᠢ᠂ ᠬᠠᠷᠢᠭᠤ ᠬᠠᠷᠠᠮᠵᠢ ᠠᠪᠬᠤ ᠪᠤᠶᠤ ᠪᠤᠰᠤᠳ ᠠᠰᠢᠭ  ᠢ ᠨᠡᠬᠡᠨ ᠠᠪᠴᠤ ᠪᠣᠯᠬᠤ ᠥᠬᠡᠢ᠃      ᠳᠠᠭᠠᠭᠠᠴᠢᠯᠠᠬᠤ ᠨᠢᠭᠡᠴᠢ ᠪᠣᠯᠤᠨ ᠲᠡᠭᠦᠨ ᠤ ᠠᠵᠢᠯᠲᠠᠨ ᠳᠠᠭᠠᠭᠠᠴᠢᠯᠠᠭᠤᠯᠬᠤ ᠨᠢᠭᠡᠴᠢ ᠪᠣᠯᠤᠨ ᠲᠡᠭᠦᠨ ᠤ ᠠᠵᠢᠯᠲᠠᠨ ᠳᠤ ᠬᠡᠭᠡᠯᠢ ᠲᠦᠯᠬᠢᠬᠦ᠂ ᠬᠠᠷᠢᠭᠤ ᠬᠠᠷᠠᠮᠵᠢ ᠣᠯᠭᠤᠬᠤ ᠪᠤᠶᠤ ᠪᠤᠰᠤᠳ ᠠᠰᠢᠭ ᠣᠯᠭᠤᠬᠤ ᠵᠡᠷᠭᠡ ᠲᠥᠪ ᠪᠤᠰᠤ ᠠᠷᠭ᠎ᠠ ᠶᠢ ᠬᠡᠷᠡᠭᠯᠡᠨ ᠪᠠᠷᠢᠯᠭ᠎ᠠ ᠳᠠᠭᠠᠭᠠᠴᠢᠯᠠᠵᠤ ᠪᠣᠯᠬᠤ ᠦᠭᠡᠢ᠃      ᠠᠷᠪᠠᠨ ᠨᠠᠢᠮᠠᠳᠤᠭᠠᠷ ᠵᠤᠷᠪᠤᠰ ᠪᠠᠷᠢᠯᠭ᠎ᠠ ᠶᠢᠨ ᠠᠵᠢᠯ ᠤᠨ ᠦᠢᠯᠡᠳᠬᠦ ᠦᠨ᠎ᠡ ᠥᠷᠲᠡᠭ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠳᠠᠭᠠᠭᠠᠴᠢᠯᠠᠭᠤᠯᠬᠤ ᠨᠢᠭᠡᠴᠢ ᠪᠠ ᠳᠠᠭᠠᠭᠠᠴᠢᠯᠠᠬᠤ ᠨᠢᠭᠡᠴᠢ ᠭᠡᠷ᠎ᠡ  ᠳᠡᠭᠡᠨ ᠪᠣᠯᠵᠣᠨ ᠲᠣᠭᠲᠠᠭᠠᠨ᠎ᠠ᠃ ᠢᠯᠡ ᠪᠠᠷ ᠳᠠᠭᠠᠭᠠᠴᠢᠯᠠᠯᠲᠠ ᠵᠠᠷᠯᠠᠨ ᠳᠠᠭᠠᠭᠠᠴᠢᠯᠠᠭᠤᠯᠬᠤ ᠶᠢᠨ ᠦᠢᠯᠡᠳᠬᠦ ᠦᠨ᠎ᠡ ᠥᠷᠲᠡᠭ ᠢ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠯᠴᠠᠬᠤ ᠬᠠᠤᠯᠢ ᠴᠠᠭᠠᠵᠠ ᠶᠢᠨ ᠲᠣᠭᠲᠠᠭᠠᠯ ᠢ ᠵᠢᠷᠤᠮᠯᠠᠨ ᠪᠣᠯᠵᠣᠨ ᠲᠣᠭᠲᠠᠭᠠᠬᠤ ᠬᠡᠷᠡᠭᠲᠡᠢ᠃      ᠳᠠᠭᠠᠭᠠᠴᠢᠯᠠᠭᠤᠯᠬᠤ ᠨᠢᠭᠡᠴᠢ ᠨᠢ ᠭᠡᠷ᠎ᠡ ᠳᠤ ᠪᠣᠯᠵᠣᠨ ᠲᠣᠭᠲᠠᠭᠠᠭᠰᠠᠨ ᠶᠣᠰᠣᠭᠠᠷ ᠪᠠᠷᠢᠯᠭ᠎ᠠ ᠶᠢᠨ ᠵᠣᠭᠤᠰ  ᠢᠶᠠᠨ ᠴᠠᠭ ᠲᠤᠬᠠᠢ ᠳᠤᠨᠢ ᠰᠢᠯᠵᠢᠭᠦᠯᠵᠦ ᠣᠯᠭᠤᠬᠤ ᠬᠡᠷᠡᠭᠲᠡᠢ᠃      ᠬᠤᠶᠠᠳᠤᠭᠠᠷ ᠬᠡᠰᠡᠭ ᠳᠠᠭᠠᠭᠠᠴᠢᠯᠠᠭᠤᠯᠬᠤ ᠠᠷᠪᠠ ᠶᠢᠰᠦᠳᠦᠭᠡᠷ ᠵᠤᠷᠪᠤᠰ ᠪᠠᠷᠢᠯᠭ᠎ᠠ ᠶᠢᠨ ᠠᠵᠢᠯ ᠳᠤ ᠬᠠᠤᠯᠢ ᠶᠣᠰᠣᠭᠠᠷ ᠳᠠᠭᠠᠭᠠᠴᠢᠯᠠᠯᠲᠠ ᠵᠠᠷᠯᠠᠨ ᠳᠠᠭᠠᠭᠠᠴᠢᠯᠠᠭᠤᠯᠬᠤ ᠠᠷᠭ᠎ᠠ ᠶᠢ ᠬᠡᠷᠡᠭᠯᠡᠨ᠎ᠡ᠃ ᠳᠠᠭᠠᠭᠠᠴᠢᠯᠠᠯᠲᠠ ᠵᠠᠷᠯᠠᠨ ᠳᠠᠭᠠᠭᠠᠴᠢᠯᠠᠭᠤᠯᠬᠤ ᠳᠤ ᠲᠣᠬᠢᠷᠠᠮᠵᠢ ᠥᠬᠡᠢ ᠪᠣᠯ ᠰᠢᠭᠤᠳ ᠳᠠᠭᠠᠭᠠᠴᠢᠯᠠᠭᠤᠯᠵᠤ ᠪᠣᠯᠤᠨ᠎ᠠ᠃      ᠬᠤᠷᠢᠳᠤᠭᠠᠷ ᠵᠤᠷᠪᠤᠰ ᠪᠠᠷᠢᠯᠭ᠎ᠠ ᠶᠢᠨ ᠠᠵᠢᠯ ᠢ ᠢᠯᠡ ᠪᠠᠷ ᠳᠠᠭᠠᠭᠠᠴᠢᠯᠠᠯᠲᠠ ᠵᠠᠷᠯᠠᠬᠤ ᠶᠢ ᠬᠡᠷᠡᠭᠵᠢᠭᠦᠯᠵᠦ ᠪᠠᠶᠢᠭ᠎ᠠ᠂ ᠳᠠᠭᠠᠭᠠᠴᠢᠯᠠᠭᠤᠯᠬᠤ ᠨᠢᠭᠡᠴᠢ ᠨᠢ ᠬᠠᠤᠯᠢ ᠪᠠᠷ ᠲᠣᠭᠲᠠᠭᠠᠭᠰᠠᠨ ᠵᠢᠷᠤᠮ ᠪᠠ ᠠᠷᠭ᠎ᠠ ᠬᠡᠯᠪᠡᠷᠢ ᠶᠢ ᠦᠨᠳᠦᠰᠦᠯᠡᠨ᠂ ᠳᠠᠭᠠᠭᠠᠴᠢᠯᠠᠯᠲᠠ ᠵᠠᠷᠯᠠᠬᠤ ᠠᠯᠪᠠᠨ ᠵᠠᠷ ᠳᠡᠭᠡᠷ᠎ᠡ᠂ ᠳᠠᠭᠠᠭᠠᠴᠢᠯᠠᠯᠲᠠ ᠵᠠᠷᠯᠠᠬᠤ ᠪᠠᠷᠢᠯᠭ᠎ᠠ ᠶᠢᠨ ᠲᠧᠭᠨᠢᠭ ᠮᠡᠷᠭᠡᠵᠢᠯ ᠤᠨ ᠭᠤᠣᠯ ᠱᠠᠭᠠᠷᠳᠠᠯᠭ᠎ᠠ᠂ ᠭᠡᠷ᠎ᠡ ᠶᠢᠨ ᠭᠤᠣᠯ ᠵᠦᠢᠯ ᠵᠤᠷᠪᠤᠰ᠂ ᠳᠠᠭᠠᠭᠠᠴᠢᠯᠠᠯᠲᠠ ᠶᠢ ᠦᠨᠡᠯᠡᠬᠦ ᠪᠠᠷᠢᠮᠵᠢᠶ᠎ᠠ ᠪᠣᠯᠤᠨ ᠠᠷᠭ᠎ᠠ ᠵᠢᠴᠢ ᠳᠠᠭᠠᠭᠠᠴᠢᠯᠠᠯᠲᠠ ᠨᠡᠶᠢᠲᠡᠯᠡᠬᠦ᠂ ᠳᠠᠭᠠᠭᠠᠴᠢᠯᠠᠯᠲᠠ ᠦᠨᠡᠯᠡᠬᠦ᠂ ᠳᠠᠭᠠᠭᠠᠴᠢᠯᠠᠯᠲᠠ ᠲᠣᠭᠲᠠᠬᠤ ᠶᠢᠨ ᠵᠢᠷᠤᠮ ᠵᠡᠷᠭᠡ ᠠᠭᠤᠯᠭ᠎ᠠ ᠶᠢ ᠪᠢᠴᠢᠭᠰᠡᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠬᠠᠩᠭᠠᠬᠤ ᠬᠡᠷᠡᠭᠲᠡᠢ᠃      ᠳᠠᠭᠠᠭᠠᠴᠢᠯᠠᠯᠲᠠ‌ᠨᠡᠶᠢᠲᠡᠯᠡᠬᠦ ᠠᠵᠢᠯ ᠢ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠴᠠᠭ᠂ ᠭᠠᠵᠠᠷ ᠲᠤ ᠢᠯᠡ ᠪᠠᠷ ᠭᠦᠢᠴᠡᠳᠬᠡᠬᠦ ᠬᠡᠷᠡᠭᠲᠡᠢ᠃ ᠳᠠᠭᠠᠭᠠᠴᠢᠯᠠᠯᠲᠠ ᠨᠡᠶᠢᠲᠡᠯᠡᠭᠰᠡᠨ ᠤ ᠳᠠᠷᠠᠭ᠎ᠠ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠳᠠᠭᠠᠭᠠᠴᠢᠯᠠᠯᠲᠠ ᠦᠨᠡᠯᠡᠬᠦ ᠪᠠᠷᠢᠮᠵᠢᠶ᠎ᠠ ᠪᠣᠯᠤᠨ ᠵᠢᠷᠤᠮ ᠤᠨ ᠶᠣᠰᠣᠭᠠᠷ ᠳᠠᠭᠠᠭᠠᠴᠢᠯᠠᠯᠲᠠ ᠶᠢᠨ ᠪᠢᠴᠢᠭ ᠢ ᠦᠨᠡᠯᠡᠵᠦ᠂ ᠬᠠᠷᠢᠴᠠᠭᠤᠯᠵᠤ᠂ ᠬᠠᠷᠢᠴᠠᠩᠭᠤᠢ ᠬᠢᠷᠢ ᠬᠡᠮ  ᠤᠨ ᠨᠥᠬᠦᠴᠡᠯ ᠪᠦᠷᠢᠯᠳᠦᠭᠦᠯᠦᠭᠰᠡᠨ ᠳᠠᠭᠠᠭᠠᠴᠢᠯᠠᠯᠲᠠ ᠬᠦᠯᠢᠶᠡᠭᠴᠢᠳ ᠤᠨ ᠳᠣᠲᠣᠷ᠎ᠠ ᠠᠴᠠ ᠰᠢᠯᠢᠳᠡᠭ ᠢ ᠨᠢ ᠰᠣᠩᠭᠤᠨ ᠳᠠᠭᠠᠭᠠᠴᠢᠯᠠᠯᠲᠠ ᠣᠯᠤᠭᠴᠢ ᠶᠢ ᠲᠣᠭᠲᠠᠭᠠᠬᠤ ᠬᠡᠷᠡᠭᠲᠡᠢ᠃      ᠬᠤᠷᠢᠨ ᠨᠢᠭᠡᠳᠦᠭᠡᠷ ᠵᠤᠷᠪᠤᠰ ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠵᠠᠷᠯᠠᠬᠤ ᠶᠠᠪᠤᠳᠠᠯ ᠤᠨ ᠳᠠᠭᠠᠭᠠᠴᠢᠯᠠᠯᠲᠠ ᠨᠡᠶᠢᠲᠡᠯᠡᠬᠦ᠂ ᠳᠠᠭᠠᠭᠠᠴᠢᠯᠠᠯᠲᠠ ᠦᠨᠡᠯᠡᠬᠦ᠂ ᠳᠠᠭᠠᠭᠠᠴᠢᠯᠠᠯᠲᠠ ᠲᠣᠭᠲᠠᠬᠤ ᠵᠡᠷᠭᠡ ᠶᠢ ᠪᠦᠲᠦᠭᠡᠨ ᠪᠠᠶᠢᠭᠤᠯᠬᠤ ᠨᠢᠭᠡᠴᠢ ᠠᠴᠠ ᠬᠠᠤᠯᠢ ᠶᠣᠰᠣᠭᠠᠷ ᠵᠣᠬᠢᠶᠠᠨ ᠪᠠᠶᠢᠭᠤᠯᠵᠤ ᠶᠠᠪᠤᠭᠤᠯᠬᠤ ᠶᠢᠨ ᠬᠠᠮᠲᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠶᠢ ᠬᠦᠯᠢᠶᠡᠨ᠎ᠡ᠃      ᠬᠤᠷᠢᠨ ᠬᠤᠶᠠᠳᠤᠭᠠᠷ ᠵᠤᠷᠪᠤᠰ ᠪᠠᠷᠢᠯᠭ᠎ᠠ ᠶᠢᠨ ᠠᠵᠢᠯ ᠢ ᠳᠠᠭᠠᠭᠠᠴᠢᠯᠠᠯᠲᠠ ᠵᠠᠷᠯᠠᠨ ᠳᠠᠭᠠᠭᠠᠴᠢᠯᠠᠭᠤᠯᠬᠤ ᠳᠤ᠂ ᠳᠠᠭᠠᠭᠠᠴᠢᠯᠠᠭᠤᠯᠬᠤ ᠨᠢᠭᠡᠴᠢ ᠨᠢ ᠪᠠᠷᠢᠯᠭ᠎ᠠ ᠶᠢᠨ ᠠᠵᠢᠯ ᠢᠶᠠᠨ ᠬᠠᠤᠯᠢ ᠶᠣᠰᠣᠭᠠᠷ ᠳᠠᠭᠠᠭᠠᠴᠢᠯᠠᠯᠲᠠ ᠣᠯᠤᠭᠰᠠᠨ ᠳᠠᠭᠠᠭᠠᠴᠢᠯᠠᠬᠤ ᠨᠢᠭᠡᠴᠢ ᠳᠤ ᠳᠠᠭᠠᠭᠠᠴᠢᠯᠠᠭᠤᠯᠵᠤ ᠣᠯᠭᠤᠬᠤ ᠬᠡᠷᠡᠭᠲᠡᠢ᠃ ᠪᠠᠷᠢᠯᠭ᠎ᠠ ᠶᠢᠨ ᠠᠵᠢᠯ ᠢ ᠰᠢᠭᠤᠳ ᠳᠠᠭᠠᠭᠠᠴᠢᠯᠠᠭᠤᠯᠳᠠᠭ ᠳᠠᠭᠠᠭᠠᠴᠢᠯᠠᠭᠤᠯᠬᠤ ᠨᠢᠭᠡᠴᠢ ᠨᠢ ᠪᠠᠷᠢᠯᠭ᠎ᠠ ᠶᠢᠨ ᠠᠵᠢᠯ ᠢᠶᠠᠨ ᠬᠢᠷᠢ ᠬᠡᠮ ᠤᠨ ᠵᠣᠬᠢᠴᠠᠩᠭᠤᠢ ᠨᠥᠬᠦᠴᠡᠯ ᠪᠦᠬᠦᠢ ᠳᠠᠭᠠᠭᠠᠴᠢᠯᠠᠬᠤ ᠨᠢᠭᠡᠴᠢ ᠳᠤ ᠳᠠᠭᠠᠭᠠᠴᠢᠯᠠᠭᠤᠯᠵᠤ ᠣᠯᠭᠤᠬᠤ ᠬᠡᠷᠡᠭᠲᠡᠢ᠃      ᠬᠤᠷᠢᠨ ᠭᠤᠷᠪᠠᠳᠤᠭᠠᠷ ᠵᠤᠷᠪᠤᠰ ᠵᠠᠰᠠᠭ ᠤᠨ ᠣᠷᠳᠣᠨ ᠵᠢᠴᠢ ᠲᠡᠭᠦᠨ ᠤ ᠬᠠᠷᠢᠶ᠎ᠠ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠡᠷᠬᠡ ᠪᠠᠨ ᠳᠤᠷ᠎ᠠ ᠮᠡᠳᠡᠨ ᠬᠡᠷᠡᠭᠯᠡᠨ᠂ ᠳᠠᠭᠠᠭᠠᠴᠢᠯᠠᠭᠤᠯᠬᠤ ᠨᠢᠭᠡᠴᠢ ᠶᠢᠨ ᠳᠠᠭᠠᠭᠠᠴᠢᠯᠠᠯᠲᠠ ᠵᠠᠷᠯᠠᠨ ᠳᠠᠭᠠᠭᠠᠴᠢᠯᠠᠭᠤᠯᠬᠤ ᠪᠠᠷᠢᠯᠭ᠎ᠠ ᠶᠢᠨ ᠠᠵᠢᠯ ᠢ ᠵᠢᠭᠠᠨ ᠲᠣᠭᠲᠠᠭᠠᠭᠰᠠᠨ ᠳᠠᠭᠠᠭᠠᠴᠢᠯᠠᠬᠤ ᠨᠢᠭᠡᠴᠢ ᠳᠤ ᠳᠠᠭᠠᠭᠠᠴᠢᠯᠠᠭᠤᠯᠵᠤ ᠪᠣᠯᠬᠤ ᠦᠭᠡᠢ᠃      ᠬᠤᠷᠢᠨ ᠳᠥᠷᠪᠡᠳᠦᠭᠡᠷ ᠵᠤᠷᠪᠤᠰ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠤᠯᠬᠤ ᠶᠢ ᠰᠠᠨᠠᠭᠠᠴᠢᠯᠠᠵᠤ᠂ ᠪᠠᠷᠢᠯᠭ᠎ᠠ ᠶᠢᠨ ᠠᠵᠢᠯ ᠢ ᠬᠡᠰᠡᠭᠯᠡᠨ ᠳᠠᠭᠠᠭᠠᠴᠢᠯᠠᠭᠤᠯᠬᠤ ᠶᠢ ᠬᠤᠷᠢᠭᠯᠠᠨ᠎ᠠ᠃      ᠪᠠᠷᠢᠯᠭ᠎ᠠ ᠶᠢᠨ ᠠᠵᠢᠯ ᠢ ᠳᠠᠭᠠᠭᠠᠴᠢᠯᠠᠭᠤᠯᠬᠤ ᠨᠢᠭᠡᠴᠢ ᠨᠢ ᠪᠠᠷᠢᠯᠭ᠎ᠠ ᠶᠢᠨ ᠠᠵᠢᠯ ᠤᠨ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠲᠣᠨᠤᠭ ᠲᠥᠬᠦᠭᠡᠷᠦᠮᠵᠢ ᠬᠤᠳᠠᠯᠳᠤᠨ ᠠᠪᠬᠤ ᠠᠵᠢᠯ ᠢ ᠬᠠᠮᠲᠤ ᠳᠤᠨᠢ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠬᠤ ᠨᠢᠭᠡ ᠨᠢᠭᠡᠴᠢ ᠳᠤ ᠳᠠᠭᠠᠭᠠᠴᠢᠯᠠᠭᠤᠯᠤᠨ ᠥᠭᠴᠦ ᠪᠤᠯᠤᠨ᠎ᠠ᠃ ᠪᠠᠰᠠ ᠪᠠᠷᠢᠯᠭ᠎ᠠ ᠶᠢᠨ ᠠᠵᠢᠯ ᠤᠨ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠲᠣᠨᠤᠭ ᠲᠥᠬᠦᠭᠡᠷᠦᠮᠵᠢ ᠬᠤᠳᠠᠯᠳᠤᠨ ᠠᠪᠬᠤ ᠠᠵᠢᠯ ᠤᠨ ᠨᠢᠭᠡ ᠵᠦᠢᠯ ᠪᠤᠶᠤ ᠣᠯᠠᠨ ᠵᠦᠢᠯ ᠢ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠬᠤ ᠨᠢᠭᠡ ᠨᠢᠭᠡᠴᠢ ᠳᠤ ᠳᠠᠭᠠᠭᠠᠴᠢᠯᠠᠭᠤᠯᠤᠨ ᠥᠭᠴᠦ ᠪᠣᠯᠤᠨ᠎ᠠ᠃ ᠭᠡᠪᠡᠴᠦ ᠨᠢᠭᠡ ᠳᠠᠭᠠᠭᠠᠴᠢᠯᠠᠬᠤ ᠨᠢᠭᠡᠴᠢ ᠶᠢᠨ ᠪᠡᠶᠡᠯᠡᠭᠦᠯᠬᠦ ᠶᠣᠰᠣᠲᠠᠢ ᠪᠠᠷᠢᠯᠭ᠎ᠠ ᠶᠢᠨ ᠠᠵᠢᠯ ᠢ ᠬᠡᠳᠦᠨ ᠬᠡᠰᠡᠭ ᠰᠠᠯᠭᠠᠭᠠᠳ ᠬᠡᠳᠦᠨ ᠳᠠᠭᠠᠭᠠᠴᠢᠯᠠᠬᠤ ᠨᠢᠭᠡᠴᠢ ᠳᠤ ᠳᠠᠭᠠᠭᠠᠴᠢᠯᠠᠭᠤᠯᠵᠤ ᠪᠣᠯᠬᠤ ᠥᠬᠡᠢ᠃      ᠬᠤᠷᠢᠨ ᠲᠠᠪᠤᠳᠤᠭᠠᠷ ᠵᠦᠢᠯ ᠭᠡᠷ᠎ᠡ ᠳᠤ ᠪᠣᠯᠵᠣᠨ ᠲᠣᠭᠲᠠᠭᠠᠭᠰᠠᠨ ᠶᠣᠰᠣᠭᠠᠷ᠂ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠪᠦᠲᠦᠴᠡ ᠲᠣᠨᠤᠭ ᠰᠡᠯᠪᠢᠭᠡᠰᠦ ᠪᠠ ᠲᠣᠨᠤᠭ ᠲᠥᠬᠦᠭᠡᠷᠦᠮᠵᠢ ᠶᠢ ᠪᠠᠷᠢᠯᠭ᠎ᠠ ᠳᠠᠭᠠᠭᠠᠴᠢᠯᠠᠭᠰᠠᠨ ᠨᠢᠭᠡᠴᠢ ᠠᠴᠠ ᠬᠤᠳᠠᠯᠳᠤᠨ ᠠᠪᠬᠤ ᠶᠢ ᠳᠠᠭᠠᠭᠠᠴᠢᠯᠠᠭᠤᠯᠬᠤ ᠨᠢᠭᠡᠴᠢ ᠨᠢ ᠳᠠᠭᠠᠭᠠᠴᠢᠯᠠᠭᠰᠠᠨ ᠨᠢᠭᠡᠴᠢ ᠶᠢᠨ ᠪᠠᠷᠢᠯᠭ᠎ᠠ  ᠳᠤ ᠬᠡᠷᠡᠭᠯᠡᠬᠦ ᠪᠠᠷ ᠬᠤᠳᠠᠯᠳᠤᠨ ᠠᠪᠬᠤ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠪᠦᠲᠦᠴᠡ ᠲᠣᠨᠤᠭ ᠰᠡᠯᠪᠢᠭᠡᠰᠦ ᠪᠠ ᠲᠣᠨᠤᠭ ᠲᠥᠬᠦᠭᠡᠷᠦᠮᠵᠢ ᠶᠢ ᠵᠢᠭᠠᠨ ᠲᠣᠭᠲᠠᠭᠠᠬᠤ ᠪᠤᠶᠤ ᠲᠡᠳᠡᠭᠡᠷ ᠢ ᠦᠢᠯᠡᠳᠪᠦᠷᠢᠯᠡᠬᠦ ᠦᠢᠯᠡᠳᠪᠦᠷᠢ᠂ ᠬᠠᠩᠭᠠᠬᠤ ᠬᠤᠳᠠᠯᠳᠤᠭᠠᠴᠢᠨ ᠢ ᠵᠢᠭᠠᠨ ᠲᠣᠭᠲᠠᠭᠠᠵᠤ ᠪᠣᠯᠬᠤ ᠦᠭᠡᠢ᠃      ᠭᠤᠷᠪᠠᠳᠤᠭᠠᠷ ᠬᠡᠰᠡᠭ ᠳᠠᠭᠠᠭᠠᠴᠢᠯᠠᠬᠤ      ᠬᠤᠷᠢᠨ ᠵᠢᠷᠭᠤᠳᠤᠭᠠᠷ ᠵᠤᠷᠪᠤᠰ ᠪᠠᠷᠢᠯᠭ᠎ᠠ ᠶᠢᠨ ᠠᠵᠢᠯ ᠢ ᠳᠠᠭᠠᠭᠠᠴᠢᠯᠠᠬᠤ ᠨᠢᠭᠡᠴᠢ ᠨᠢ ᠬᠠᠤᠯᠢ ᠶᠣᠰᠣᠭᠠᠷ ᠣᠯᠤᠭᠰᠠᠨ ᠬᠢᠷᠢ ᠬᠡᠮ ᠤᠨ ᠦᠨᠡᠮᠯᠡᠯ ᠲᠠᠢ ᠪᠠᠶᠢᠬᠤ ᠬᠡᠷᠡᠭᠲᠡᠢ ᠪᠥᠭᠡᠳ ᠬᠢᠷᠢ ᠬᠡᠮ ᠤᠨ ᠵᠡᠷᠭᠡ ᠳᠡᠰ ᠤᠨ ᠵᠥᠪᠰᠢᠶᠡᠷᠡᠭᠰᠡᠨ ᠲᠤᠬᠠᠶᠢᠯᠠᠭᠰᠠᠨ ᠠᠵᠢᠯ ᠤᠨ ᠬᠡᠪᠴᠢᠶᠡᠨ ᠳᠤ ᠪᠠᠷᠢᠯᠭ᠎ᠠ ᠳᠠᠭᠠᠭᠠᠴᠢᠯᠠᠬᠤ ᠬᠡᠷᠡᠭᠲᠡᠢ᠃      ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠬᠢᠷᠢ ᠬᠡᠮ ᠤᠨ ᠵᠡᠷᠭᠡ ᠳᠡᠰ ᠤᠨ ᠵᠥᠪᠰᠢᠶᠡᠷᠡᠭᠰᠡᠨ ᠲᠤᠬᠠᠶᠢᠯᠠᠭᠰᠠᠨ ᠠᠵᠢᠯ ᠤᠨ ᠬᠡᠪᠴᠢᠶᠡᠨ ᠠᠴᠠ ᠪᠠᠨ ᠳᠠᠪᠠᠭᠠᠳ᠂ ᠡᠰᠡᠬᠦᠯ᠎ᠡ ᠶᠠᠮᠠᠷᠪᠠ ᠬᠡᠯᠪᠡᠷᠢ ᠪᠠᠷ ᠪᠤᠰᠤᠳ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠨᠡᠷ᠎ᠡ ᠪᠠᠷ ᠪᠠᠷᠢᠯᠭ᠎ᠠ ᠳᠠᠭᠠᠭᠠᠴᠢᠯᠠᠬᠤ ᠶᠢ ᠬᠤᠷᠢᠭᠯᠠᠨ᠎ᠠ᠃ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠶᠠᠮᠠᠷᠪᠠ ᠬᠡᠯᠪᠡᠷᠢ ᠪᠠᠷ ᠪᠤᠰᠤᠳ ᠨᠢᠭᠡᠴᠢ ᠪᠤᠶᠤ ᠬᠤᠪᠢ ᠬᠥᠮᠦᠨ ᠢᠶᠠᠷ ᠲᠤᠰ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ᠂ ᠡᠵᠡᠩᠨᠡᠯᠲᠡ ᠶᠢᠨ ᠦᠨᠡᠮᠯᠡᠯ ᠢ ᠬᠡᠷᠡᠭᠯᠡᠬᠦ ᠶᠢ ᠬᠤᠷᠢᠭᠯᠠᠵᠤ᠂ ᠲᠤᠰ ᠠᠵᠤ ᠠᠬᠤᠶᠢᠯᠠᠯ ᠤᠨ ᠨᠡᠷ᠎ᠡ ᠪᠠᠷ ᠪᠠᠷᠢᠯᠭ᠎ᠠ ᠳᠠᠭᠠᠭᠠᠴᠢᠯᠠᠬᠤ ᠶᠢ ᠵᠥᠪᠰᠢᠶᠡᠷᠡᠬᠦ ᠶᠢ ᠬᠤᠷᠢᠭᠯᠠᠨ᠎ᠠ᠃      ᠬᠤᠷᠢᠨ ᠳᠣᠯᠣᠳᠤᠭᠠᠷ ᠵᠤᠷᠪᠤᠰ ᠲᠣᠮᠣ ᠬᠡᠯᠪᠡᠷᠢ ᠶᠢᠨ ᠪᠠᠷᠢᠯᠭ᠎ᠠ ᠶᠢᠨ ᠠᠵᠢᠯ ᠪᠤᠶᠤ ᠪᠦᠲᠦᠴᠡ ᠨᠢ ᠪᠤᠳᠤᠯᠢᠶᠠᠨᠲᠠᠢ ᠪᠠᠷᠢᠯᠭ᠎ᠠ ᠶᠢᠨ ᠠᠵᠢᠯ ᠢ ᠬᠤᠶᠠᠷ ᠠᠴᠠ ᠳᠡᠭᠡᠭᠰᠢ ᠳᠠᠭᠠᠭᠠᠴᠢᠯᠠᠬᠤ ᠨᠢᠭᠡᠴᠢ ᠬᠤᠯᠪᠣᠭᠠᠯᠠᠵᠤ ᠬᠠᠮᠲᠤ  ᠪᠠᠷ ᠳᠠᠭᠠᠭᠠᠴᠢᠯᠠᠵᠤ ᠪᠣᠯᠤᠨ᠎ᠠ᠃ ᠬᠠᠮᠲᠤ ᠪᠠᠷ ᠳᠠᠭᠠᠭᠠᠴᠢᠯᠠᠭᠰᠠᠨ ᠡᠯ᠎ᠡ ᠲᠠᠯ᠎ᠠ ᠨᠢ ᠳᠠᠭᠠᠭᠠᠴᠢᠯᠠᠯᠲᠠ ᠶᠢᠨ ᠭᠡᠷ᠎ᠡ ᠶᠢ ᠭᠦᠢᠴᠡᠳᠬᠡᠬᠦ ᠳᠤ ᠬᠤᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ᠃      ᠬᠤᠶᠠᠷ ᠠᠴᠠ ᠳᠡᠭᠡᠭᠰᠢ ᠠᠳᠠᠯᠢ ᠪᠤᠰᠤ ᠬᠢᠷᠢ ᠬᠡᠮ ᠤᠨ ᠵᠡᠷᠭᠡ ᠳᠡᠰ ᠪᠦᠬᠦᠢ ᠨᠢᠭᠡᠴᠢ ᠬᠤᠯᠪᠣᠭᠠᠯᠠᠵᠤ ᠬᠠᠮᠲᠤ  ᠪᠠᠷ ᠳᠠᠭᠠᠭᠠᠴᠢᠯᠠᠪᠠᠯ᠂ ᠬᠢᠷᠢ ᠬᠡᠮ ᠤᠨ ᠵᠡᠷᠭᠡ ᠳᠡᠰ ᠨᠢ ᠳᠣᠣᠷ᠎ᠠ ᠨᠢᠭᠡᠴᠢ ᠶᠢᠨ ᠲᠤᠬᠠᠶᠢᠯᠠᠭᠰᠠᠨ ᠠᠵᠢᠯ ᠤᠨ ᠵᠥᠪᠰᠢᠶᠡᠷᠡᠭᠰᠡᠨ ᠬᠡᠪᠴᠢᠶᠡᠨ ᠳᠤ ᠪᠠᠷᠢᠯᠭ᠎ᠠ ᠳᠠᠭᠠᠭᠠᠴᠢᠯᠠᠬᠤ ᠬᠡᠷᠡᠭᠲᠡᠢ᠃      ᠬᠤᠷᠢᠨ ᠨᠠᠢᠮᠠᠳᠤᠭᠠᠷ ᠵᠤᠷᠪᠤᠰ ᠳᠠᠭᠠᠭᠠᠴᠢᠯᠠᠭᠰᠠᠨ ᠨᠢᠭᠡᠴᠢ ᠠᠴᠠ ᠳᠠᠭᠠᠭᠠᠴᠢᠯᠠᠭᠰᠠᠨ ᠪᠦᠬᠦ ᠪᠠᠷᠢᠯᠭ᠎ᠠ ᠶᠢᠨ ᠠᠵᠢᠯ ᠢᠶᠠᠨ ᠪᠤᠰᠤᠳ ᠲᠤ ᠰᠢᠯᠵᠢᠭᠦᠯᠵᠦ ᠳᠠᠭᠠᠭᠠᠴᠢᠯᠠᠭᠤᠯᠬᠤ ᠶᠢ ᠬᠤᠷᠢᠭᠯᠠᠨ᠎ᠠ᠃ ᠳᠠᠭᠠᠭᠠᠴᠢᠯᠠᠭᠰᠠᠨ ᠨᠢᠭᠡᠴᠢ  ᠠᠴᠠ ᠳᠠᠭᠠᠭᠠᠴᠢᠯᠠᠭᠰᠠᠨ ᠪᠦᠬᠦ ᠪᠠᠷᠢᠯᠭ᠎ᠠ ᠶᠢᠨ ᠠᠵᠢᠯ ᠢᠶᠠᠨ ᠬᠡᠰᠡᠭᠯᠡᠨ ᠰᠠᠯᠭᠠᠭᠰᠠᠨ ᠤ ᠳᠠᠷᠠᠭ᠎ᠠ᠂ ᠬᠤᠪᠢᠶᠠᠵᠤ ᠳᠠᠭᠠᠭᠠᠴᠢᠯᠠᠬᠤ ᠨᠡᠷ᠎ᠡ ᠪᠠᠷ ᠪᠤᠰᠤᠳ ᠲᠤ ᠲᠤᠰ ᠲᠤᠰ ᠰᠢᠯᠵᠢᠭᠦᠯᠵᠦ ᠳᠠᠭᠠᠭᠠᠴᠢᠯᠠᠭᠤᠯᠬᠤ ᠶᠢ ᠬᠤᠷᠢᠭᠯᠠᠨ᠎ᠠ᠃      ᠬᠤᠷᠢ ᠶᠢᠰᠦᠳᠦᠭᠡᠷ ᠵᠤᠷᠪᠤᠰ ᠪᠠᠷᠢᠯᠭ᠎ᠠ ᠵᠢᠨ‌ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠠᠴᠠ ᠳᠠᠭᠠᠭᠠᠴᠢᠯᠠᠭᠰᠠᠨ ᠪᠠᠷᠢᠯᠭ᠎ᠠ ᠶᠢᠨ ᠢᠶᠠᠨ ᠳᠣᠲᠣᠷᠠᠬᠢ ᠬᠡᠰᠡᠭ ᠪᠠᠷᠢᠯᠭ᠎ᠠ ᠶᠢ ᠵᠣᠬᠢᠴᠠᠩᠭᠤᠢ ᠬᠢᠷᠢ ᠬᠡᠮ ᠤᠨ ᠨᠥᠬᠦᠴᠡᠯ ᠪᠦᠬᠦᠢ ᠬᠤᠪᠢᠶᠠᠨ ᠳᠠᠭᠠᠭᠠᠴᠢᠯᠠᠬᠤ ᠨᠢᠭᠡᠴᠢ ᠳᠤ ᠳᠠᠭᠠᠭᠠᠴᠢᠯᠠᠭᠤᠯᠵᠤ ᠪᠣᠯᠤᠨ᠎ᠠ᠃ ᠭᠡᠪᠡᠴᠦ ᠶᠡᠷᠦᠩᠬᠡᠶᠢᠯᠡᠨ ᠳᠠᠭᠠᠭᠠᠴᠢᠯᠠᠬᠤ ᠭᠡᠷ᠎ᠡ ᠳᠤ ᠪᠣᠯᠵᠣᠨ ᠲᠣᠭᠲᠠᠭᠠᠭᠰᠠᠨ ᠬᠤᠪᠢᠶᠠᠨ ᠳᠠᠭᠠᠭᠠᠴᠢᠯᠠᠭᠤᠯᠬᠤ ᠬᠡᠰᠡᠭ ᠠᠴᠠ ᠭᠠᠳᠠᠨᠠᠬᠢ ᠵᠤᠷᠪᠤᠰ ᠢ ᠡᠷᠬᠡᠪᠰᠢ ᠪᠦᠲᠦᠭᠡᠨ ᠪᠠᠶᠢᠭᠤᠯᠬᠤ ᠨᠢᠭᠡᠴᠢ ᠪᠠᠷ ᠵᠥᠪᠰᠢᠶᠡᠷᠡᠭᠦᠯᠬᠦ ᠬᠡᠷᠡᠭᠲᠡᠢ᠃ ᠪᠠᠷᠢᠯᠭ᠎ᠠ ᠪᠠᠷᠢᠬᠤ ᠶᠢ ᠶᠡᠷᠦᠩᠬᠡᠶᠢᠯᠡᠨ ᠳᠠᠭᠠᠭᠠᠴᠢᠯᠠᠭᠰᠠᠨ ᠨᠢ᠂ ᠪᠠᠷᠢᠯᠭ᠎ᠠ ᠶᠢᠨ ᠭᠤᠣᠯ ᠴᠣᠭᠴᠠ ᠪᠦᠲᠦᠴᠡ ᠶᠢ ᠪᠠᠷᠢᠬᠤ ᠠᠵᠢᠯ ᠢ ᠡᠷᠬᠡᠪᠰᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠥᠪᠡᠷ ᠢᠶᠠᠨ ᠪᠡᠶᠡᠯᠡᠭᠦᠯᠬᠦ ᠬᠡᠷᠡᠭᠲᠡᠢ᠃      ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠨᠢ ᠶᠡᠷᠦᠩᠬᠡᠶᠢᠯᠡᠨ ᠳᠠᠭᠠᠭᠠᠴᠢᠯᠠᠬᠤ ᠭᠡᠷ᠎ᠡ ᠳᠤ ᠪᠣᠯᠵᠣᠨ ᠲᠣᠭᠲᠠᠭᠠᠭᠰᠠᠨ ᠶᠣᠰᠣᠭᠠᠷ ᠪᠦᠲᠦᠭᠡᠨ ᠪᠠᠶᠢᠭᠤᠯᠬᠤ ᠨᠢᠭᠡᠴᠢ ᠳᠤ ᠬᠠᠷᠢᠭᠤᠴᠠᠨ᠎ᠠ᠃ ᠬᠤᠪᠢᠶᠠᠨ ᠳᠠᠭᠠᠭᠠᠴᠢᠯᠠᠭᠰᠠᠨ ᠨᠢᠭᠡᠴᠢ ᠨᠢ ᠬᠤᠪᠢᠶᠠᠨ ᠳᠠᠭᠠᠭᠠᠴᠢᠯᠠᠬᠤ ᠭᠡᠷ᠎ᠡ ᠳᠤ ᠪᠣᠯᠵᠣᠨ ᠲᠣᠭᠲᠠᠭᠠᠭᠰᠠᠨ ᠶᠣᠰᠣᠭᠠᠷ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠳᠤ ᠬᠠᠷᠢᠭᠤᠴᠠᠨ᠎ᠠ᠃ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠪᠣᠯᠤᠨ ᠬᠤᠪᠢᠶᠠᠨ ᠳᠠᠭᠠᠭᠠᠴᠢᠯᠠᠭᠰᠠᠨ ᠨᠢᠭᠡᠴᠢ ᠨᠢ ᠬᠤᠪᠢᠶᠠᠨ ᠳᠠᠭᠠᠭᠠᠴᠢᠯᠠᠭᠰᠠᠨ ᠪᠠᠷᠢᠯᠭ᠎ᠠ ᠶᠢᠨ ᠲᠠᠯ᠎ᠠ ᠪᠠᠷ ᠪᠦᠲᠦᠭᠡᠨ ᠪᠠᠶᠢᠭᠤᠯᠬᠤ ᠨᠢᠭᠡᠴᠢ ᠳᠤ ᠬᠤᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ᠃      ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠠᠴᠠ ᠪᠠᠷᠢᠯᠭ᠎ᠠ ᠪᠠᠨ ᠵᠣᠬᠢᠴᠠᠩᠭᠤᠢ ᠬᠢᠷᠢ ᠬᠡᠮ ᠤᠨ ᠨᠥᠬᠦᠴᠡᠯ ᠦᠭᠡᠢ ᠨᠢᠭᠡᠴᠢ ᠳᠤ ᠬᠤᠪᠢᠶᠠᠨ ᠳᠠᠭᠠᠭᠠᠴᠢᠯᠠᠭᠤᠯᠬᠤ ᠶᠢ ᠬᠤᠷᠢᠭᠯᠠᠨ᠎ᠠ᠃ ᠬᠤᠪᠢᠶᠠᠨ ᠳᠠᠭᠠᠭᠠᠴᠢᠯᠠᠭᠰᠠᠨ ᠨᠢᠭᠡᠴᠢ  ᠶᠢᠨ ᠳᠠᠭᠠᠭᠠᠴᠢᠯᠠᠭᠰᠠᠨ ᠪᠠᠷᠢᠯᠭ᠎ᠠ ᠪᠠᠨ ᠳᠠᠬᠢᠨ ᠬᠤᠪᠢᠶᠠᠨ ᠳᠠᠭᠠᠭᠠᠴᠢᠯᠠᠭᠤᠯᠬᠤ ᠶᠢ ᠬᠤᠷᠢᠭᠯᠠᠨ᠎ᠠ᠃      ᠳᠥᠷᠪᠡᠳᠦᠭᠡᠷ ᠪᠦᠯᠦᠭ ᠪᠠᠷᠢᠯᠭ᠎ᠠ ᠶᠢᠨ ᠠᠵᠢᠯ ᠢ ᠬᠢᠨᠠᠵᠤ ᠬᠠᠮᠢᠶᠠᠷᠬᠤ ᠭᠤᠴᠢᠳᠤᠭᠠᠷ ᠵᠤᠷᠪᠤᠰ ᠤᠯᠤᠰ ᠠᠴᠠ ᠪᠠᠷᠢᠯᠭ᠎ᠠ ᠶᠢᠨ ᠠᠵᠢᠯ ᠢ ᠬᠢᠨᠠᠵᠤ ᠬᠠᠮᠢᠶᠠᠷᠬᠤ ᠳᠦᠷᠢᠮ ᠢ ᠬᠡᠷᠡᠭᠵᠢᠭᠦᠯᠦᠨ᠎ᠡ᠃      ᠲᠥᠷᠥ ᠶᠢᠨ ᠶᠠᠪᠤᠳᠠᠯ ᠤᠨ ᠬᠤᠷᠢᠶᠠᠨ ᠠᠴᠠ ᠠᠯᠪᠠᠲᠠᠨ ᠬᠢᠨᠠᠵᠤ ᠬᠠᠮᠢᠶᠠᠷᠬᠤ ᠪᠠᠷᠢᠯᠭ᠎ᠠ ᠶᠢᠨ ᠠᠵᠢᠯ ᠤᠨ ᠬᠦᠷᠢᠶ᠎ᠡ ᠬᠡᠪᠴᠢᠶ᠎ᠡ ᠶᠢ ᠲᠣᠭᠲᠠᠭᠠᠵᠤ ᠪᠣᠯᠤᠨ᠎ᠠ᠃      ᠭᠤᠴᠢᠨ ᠨᠢᠭᠡᠳᠦᠭᠡᠷ ᠵᠤᠷᠪᠤᠰ ᠬᠢᠨᠠᠯᠲᠠ ᠬᠠᠮᠢᠶᠠᠷᠤᠯᠲᠠ ᠬᠡᠷᠡᠭᠵᠢᠭᠦᠯᠬᠦ ᠪᠠᠷᠢᠯᠭ᠎ᠠ ᠶᠢᠨ ᠠᠵᠢᠯ ᠢ ᠪᠦᠲᠦᠭᠡᠨ ᠪᠠᠶᠢᠭᠤᠯᠬᠤ ᠨᠢᠭᠡᠴᠢ ᠠᠴᠠ ᠬᠢᠷᠢ ᠬᠡᠮ ᠤᠨ ᠵᠣᠬᠢᠴᠠᠩᠭᠤᠢ ᠨᠥᠬᠦᠴᠡᠯ ᠪᠦᠬᠦᠢ ᠪᠠᠷᠢᠯᠭ᠎ᠠ ᠬᠢᠨᠠᠵᠤ ᠬᠠᠮᠢᠶᠠᠷᠬᠤ ᠨᠢᠭᠡᠴᠢ ᠳᠤ ᠨᠠᠶᠢᠳᠠᠨ ᠬᠢᠨᠠᠵᠤ ᠬᠠᠮᠢᠶᠠᠷᠤᠭᠤᠯᠤᠨ᠎ᠠ᠃ ᠪᠦᠲᠦᠭᠡᠨ ᠪᠠᠶᠢᠭᠤᠯᠬᠤ ᠨᠢᠭᠡᠴᠢ ᠨᠢ ᠲᠡᠭᠦᠨ ᠤ ᠨᠠᠶᠢᠳᠠᠭᠰᠠᠨ ᠪᠠᠷᠢᠯᠭ᠎ᠠ ᠬᠢᠨᠠᠵᠤ ᠬᠠᠮᠢᠶᠠᠷᠬᠤ ᠨᠢᠭᠡᠴᠢ ᠯᠦᠭᠡ ᠨᠠᠶᠢᠳᠠᠨ ᠬᠢᠨᠠᠵᠤ ᠬᠠᠮᠢᠶᠠᠷᠤᠭᠤᠯᠬᠤ ᠪᠢᠴᠢᠭ ᠤᠨ ᠭᠡᠷ᠎ᠡ ᠲᠣᠭᠲᠠᠭᠠᠬᠤ ᠬᠡᠷᠡᠭᠲᠡᠢ᠃      ᠭᠤᠴᠢᠨ ᠬᠤᠶᠠᠳᠤᠭᠠᠷ ᠵᠤᠷᠪᠤᠰ ᠪᠠᠷᠢᠯᠭ᠎ᠠ ᠶᠢᠨ ᠠᠵᠢᠯ ᠢ ᠬᠢᠨᠠᠵᠤ ᠬᠠᠮᠢᠶᠠᠷᠬᠤ ᠡᠲᠡᠭᠡᠳ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠤᠨ ᠬᠤᠯᠪᠣᠭᠳᠠᠯ ᠪᠦᠬᠦᠢ ᠲᠧᠭᠨᠢᠭ ᠮᠡᠷᠭᠡᠵᠢᠯ ᠤᠨ ᠪᠠᠷᠢᠮᠵᠢᠶ᠎ᠠ᠂ ᠵᠢᠷᠤᠭ ᠲᠥᠯᠦᠪᠯᠡᠭᠡᠨ ᠤ ᠪᠢᠴᠢᠭ ᠮᠠᠲ᠋ᠧᠷᠢᠶᠠᠯ ᠪᠠ ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠶᠢᠨ ᠭᠡᠷ᠎ᠡ ᠶᠢᠨ ᠶᠣᠰᠣᠭᠠᠷ᠂ ᠳᠠᠭᠠᠭᠠᠴᠢᠯᠠᠭᠰᠠᠨ ᠨᠢᠭᠡᠴᠢ ᠶᠢᠨ ᠠᠵᠢᠯ ᠤᠨ ᠴᠢᠨᠠᠷ ᠴᠢᠨᠰᠠᠭ᠎ᠠ᠂ ᠪᠦᠲᠦᠭᠡᠨ ᠪᠠᠶᠢᠭᠤᠯᠬᠤ ᠠᠵᠢᠯ ᠤᠨ ᠬᠤᠭᠤᠴᠠᠭ᠎ᠠ ᠬᠢᠭᠡᠳ ᠪᠦᠲᠦᠭᠡᠨ ᠪᠠᠶᠢᠭᠤᠯᠬᠤ ᠪᠡᠯᠡ ᠮᠥᠩᠭᠦ ᠶᠢᠨ ᠬᠡᠷᠡᠭᠯᠡᠯᠲᠡ ᠵᠡᠷᠭᠡ ᠲᠠᠯ᠎ᠠ ᠪᠠᠷ ᠪᠦᠲᠦᠭᠡᠨ ᠪᠠᠶᠢᠭᠤᠯᠬᠤ ᠨᠢᠭᠡᠴᠢ  ᠶᠢ ᠲᠥᠯᠥᠭᠡᠯᠡᠨ ᠬᠢᠨᠠᠯᠲᠠ ᠲᠠᠯᠪᠢᠨ᠎ᠠ᠃      ᠪᠠᠷᠢᠯᠭ᠎ᠠ ᠬᠢᠨᠠᠵᠤ ᠬᠠᠮᠢᠶᠠᠷᠬᠤ ᠠᠵᠢᠯᠲᠠᠨ ᠠᠴᠠ ᠪᠠᠷᠢᠯᠭ᠎ᠠ ᠶᠢᠨ ᠠᠵᠢᠯ ᠨᠢ ᠪᠠᠷᠢᠯᠭ᠎ᠠ ᠶᠢᠨ ᠵᠢᠷᠤᠭ ᠲᠥᠯᠥᠪᠯᠡᠯᠭᠡ ᠶᠢᠨ ᠱᠠᠭᠠᠷᠳᠠᠯᠭ᠎ᠠ᠂ ᠪᠠᠷᠢᠯᠭ᠎ᠠ ᠪᠠᠷᠢᠬᠤ ᠲᠧᠭᠨᠢᠭ ᠮᠡᠷᠭᠡᠵᠢᠯ ᠤᠨ ᠪᠠᠷᠢᠮᠵᠢᠶ᠎ᠠ ᠪᠣᠯᠤᠨ ᠭᠡᠷ᠎ᠡ ᠳᠤ ᠪᠣᠯᠵᠣᠨ ᠲᠣᠭᠲᠠᠭᠠᠭᠰᠠᠨ ᠱᠠᠭᠠᠷᠳᠠᠯᠭ᠎ᠠ ᠲᠠᠢ ᠨᠡᠶᠢᠴᠡᠬᠦ ᠦᠭᠡᠢ ᠭᠡᠵᠦ ᠦᠵᠡᠪᠡᠯ᠂ ᠪᠠᠷᠢᠯᠭ᠎ᠠ ᠪᠠᠷᠢᠬᠤ ᠠᠵᠤ ᠠᠬᠤᠶᠢᠯᠠᠯ ᠳᠤ ᠵᠠᠯᠠᠷᠠᠭᠤᠯᠬᠤ ᠱᠠᠭᠠᠷᠳᠠᠯᠭ᠎ᠠ ᠲᠠᠯᠪᠢᠬᠤ ᠡᠷᠬᠡ ᠲᠠᠢ᠃      ᠪᠠᠷᠢᠯᠭ᠎ᠠ ᠬᠢᠨᠠᠵᠤ ᠬᠠᠮᠢᠶᠠᠷᠬᠤ ᠠᠵᠢᠯᠲᠠᠨ ᠠᠴᠠ ᠪᠠᠷᠢᠯᠭ᠎ᠠ ᠶᠢᠨ ᠵᠢᠷᠤᠭ ᠲᠥᠯᠥᠪᠯᠡᠭᠡ ᠨᠢ ᠪᠠᠷᠢᠯᠭ᠎ᠠ ᠶᠢᠨ ᠠᠵᠢᠯ ᠤᠨ ᠴᠢᠨᠠᠷ ᠴᠢᠨᠰᠠᠭ᠎ᠠ ᠶᠢᠨ ᠪᠠᠷᠢᠮᠵᠢᠶ᠎ᠠ ᠪᠤᠶᠤ ᠭᠡᠷ᠎ᠡ ᠳᠤ ᠪᠣᠯᠵᠣᠨ ᠲᠣᠭᠲᠠᠭᠠᠭᠰᠠᠨ ᠴᠢᠨᠠᠷ ᠴᠢᠨᠰᠠᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠥᠬᠡᠢ ᠪᠠᠶᠢᠬᠤ ᠶᠢ ᠣᠯᠵᠤ ᠮᠡᠳᠡᠪᠡᠯ᠂ ᠪᠦᠲᠦᠭᠡᠨ ᠪᠠᠶᠢᠭᠤᠯᠬᠤ ᠨᠢᠭᠡᠴᠢ ᠳᠤ ᠮᠡᠳᠡᠭᠦᠯᠵᠦ ᠵᠢᠷᠤᠵᠤ ᠲᠥᠯᠥᠪᠯᠡᠭᠰᠡᠨ ᠨᠢᠭᠡᠴᠢ ᠳᠤ ᠵᠠᠯᠠᠷᠠᠭᠤᠯᠬᠤ ᠱᠠᠭᠠᠷᠳᠠᠯᠭ᠎ᠠ ᠲᠠᠯᠪᠢᠬᠤ ᠬᠡᠷᠡᠭᠲᠡᠢ᠃      ᠭᠤᠴᠢᠨ ᠭᠤᠷᠪᠠᠳᠤᠭᠠᠷ ᠵᠤᠷᠪᠤᠰ ᠪᠠᠷᠢᠯᠭ᠎ᠠ ᠶᠢᠨ ᠠᠵᠢᠯ ᠳᠤ ᠬᠢᠨᠠᠯᠲᠠ ᠬᠠᠮᠢᠶᠠᠷᠤᠯᠲᠠ ᠶᠠᠪᠤᠭᠤᠯᠬᠤ ᠠᠴᠠ ᠡᠮᠦᠨ᠎ᠡ᠂ ᠪᠦᠲᠦᠭᠡᠨ ᠪᠠᠶᠢᠭᠤᠯᠬᠤ ᠨᠢᠭᠡᠴᠢ‌ᠡᠴᠡ‌ᠨᠠᠶᠢᠳᠠᠭᠰᠠᠨ ᠪᠠᠷᠢᠯᠭ᠎ᠠ ᠬᠢᠨᠠᠵᠤ ᠬᠠᠮᠢᠶᠠᠷᠬᠤ ᠨᠢᠭᠡᠴᠢ᠂ ᠬᠢᠨᠠᠵᠤ ᠬᠠᠮᠢᠶᠠᠷᠬᠤ ᠠᠭᠤᠯᠭ᠎ᠠ ᠵᠢᠴᠢ ᠬᠢᠨᠠᠵᠤ ᠬᠠᠮᠢᠶᠠᠷᠬᠤ ᠡᠷᠬᠡ ᠮᠠᠲᠠᠯ ᠤᠨ ᠬᠡᠪᠴᠢᠶ᠎ᠡ ᠶᠢ ᠬᠢᠨᠠᠭᠳᠠᠨ ᠬᠠᠮᠢᠶᠠᠷᠤᠭᠳᠠᠬᠤ ᠪᠠᠷᠢᠯᠭ᠎ᠠ ᠪᠠᠷᠢᠬᠤ ᠠᠵᠤ ᠠᠬᠤᠶᠢᠯᠠᠯ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠃      ᠭᠤᠴᠢᠨ ᠳᠥᠷᠪᠡᠳᠦᠭᠡᠷ ᠵᠤᠷᠪᠤᠰ ᠪᠠᠷᠢᠯᠭ᠎ᠠ ᠬᠢᠨᠠᠵᠤ ᠬᠠᠮᠢᠶᠠᠷᠬᠤ ᠨᠢᠭᠡᠴᠢ ᠠᠴᠠ ᠲᠡᠭᠦᠨ ᠤ ᠬᠢᠷᠢ ᠬᠡᠮ ᠤᠨ ᠵᠡᠷᠭᠡ ᠳᠡᠰ ᠤᠨ ᠵᠥᠪᠰᠢᠶᠡᠷᠡᠭᠰᠡᠨ ᠬᠢᠨᠠᠵᠤ ᠬᠠᠮᠢᠶᠠᠷᠬᠤ ᠬᠡᠪᠴᠢᠶᠡᠨ ᠳᠣᠲᠣᠷ᠎ᠠ᠂ ᠪᠠᠷᠢᠯᠭ᠎ᠠ ᠬᠢᠨᠠᠵᠤ ᠬᠠᠮᠢᠶᠠᠷᠬᠤ ᠲᠤᠬᠠᠶᠢᠯᠠᠭᠰᠠᠨ ᠠᠵᠢᠯ ᠢ ᠡᠭᠦᠷᠭᠡᠯᠡᠬᠦ ᠬᠡᠷᠡᠭᠲᠡᠢ᠃      ᠪᠠᠷᠢᠯᠭ᠎ᠠ ᠬᠢᠨᠠᠵᠤ ᠬᠠᠮᠢᠶᠠᠷᠬᠤ ᠨᠢᠭᠡᠴᠢ ᠨᠢ ᠪᠦᠲᠦᠭᠡᠨ ᠪᠠᠶᠢᠭᠤᠯᠬᠤ ᠨᠢᠭᠡᠴᠢ ᠶᠢᠨ ᠨᠠᠶᠢᠳᠠᠯᠭ᠎ᠠ ᠶᠢ ᠦᠨᠳᠦᠰᠦᠯᠡᠨ ᠬᠢᠨᠠᠵᠤ ᠬᠠᠮᠢᠶᠠᠷᠬᠤ ᠡᠭᠦᠷᠭᠡ ᠪᠠᠨ ᠪᠤᠰᠤᠳᠴᠢ ᠪᠠᠷ᠂ ᠲᠥᠪ ᠭᠤᠣᠯᠴᠢ ᠪᠠᠷ ᠭᠦᠢᠴᠡᠳᠬᠡᠬᠦ ᠬᠡᠷᠡᠭᠲᠡᠢ᠃      ᠪᠠᠷᠢᠯᠭ᠎ᠠ ᠬᠢᠨᠠᠵᠤ ᠬᠠᠮᠢᠶᠠᠷᠬᠤ ᠨᠢᠭᠡᠴᠢ ᠨᠢ ᠬᠢᠨᠠᠭᠳᠠᠨ ᠬᠠᠮᠢᠶᠠᠷᠤᠭᠳᠠᠬᠤ ᠪᠠᠷᠢᠯᠭ᠎ᠠ ᠶᠢ ᠳᠠᠭᠠᠭᠠᠴᠢᠯᠠᠭᠰᠠᠨ ᠨᠢᠭᠡᠴᠢ ᠵᠢᠴᠢ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠪᠦᠲᠦᠴᠡ ᠲᠣᠨᠤᠭ ᠰᠡᠯᠪᠢᠭᠡᠰᠦ ᠪᠣᠯᠤᠨ ᠲᠣᠨᠤᠭ ᠲᠥᠬᠦᠭᠡᠷᠦᠮᠵᠢ ᠬᠠᠩᠭᠠᠬᠤ ᠨᠢᠭᠡᠴᠢ ᠯᠦᠭᠡ ᠬᠠᠷᠢᠶᠠᠯᠠᠭᠳᠠᠬᠤ ᠬᠠᠷᠢᠴᠠᠭ᠎ᠠ ᠪᠤᠶᠤ ᠪᠤᠰᠤᠳ ᠠᠰᠢᠭ ᠬᠤᠣᠷ ᠤᠨ ᠬᠠᠷᠢᠴᠠᠭ᠎ᠠ ᠲᠠᠢ ᠪᠠᠶᠢᠵᠤ ᠪᠣᠯᠬᠤ ᠦᠭᠡᠢ᠃      ᠪᠠᠷᠢᠯᠭ᠎ᠠ ᠬᠢᠨᠠᠵᠤ ᠬᠠᠮᠢᠶᠠᠷᠬᠤ ᠨᠢᠭᠡᠴᠢ ᠨᠢ ᠪᠠᠷᠢᠯᠭ᠎ᠠ ᠬᠢᠨᠠᠵᠤ ᠬᠠᠮᠢᠶᠠᠷᠬᠤ ᠲᠤᠬᠠᠶᠢᠯᠠᠭᠰᠠᠨ ᠠᠵᠢᠯ ᠢᠶᠠᠨ ᠪᠤᠰᠤᠳ ᠲᠤ ᠰᠢᠯᠵᠢᠭᠦᠯᠦᠨ ᠥᠭᠴᠦ ᠪᠣᠯᠬᠤ ᠦᠭᠡᠢ᠃      ᠭᠤᠴᠢᠨ ᠲᠠᠪᠤᠳᠤᠭᠠᠷ ᠵᠤᠷᠪᠤᠰ ᠪᠠᠷᠢᠯᠭ᠎ᠠ ᠬᠢᠨᠠᠵᠤ ᠬᠠᠮᠢᠶᠠᠷᠬᠤ ᠨᠢᠭᠡᠴᠢ ᠨᠢ ᠨᠠᠶᠢᠳᠠᠨ ᠬᠢᠨᠠᠵᠤ ᠬᠠᠮᠢᠶᠠᠷᠤᠭᠤᠯᠬᠤ ᠭᠡᠷ᠎ᠡ ᠳᠤ ᠲᠣᠭᠲᠠᠭᠠᠭᠰᠠᠨ ᠪᠣᠯᠵᠣᠯ ᠶᠣᠰᠣᠭᠠᠷ ᠬᠢᠨᠠᠵᠤ ᠬᠠᠮᠢᠶᠠᠷᠬᠤ ᠡᠭᠦᠷᠭᠡ ᠪᠠᠨ ᠭᠦᠢᠴᠡᠳᠬᠡᠬᠦ ᠥᠬᠡᠢ᠂ ᠬᠢᠨᠠᠯᠲᠠ ᠲᠠᠯᠪᠢᠨ ᠪᠠᠶᠢᠴᠠᠭᠠᠬᠤ ᠶᠣᠰᠣᠲᠠᠢ ᠵᠤᠷᠪᠤᠰ ᠢ ᠪᠠᠶᠢᠴᠠᠭᠠᠬᠤ ᠥᠬᠡᠢ ᠪᠤᠶᠤ ᠪᠦᠲᠦᠭᠡᠨ ᠪᠠᠶᠢᠭᠤᠯᠬᠤ ᠨᠢᠭᠡᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠲᠣᠭᠲᠠᠭᠠᠯ ᠶᠣᠰᠣᠭᠠᠷ ᠵᠣᠬᠢᠴᠠᠩᠭᠤᠢ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃      ᠪᠠᠷᠢᠯᠭ᠎ᠠ ᠬᠢᠨᠠᠵᠤ ᠬᠠᠮᠢᠶᠠᠷᠬᠤ ᠨᠢᠭᠡᠴᠢ ᠨᠢ ᠳᠠᠭᠠᠭᠠᠴᠢᠯᠠᠭᠰᠠᠨ ᠨᠢᠭᠡᠴᠢ ᠲᠠᠢ ᠰᠦᠯᠪᠡᠭᠡᠯᠡᠵᠦ ᠪᠠᠶᠢᠭᠠᠳ ᠳᠠᠭᠠᠭᠠᠴᠢᠯᠠᠭᠰᠠᠨ ᠨᠢᠭᠡᠴᠢ ᠳᠤ ᠬᠠᠤᠯᠢ ᠪᠤᠰᠤ ᠠᠰᠢᠭ ᠲᠤᠰᠠ ᠣᠯᠭᠤᠵᠤ᠂ ᠪᠦᠲᠦᠭᠡᠨ ᠪᠠᠶᠢᠭᠤᠯᠬᠤ ᠨᠢᠭᠡᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠳᠠᠭᠠᠭᠠᠴᠢᠯᠠᠭᠰᠠᠨ ᠨᠢᠭᠡᠴᠢ ᠲᠠᠢ ᠬᠤᠯᠪᠣᠯᠳᠤᠭᠰᠠᠨ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃      ᠲᠠᠪᠤᠳᠤᠭᠠᠷ ᠪᠦᠯᠦᠭ ᠪᠠᠷᠢᠯᠭ᠎ᠠ ᠶᠢᠨ ᠠᠶᠦᠯᠭᠦᠢ ᠦᠢᠯᠡᠳᠪᠦᠷᠢᠯᠡᠬᠦ ᠶᠢᠨ ᠬᠠᠮᠢᠶᠠᠷᠤᠯᠲᠠ      ᠭᠤᠴᠢᠨ ᠵᠢᠷᠭᠤᠳᠤᠭᠠᠷ ᠵᠤᠷᠪᠤᠰ ᠪᠠᠷᠢᠯᠭ᠎ᠠ ᠶᠢᠨ ᠠᠵᠢᠯ ᠤᠨ ᠠᠶᠦᠯᠭᠦᠢ ᠦᠢᠯᠡᠳᠪᠦᠷᠢᠯᠡᠬᠦ ᠶᠢᠨ ᠬᠠᠮᠢᠶᠠᠷᠤᠯᠲᠠ ᠨᠢ ᠡᠷᠬᠡᠪᠰᠢ ᠠᠶᠦᠯᠭᠦᠢ ᠪᠠᠶᠢᠬᠤ ᠶᠢ ᠲᠡᠷᠢᠭᠦᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠵᠤ᠂ ᠠᠶᠦᠯᠭᠦᠢ ᠦᠢᠯᠡᠳᠪᠦᠷᠢᠯᠡᠬᠦ ᠬᠠᠷᠢᠭᠤᠴᠠᠯᠭ᠎ᠠ ᠶᠢᠨ ᠳᠦᠷᠢᠮ ᠪᠣᠯᠤᠨ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠳᠦᠷᠢᠮ ᠢ ᠪᠠᠶᠢᠭᠤᠯᠵᠤ ᠲᠡᠭᠦᠯᠳᠡᠷᠵᠢᠭᠦᠯᠬᠦ ᠬᠡᠷᠡᠭᠲᠡᠢ᠃      ᠭᠤᠴᠢᠨ ᠳᠣᠯᠣᠳᠤᠭᠠᠷ ᠵᠤᠷᠪᠤᠰ ᠪᠠᠷᠢᠯᠭ᠎ᠠ ᠶᠢᠨ ᠵᠢᠷᠤᠭ ᠲᠥᠯᠥᠪᠯᠡᠭᠡ ᠨᠢ ᠤᠯᠤᠰ ᠤᠨ ᠲᠣᠭᠲᠠᠭᠠᠯ ᠶᠣᠰᠣᠭᠠᠷ ᠲᠣᠭᠲᠠᠭᠠᠭᠰᠠᠨ ᠪᠠᠷᠢᠯᠭ᠎ᠠ ᠶᠢᠨ ᠠᠶᠦᠯᠭᠦᠢ ᠶᠢᠨ ᠲᠣᠭᠲᠠᠭᠠᠯ ᠵᠢᠷᠤᠮ ᠪᠠ ᠲᠧᠭᠨᠢᠭ ᠮᠡᠷᠭᠡᠵᠢᠯ ᠤᠨ ᠵᠢᠷᠤᠮᠵᠢᠯ ᠳᠤ ᠨᠡᠶᠢᠴᠡᠭᠰᠡᠨ ᠪᠠᠶᠢᠵᠤ᠂ ᠪᠠᠷᠢᠯᠭ᠎ᠠ ᠶᠢᠨ ᠠᠶᠦᠯᠭᠦᠢ ᠰᠢᠨᠵᠢ ᠴᠢᠨᠠᠷ ᠢ ᠪᠠᠲᠤᠯᠠᠬᠤ ᠬᠡᠷᠡᠭᠲᠡᠢ᠃      ᠭᠤᠴᠢᠨ ᠨᠠᠢᠮᠠᠳᠤᠭᠠᠷ ᠵᠤᠷᠪᠤᠰ ᠪᠠᠷᠢᠯᠭ᠎ᠠ ᠪᠠᠷᠢᠬᠤ ᠠᠵᠤ ᠠᠬᠤᠶᠢᠯᠠᠯ ᠨᠢ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠬᠤ ᠵᠢᠷᠤᠭ ᠲᠥᠯᠥᠪᠯᠡᠭᠡ ᠵᠣᠬᠢᠶᠠᠬᠤ ᠳᠠᠭᠠᠨ᠂ ᠪᠠᠷᠢᠯᠭ᠎ᠠ ᠶᠢᠨ ᠠᠵᠢᠯ ᠤᠨ ᠣᠨᠴᠠᠯᠢᠭ ᠢ ᠦᠨᠳᠦᠰᠦᠯᠡᠨ᠂ ᠠᠶᠦᠯᠭᠦᠢ ᠪᠠᠶᠢᠬᠤ ᠵᠣᠬᠢᠴᠠᠩᠭᠤᠢ ᠲᠧᠭᠨᠢᠭ ᠮᠡᠷᠭᠡᠵᠢᠯ ᠤᠨ ᠠᠷᠭ᠎ᠠ ᠬᠡᠮᠵᠢᠶ᠎ᠡ ᠲᠣᠭᠲᠠᠭᠠᠬᠤ ᠬᠡᠷᠡᠭᠲᠡᠢ᠃ ᠲᠤᠰᠬᠠᠢ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠪᠠᠷᠢᠯᠭ᠎ᠠ ᠶᠢᠨ ᠵᠦᠢᠯᠡᠰ ᠲᠤ᠂ ᠠᠶᠦᠯᠭᠦᠢ ᠪᠠᠷᠢᠯᠭ᠎ᠠ ᠪᠠᠷᠢᠬᠤ ᠲᠤᠰᠬᠠᠢ ᠵᠣᠬᠢᠶᠠᠨ ᠪᠠᠶᠢᠭᠤᠯᠤᠯᠲᠠ‌‍ᠶᠢᠨ ᠵᠢᠷᠤᠭ ᠲᠥᠯᠥᠪᠯᠡᠭᠡ ᠵᠣᠬᠢᠶᠠᠬᠤ ᠶᠢᠨ ᠬᠠᠮᠲᠤ᠂ ᠠᠶᠦᠯᠭᠦᠢ ᠶᠢᠨ ᠮᠡᠷᠭᠡᠵᠢᠯ  ᠤᠨ ᠠᠷᠭ᠎ᠠ ᠬᠡᠮᠵᠢᠶ᠎ᠡ ᠠᠪᠬᠤ ᠬᠡᠷᠡᠭᠲᠡᠢ᠃      ᠭᠤᠴᠢ ᠶᠢᠰᠦᠳᠦᠭᠡᠷ ᠵᠤᠷᠪᠤᠰ ᠪᠠᠷᠢᠯᠭ᠎ᠠ ᠪᠠᠷᠢᠬᠤ ᠠᠵᠤ ᠠᠬᠤᠶᠢᠯᠠᠯ ᠨᠢ ᠪᠠᠷᠢᠯᠭ᠎ᠠ ᠶᠢᠨ ᠭᠠᠵᠠᠷ ᠲᠠᠭᠠᠨ ᠠᠮᠤᠷ ᠲᠦᠪᠰᠢᠨ ᠢ ᠬᠠᠮᠠᠭᠠᠯᠠᠬᠤ᠂ ᠠᠶᠤᠯ ᠠᠴᠠ ᠤᠷᠢᠳᠴᠢᠯᠠᠨ ᠰᠡᠷᠭᠡᠶᠢᠯᠡᠬᠦ᠂ ᠭᠠᠯ ᠤᠨ ᠠᠶᠤᠯ ᠠᠴᠠ ᠤᠷᠢᠳᠴᠢᠯᠠᠨ ᠰᠡᠷᠭᠡᠶᠢᠯᠡᠬᠦ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠢ᠃ ᠨᠥᠬᠦᠴᠡᠯ ᠲᠠᠢ ᠨᠢ ᠪᠠᠷᠢᠯᠭ᠎ᠠ ᠶᠢᠨ ᠭᠠᠵᠠᠷ  ᠢ ᠪᠢᠲᠡᠭᠦᠮᠵᠢᠯᠡᠨ ᠬᠠᠮᠢᠶᠠᠷᠬᠤ ᠬᠡᠷᠡᠭᠲᠡᠢ᠃      ᠪᠠᠷᠢᠯᠭ᠎ᠠ ᠶᠢᠨ ᠭᠠᠵᠠᠷ ᠨᠢ ᠣᠶᠢᠷ᠎ᠠ ᠣᠷᠴᠢᠮ ᠤᠨ ᠪᠠᠷᠢᠯᠭ᠎ᠠ᠂ ᠪᠦᠲᠦᠴᠡ ᠶᠢᠨ ᠪᠣᠳᠠᠰ ᠪᠠ ᠣᠨᠴᠠᠭᠠᠢ ᠠᠵᠢᠯᠯᠠᠬᠤ ᠣᠷᠴᠢᠨ ᠳᠤ ᠬᠤᠬᠢᠷᠠᠯ ᠤᠴᠠᠷᠠᠭᠤᠯᠵᠤ ᠮᠡᠳᠡᠬᠦ᠂ ᠪᠠᠷᠢᠯᠭ᠎ᠠ ᠪᠠᠷᠢᠬᠤ ᠠᠵᠤ ᠠᠬᠤᠶᠢᠯᠠᠯ ᠤᠳ ᠠᠶᠦᠯᠭᠦᠢ ᠪᠠᠶᠢᠬᠤ ᠶᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠳᠥᠴᠢᠳᠦᠭᠡᠷ ᠵᠤᠷᠪᠤᠰ ᠪᠦᠲᠦᠭᠡᠨ ᠪᠠᠶᠢᠭᠤᠯᠬᠤ ᠨᠢᠭᠡᠴᠢ ᠨᠢ ᠪᠠᠷᠢᠯᠭ᠎ᠠ ᠪᠠᠷᠢᠬᠤ ᠠᠵᠤ ᠠᠬᠤᠶᠢᠯᠠᠯ ᠳᠤ ᠪᠠᠷᠢᠯᠭ᠎ᠠ ᠪᠠᠷᠢᠬᠤ ᠭᠠᠵᠠᠷ ᠲᠠᠢ ᠬᠤᠯᠪᠣᠭᠳᠠᠬᠤ ᠭᠠᠵᠠᠷ ᠳᠣᠣᠷᠠᠬᠢ ᠬᠤᠭᠤᠯᠠᠢ ᠤᠲᠠᠰᠤᠨ ᠤ ᠲᠤᠬᠠᠢ ᠮᠠᠲ᠋ᠧᠷᠢᠶᠠᠯ ᠢ ᠬᠠᠩᠭᠠᠬᠤ ᠬᠡᠷᠡᠭᠲᠡᠢ᠂ ᠪᠠᠷᠢᠯᠭ᠎ᠠ ᠪᠠᠷᠢᠬᠤ ᠠᠵᠤ ᠠᠬᠤᠶᠢᠯᠠᠯ ᠠᠷᠭ᠎ᠠ ᠬᠡᠮᠵᠢᠶ᠎ᠡ ᠠᠪᠴᠤ ᠲᠡᠳᠡᠭᠡᠷ ᠢ ᠬᠠᠮᠠᠭᠠᠯᠠᠬᠤ ᠬᠡᠷᠡᠭᠲᠡᠢ᠃      ᠳᠥᠴᠢᠨ ᠨᠢᠭᠡᠳᠦᠭᠡᠷ ᠵᠤᠷᠪᠤᠰ ᠪᠠᠷᠢᠯᠭ᠎ᠠ ᠪᠠᠷᠢᠬᠤ ᠠᠵᠤ ᠠᠬᠤᠶᠢᠯᠠᠯ ᠨᠢ ᠣᠷᠴᠢᠨ ᠠᠬᠤᠢ ᠶᠢ ᠬᠠᠮᠠᠭᠠᠯᠠᠬᠤ ᠪᠠ ᠠᠶᠦᠯᠭᠦᠢ ᠦᠢᠯᠡᠳᠪᠦᠷᠢᠯᠡᠬᠦ ᠲᠤᠬᠠᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠵᠤ᠂ ᠪᠠᠷᠢᠯᠭ᠎ᠠ ᠶᠢᠨ ᠭᠠᠵᠠᠷ ᠤᠨ ᠡᠯ᠎ᠡ ᠵᠤᠷᠪᠤᠰ ᠤᠨ ᠬᠤᠮᠠᠬᠢ ᠲᠣᠭᠤᠰᠣ᠂ ᠬᠠᠶᠠᠭᠳᠠᠮᠠᠯ ᠬᠡᠢ᠂ ᠬᠠᠶᠠᠭᠳᠠᠮᠠᠯ ᠤᠰᠤ᠂ ᠪᠡᠶᠡᠲᠦ ᠬᠠᠶᠠᠭᠳᠠᠮᠠᠯ ᠪᠣᠳᠠᠰ ᠵᠢᠴᠢ ᠱᠤᠤᠭᠢᠶᠠᠨ᠂ ᠳᠣᠷᠭᠢᠶᠠᠨ ᠤ ᠣᠷᠴᠢᠨ ᠲᠣᠭᠤᠷᠢᠨ ᠳᠤ ᠦᠵᠡᠭᠦᠯᠬᠦ ᠪᠣᠬᠢᠷᠲᠤᠭᠤᠯᠤᠯ ᠪᠠ ᠬᠤᠣᠷᠳᠠᠭᠤᠯᠦᠯ ᠢ ᠬᠤᠷᠢᠭᠯᠠᠨ ᠰᠢᠢᠳᠪᠦᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃      ᠳᠥᠴᠢᠨ ᠬᠤᠶᠠᠳᠤᠭᠠᠷ ᠵᠤᠷᠪᠤᠰ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠬᠤ ᠪᠦᠲᠦᠭᠡᠨ ᠪᠠᠶᠢᠭᠤᠯᠬᠤ ᠨᠢᠭᠡᠴᠢ ᠠᠴᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠤᠶᠤᠴᠢᠯᠠᠨ ᠵᠥᠪᠰᠢᠶᠡᠷᠡᠭᠦᠯᠬᠦ ᠭᠠᠷᠳᠠᠮ ᠭᠦᠢᠴᠡᠳᠬᠡᠬᠦ ᠬᠡᠷᠡᠭᠲᠡᠢ᠄       ︵ᠨᠢᠭᠡ︶ ᠲᠥᠯᠥᠪᠵᠢᠭᠦᠯᠭᠡ ᠳᠤ ᠵᠥᠪᠰᠢᠶᠡᠷᠡᠭᠰᠡᠨ ᠬᠡᠪᠴᠢᠶᠡᠨ ᠠᠴᠠ ᠭᠠᠳᠠᠨᠠᠬᠢ ᠭᠠᠵᠠᠷ ᠢ ᠲᠦᠷ ᠡᠵᠡᠯᠡᠬᠦ ᠴᠢᠬᠤᠯᠠᠲᠠᠢ ᠪᠠᠶᠢᠬᠤ᠃       ︵ᠬᠤᠶᠠᠷ︶ ᠵᠠᠮ᠂ ᠬᠤᠭᠤᠯᠠᠢ ᠤᠲᠠᠰᠤ᠂ ᠴᠠᠬᠢᠯᠭᠠᠨ ᠬᠦᠴᠦ᠂ ᠰᠢᠤᠳᠠᠨ ᠬᠤᠯᠪᠣᠭ᠎ᠠ ᠵᠡᠷᠭᠡ ᠣᠯᠠᠨ ᠨᠡᠶᠢᠲᠡ ᠶᠢᠨ ᠲᠥᠬᠦᠭᠡᠷᠦᠮᠵᠢ ᠶᠢ ᠡᠪᠳᠡᠵᠦ ᠬᠤᠬᠢᠷᠠᠭᠤᠯᠵᠤ ᠮᠡᠳᠡᠬᠦ᠃       ︵ᠭᠤᠷᠪᠠ︶ ᠲᠦᠷ ᠴᠠᠭ ᠤᠰᠤ ᠵᠣᠭᠰᠣᠭᠠᠬᠤ᠂ ᠴᠠᠬᠢᠯᠭᠠᠨ ᠵᠣᠭᠰᠣᠭᠠᠬᠤ᠂ ᠵᠠᠮ ᠬᠠᠷᠢᠯᠴᠠᠭ᠎ᠠ ᠶᠢ ᠲᠠᠰᠤᠯᠬᠤ ᠴᠢᠬᠤᠯᠠᠲᠠᠢ ᠪᠠᠶᠢᠬᠤ᠃       ︵ᠳᠥᠷᠪᠡ︶ ᠳᠡᠯᠪᠡᠴᠢᠯᠲᠡ ᠶᠢᠨ ᠠᠵᠢᠯ ᠭᠦᠢᠴᠡᠳᠬᠡᠬᠦ ᠴᠢᠬᠤᠯᠠ ᠲᠠᠢ ᠪᠣᠯᠤᠭᠰᠠᠨ᠃       ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠮᠡᠳᠡᠭᠦᠯᠦᠨ ᠵᠥᠪᠰᠢᠶᠡᠷᠡᠭᠦᠯᠬᠦ ᠭᠠᠷᠳᠠᠮ ᠭᠦᠢᠴᠡᠳᠬᠡᠬᠦ ᠴᠢᠬᠤᠯᠠᠲᠠᠢ ᠪᠤᠰᠤᠳ ᠪᠠᠶᠢᠳᠠᠯ᠃      ᠳᠥᠴᠢᠨ ᠭᠤᠷᠪᠠᠳᠤᠭᠠᠷ ᠵᠤᠷᠪᠤᠰ ᠪᠦᠲᠦᠭᠡᠨ ᠪᠠᠶᠢᠭᠤᠯᠤᠯᠲᠠ‌‍ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠪᠠᠷᠢᠯᠭ᠎ᠠ ᠶᠢᠨ ᠠᠶᠦᠯᠭᠦᠢ ᠦᠢᠯᠡᠳᠪᠦᠷᠢᠯᠡᠬᠦ ᠶᠢᠨ ᠬᠠᠮᠢᠶᠠᠷᠤᠯᠲᠠ ᠶᠢ ᠬᠠᠷᠢᠭᠤᠴᠠᠬᠤ ᠶᠢᠨ ᠬᠠᠮᠲᠤ᠂ ᠬᠥᠳᠡᠯᠮᠦᠷᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠪᠠᠷᠢᠯᠭ᠎ᠠ ᠶᠢᠨ ᠠᠶᠦᠯᠭᠦᠢ ᠦᠢᠯᠡᠳᠪᠦᠷᠢᠯᠡᠬᠦ ᠳᠤ ᠲᠠᠯᠪᠢᠬᠤ ᠵᠢᠯᠣᠭᠤᠳᠤᠯᠭ᠎ᠠ ᠪᠠ ᠬᠢᠨᠠᠯᠲᠠ ᠶᠢ ᠬᠠᠤᠯᠢ ᠶᠣᠰᠣᠭᠠᠷ ᠬᠦᠯᠢᠶᠡᠨ᠎ᠡ᠃      ᠳᠥᠴᠢᠨ ᠳᠥᠷᠪᠡᠳᠦᠭᠡᠷ ᠵᠤᠷᠪᠤᠰ ᠪᠠᠷᠢᠯᠭ᠎ᠠ ᠪᠠᠷᠢᠬᠤ ᠠᠵᠤ ᠠᠬᠤᠶᠢᠯᠠᠯ ᠠᠴᠠ ᠪᠠᠷᠢᠯᠭ᠎ᠠ ᠶᠢᠨ ᠠᠶᠦᠯᠭᠦᠢ ᠦᠢᠯᠡᠳᠪᠦᠷᠢᠯᠡᠬᠦ ᠶᠢᠨ ᠬᠠᠮᠢᠶᠠᠷᠤᠯᠲᠠ ᠪᠠᠨ ᠬᠠᠤᠯᠢ ᠶᠣᠰᠣᠭᠠᠷ ᠴᠢᠩᠭᠠᠳᠬᠠᠵᠤ᠂ ᠠᠶᠦᠯᠭᠦᠢ ᠦᠢᠯᠡᠳᠪᠦᠷᠢᠯᠡᠬᠦ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠬᠡᠷᠡᠭᠲᠡᠢ ᠪᠥᠭᠡᠳ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠷᠠᠭᠳᠤᠯ ᠦᠷᠡᠭᠳᠡᠯ ᠪᠠ ᠠᠶᠦᠯᠭᠦᠢ ᠦᠢᠯᠡᠳᠪᠦᠷᠢᠯᠡᠬᠦ ᠲᠠᠯ᠎ᠠ ᠶᠢᠨ ᠪᠤᠰᠤᠳ ᠠᠳᠡᠯ ᠭᠠᠷᠬᠤ ᠶᠢ ᠰᠡᠷᠭᠡᠶᠢᠯᠡᠵᠦ ᠬᠤᠷᠢᠭᠯᠠᠬᠤ ᠬᠡᠷᠡᠭᠲᠡᠢ᠃      ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠨᠢ ᠲᠤᠰ ᠠᠵᠤ ᠠᠬᠤᠶᠢᠯᠠᠯ ᠤᠨ ᠢᠶᠠᠨ ᠠᠶᠦᠯᠭᠦᠢ ᠦᠢᠯᠡᠳᠪᠦᠷᠢᠯᠡᠬᠦ ᠶᠢ ᠬᠠᠷᠢᠭᠤᠴᠠᠨ᠎ᠠ᠃      ᠳᠥᠴᠢᠨ ᠲᠠᠪᠤᠳᠤᠭᠠᠷ ᠵᠤᠷᠪᠤᠰ ᠪᠠᠷᠢᠯᠭ᠎ᠠ ᠶᠢᠨ ᠭᠠᠵᠠᠷ ᠤᠨ ᠠᠶᠦᠯᠭᠦᠢ ᠪᠠᠶᠢᠬᠤ ᠶᠢ ᠪᠠᠷᠢᠯᠭ᠎ᠠ ᠪᠠᠷᠢᠬᠤ ᠠᠵᠤ ᠠᠬᠤᠶᠢᠯᠠᠯ ᠬᠠᠷᠢᠭᠤᠴᠠᠨ᠎ᠠ᠃ ᠪᠠᠷᠢᠯᠭ᠎ᠠ ᠪᠠᠷᠢᠬᠤ ᠶᠢ ᠶᠡᠷᠦᠩᠬᠡᠶᠢᠯᠡᠨ ᠳᠠᠭᠠᠭᠠᠴᠢᠯᠠᠭᠰᠠᠨ ᠪᠠᠶᠢᠪᠠᠯ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠬᠠᠷᠢᠭᠤᠴᠠᠨ᠎ᠠ᠃ ᠬᠤᠪᠢᠶᠠᠨ ᠳᠠᠭᠠᠭᠠᠴᠢᠯᠠᠭᠰᠠᠨ ᠨᠢᠭᠡᠴᠢ ᠨᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠳᠤ ᠪᠠᠷᠢᠯᠭ᠎ᠠ ᠶᠢᠨ ᠭᠠᠵᠠᠷ ᠤᠨ ᠠᠶᠦᠯᠭᠦᠢ ᠦᠢᠯᠡᠳᠪᠦᠷᠢᠯᠡᠬᠦ ᠲᠠᠯ᠎ᠠ ᠪᠠᠷ ᠬᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠶᠢᠨ ᠬᠠᠮᠢᠶᠠᠷᠤᠯᠲᠠ ᠶᠢ ᠳᠠᠭᠠᠨ᠎ᠠ᠃      ᠳᠥᠴᠢᠨ ᠵᠢᠷᠭᠤᠳᠤᠭᠠᠷ ᠵᠤᠷᠪᠤᠰ ᠪᠠᠷᠢᠯᠭ᠎ᠠ ᠪᠠᠷᠢᠬᠤ ᠠᠵᠤ ᠠᠬᠤᠶᠢᠯᠠᠯ ᠨᠢ ᠠᠶᠦᠯᠭᠦᠢ ᠬᠥᠳᠡᠯᠮᠦᠷᠢᠯᠡᠨ ᠦᠢᠯᠡᠳᠪᠦᠷᠢᠯᠡᠬᠦ ᠲᠤᠬᠠᠢ ᠬᠥᠮᠦᠵᠢᠯ ᠪᠣᠯᠪᠠᠰᠣᠷᠠᠭᠤᠯᠤᠯ ᠭᠦᠢᠴᠡᠳᠬᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠠᠵᠢᠯᠲᠠᠨ ᠠᠵᠢᠯᠴᠢᠨ ᠳᠤ ᠠᠶᠦᠯᠭᠦᠢ ᠦᠢᠯᠡᠳᠪᠦᠷᠢᠯᠡᠬᠦ ᠲᠤᠬᠠᠢ ᠬᠥᠮᠦᠵᠢᠯ ᠪᠣᠯᠪᠠᠰᠣᠷᠠᠭᠤᠯᠤᠯ ᠭᠦᠢᠴᠡᠳᠬᠡᠬᠦ ᠶᠢ ᠴᠢᠩᠭᠠᠳᠬᠠᠬᠤ ᠬᠡᠷᠡᠭᠲᠡᠢ᠃ ᠠᠶᠦᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠣᠷᠠᠭᠤᠯᠤᠯ ᠬᠦᠷᠲᠡᠭᠰᠡᠨ ᠥᠬᠡᠢ ᠬᠥᠮᠦᠰ ᠠᠵᠢᠯ ᠤᠨ ᠪᠠᠶᠢᠷᠢᠨ ᠳᠤ ᠭᠠᠷᠴᠤ ᠠᠵᠢᠯᠯᠠᠵᠤ ᠪᠣᠯᠬᠤ ᠥᠬᠡᠢ᠃      ᠳᠥᠴᠢᠨ ᠳᠣᠯᠣᠳᠤᠭᠠᠷ ᠵᠤᠷᠪᠤᠰ ᠪᠠᠷᠢᠯᠭ᠎ᠠ ᠪᠠᠷᠢᠬᠤ ᠠᠵᠤ ᠠᠬᠤᠶᠢᠯᠠᠯ ᠪᠣᠯᠤᠨ ᠠᠵᠢᠯᠯᠠᠭᠴᠢᠳ ᠪᠠᠷᠢᠯᠭ᠎ᠠ  ᠶᠢᠨ ᠠᠵᠢᠯ ᠭᠦᠢᠴᠡᠳᠬᠡᠬᠦ ᠶᠠᠪᠤᠴᠠ ᠳᠠᠭᠠᠨ᠂ ᠠᠶᠦᠯᠭᠦᠢ ᠦᠢᠯᠡᠳᠪᠦᠷᠢᠯᠡᠬᠦ ᠳᠤ ᠬᠤᠯᠪᠣᠭᠳᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠠᠷᠢᠯᠭ᠎ᠠ ᠶᠢᠨ ᠠᠵᠢᠯ ᠲᠥᠷᠥᠯ ᠤᠨ ᠠᠶᠦᠯᠭᠦᠢ ᠠᠵᠢᠯᠯᠠᠬᠤ ᠳᠦᠷᠢᠮ᠂ ᠲᠣᠭᠲᠠᠭᠠᠯ ᠢ ᠵᠢᠷᠤᠮᠯᠠᠵᠤ᠂ ᠳᠦᠷᠢᠮ ᠢ ᠵᠥᠷᠢᠴᠡᠨ ᠵᠢᠯᠣᠭᠤᠳᠬᠤ ᠪᠤᠶᠤ ᠳᠦᠷᠢᠮ ᠠᠴᠠ ᠵᠥᠷᠢᠴᠡᠨ ᠠᠵᠢᠯᠯᠠᠵᠤ ᠪᠣᠯᠬᠤ ᠥᠬᠡᠢ᠃ ᠠᠵᠢᠯᠯᠠᠭᠴᠢᠳ ᠪᠡᠶ᠎ᠡ ᠶᠢᠨ ᠡᠷᠡᠭᠦᠯ ᠮᠡᠨᠳᠦ ᠶᠢ ᠨᠥᠯᠥᠭᠡᠯᠡᠬᠦ ᠠᠵᠢᠯ ᠤᠨ ᠵᠢᠷᠤᠮ ᠪᠠ ᠠᠵᠢᠯ ᠤᠨ ᠨᠥᠬᠦᠴᠡᠯ ᠢ ᠬᠠᠯᠠᠨ ᠰᠠᠶᠢᠵᠢᠷᠠᠭᠤᠯᠬᠤ ᠰᠠᠨᠠᠯ ᠲᠠᠯᠪᠢᠬᠤ ᠡᠷᠬᠡ ᠲᠠᠢ᠂ ᠠᠶᠦᠯᠭᠦᠢ ᠦᠢᠯᠡᠳᠪᠦᠷᠢᠯᠡᠬᠦ ᠳᠤ ᠬᠡᠷᠡᠭᠰᠡᠬᠦ ᠬᠠᠮᠠᠭᠠᠯᠠᠯᠲᠠ  ᠶᠢᠨ ᠬᠡᠷᠡᠭᠰᠡᠯ ᠢ ᠣᠯᠬᠤ ᠡᠷᠬᠡ ᠲᠠᠢ᠃ ᠠᠵᠢᠯᠯᠠᠭᠴᠢᠳ ᠠᠴᠠ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠶᠢᠨ ᠡᠷᠡᠭᠦᠯ ᠴᠢᠭᠢᠷᠠᠭ ᠲᠤ ᠠᠶᠤᠯ ᠤᠴᠠᠷᠠᠭᠤᠯᠵᠤ ᠪᠠᠶᠢᠭ᠎ᠠ ᠠᠵᠢᠯᠯᠠᠭ᠎ᠠ ᠶᠢ ᠰᠢᠭᠦᠮᠵᠢᠯᠡᠬᠦ᠂ ᠢᠯᠡᠴᠢᠯᠡᠬᠦ ᠪᠠ ᠵᠠᠭᠠᠯᠳᠤᠬᠤ ᠡᠷᠬᠡ ᠲᠠᠢ᠃      ᠳᠥᠴᠢᠨ ᠨᠠᠢᠮᠠᠳᠤᠭᠠᠷ ᠵᠤᠷᠪᠤᠰ ᠪᠠᠷᠢᠯᠭ᠎ᠠ ᠪᠠᠷᠢᠬᠤ ᠠᠵᠤ ᠠᠬᠤᠶᠢᠯᠠᠯ ᠨᠢ ᠬᠠᠤᠯᠢ ᠶᠣᠰᠣᠭᠠᠷ ᠠᠵᠢᠯᠲᠠᠨ ᠠᠵᠢᠯᠴᠢᠨ ᠤ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠵᠤ᠂ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠢ ᠲᠤᠰᠢᠶᠠᠬᠤ ᠬᠡᠷᠡᠭᠲᠡᠢ᠃ ᠠᠵᠤ ᠠᠬᠤᠶᠢᠯᠠᠯ  ᠢ ᠵᠣᠷᠢᠭᠵᠢᠭᠤᠯᠵᠤ ᠪᠠᠶᠢᠭᠠᠳ ᠠᠶᠤᠯ ᠲᠠᠢ ᠠᠵᠢᠯ ᠬᠢᠵᠦ ᠪᠠᠶᠢᠭ᠎ᠠ ᠠᠵᠢᠯᠲᠠᠨ ᠠᠵᠢᠯᠴᠢᠨ ᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠤᠨ ᠵᠠᠷᠤᠳᠠᠯ ᠭᠦᠢᠴᠡᠳᠬᠡᠯᠭᠡᠨ᠎ᠡ᠃      ᠳᠥᠴᠢ ᠶᠢᠰᠦᠳᠦᠭᠡᠷ ᠵᠤᠷᠪᠤᠰ ᠪᠠᠷᠢᠯᠭ᠎ᠠ ᠶᠢᠨ ᠭᠤᠣᠯ ᠴᠣᠭᠴᠠ ᠪᠠ ᠲᠤᠯᠭᠠᠭᠤᠷᠢ ᠪᠦᠲᠦᠴᠡ ᠶᠢ ᠬᠤᠪᠢᠷᠠᠭᠤᠯᠬᠤ ᠳᠤ ᠬᠤᠯᠪᠣᠭᠳᠠᠬᠤ ᠲᠣᠨᠣᠭᠯᠠᠨ ᠰᠡᠯᠪᠢᠬᠦ ᠠᠵᠢᠯ ᠢ ᠭᠦᠢᠴᠡᠳᠬᠡᠬᠦ ᠨᠢᠭᠡᠴᠢ ᠨᠢ ᠠᠵᠢᠯ ᠡᠬᠢᠯᠡᠬᠦ ᠠᠴᠠ ᠡᠮᠦᠨ᠎ᠡ ᠤᠭ ᠤᠨ ᠵᠢᠷᠤᠵᠤ ᠲᠥᠯᠥᠪᠯᠡᠭᠰᠡᠨ ᠨᠢᠭᠡᠴᠢ ᠪᠤᠶᠤ ᠵᠣᠬᠢᠴᠠᠩᠭᠤᠢ ᠬᠢᠷᠢ ᠬᠡᠮ ᠤᠨ ᠨᠥᠬᠦᠴᠡᠯ ᠲᠠᠢ ᠵᠢᠷᠤᠵᠤ ᠲᠥᠯᠥᠪᠯᠡᠬᠦ ᠨᠢᠭᠡᠴᠢ ᠳᠤ ᠨᠠᠶᠢᠳᠠᠨ ᠵᠢᠷᠤᠭ ᠲᠥᠯᠥᠪᠯᠡᠭᠡ ᠶᠢᠨ ᠲᠥᠰᠦᠯ ᠬᠢᠯᠭᠡᠬᠦ ᠬᠡᠷᠡᠭᠲᠡᠢ᠂ ᠵᠢᠷᠤᠭ ᠲᠥᠯᠦᠪᠯᠡᠭᠡᠨ  ᠤ ᠲᠥᠰᠦᠯ ᠪᠠᠶᠢᠬᠤ ᠦᠭᠡᠢ ᠪᠣᠯ ᠪᠠᠷᠢᠯᠭ᠎ᠠ ᠪᠠᠷᠢᠵᠤ ᠪᠣᠯᠬᠤ ᠦᠭᠡᠢ᠃      ᠲᠠᠪᠢᠳᠤᠭᠠᠷ ᠵᠤᠷᠪᠤᠰ ᠭᠡᠷ ᠪᠠᠶᠢᠰᠢᠩ ᠢ ᠨᠤᠷᠠᠭᠠᠬᠤ ᠠᠵᠢᠯ ᠢ ᠠᠶᠦᠯᠭᠦᠢ ᠪᠠᠶᠢᠬᠤ ᠶᠢ ᠪᠠᠲᠤᠯᠠᠬᠤ ᠨᠥᠬᠦᠴᠡᠯ‌‍ᠲ᠋ᠠᠢ ᠪᠦᠬᠦᠢ ᠪᠠᠷᠢᠯᠭ᠎ᠠ ᠪᠠᠷᠢᠬᠤ ᠨᠢᠭᠡᠴᠢ ᠠᠴᠠ ᠡᠭᠦᠷᠭᠡᠯᠡᠨ᠎ᠡ᠂ ᠪᠠᠷᠢᠯᠭ᠎ᠠ ᠪᠠᠷᠢᠬᠤ ᠨᠢᠭᠡᠴᠢ ᠶᠢᠨ ᠬᠠᠷᠢᠭᠤᠴᠠᠯᠭᠠᠲᠠᠨ ᠨᠢ ᠠᠶᠦᠯᠭᠦᠢ ᠪᠠᠶᠢᠳᠠᠯ ᠢ ᠬᠠᠷᠢᠭᠤᠴᠠᠨ᠎ᠠ᠃      ᠲᠠᠪᠢᠨ ᠨᠢᠭᠡᠳᠦᠭᠡᠷ ᠵᠤᠷᠪᠤᠰ ᠪᠠᠷᠢᠯᠭ᠎ᠠ ᠶᠢᠨ ᠠᠵᠢᠯ ᠤᠨ ᠳᠤᠮᠳᠠ ᠠᠳᠡᠯ ᠭᠠᠷᠤᠭᠰᠠᠨ ᠦᠶ᠎ᠡ ᠳᠤ᠂ ᠪᠠᠷᠢᠯᠭ᠎ᠠ ᠪᠠᠷᠢᠬᠤ ᠠᠵᠤ ᠠᠬᠤᠶᠢᠯᠠᠯ ᠨᠢ ᠪᠠᠴᠢᠮ ᠠᠷᠭ᠎ᠠ ᠬᠡᠮᠵᠢᠶ᠎ᠡ ᠠᠪᠴᠤ ᠬᠥᠮᠦᠨ ᠤ ᠰᠢᠷᠬᠠᠲᠤᠯ ᠦᠷᠡᠭᠳᠡᠯ ᠪᠠ ᠠᠳᠡᠯ ᠤᠨ ᠬᠤᠬᠢᠷᠠᠯ ᠢ ᠪᠠᠭᠠᠰᠬᠠᠬᠤ ᠶᠢᠨ ᠬᠠᠮᠲᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃      ᠵᠢᠷᠭᠤᠳᠤᠭᠠᠷ ᠪᠦᠯᠦᠭ ᠪᠠᠷᠢᠯᠭ᠎ᠠ ᠶᠢᠨ ᠠᠵᠢᠯ ᠤᠨ ᠴᠢᠨᠠᠷ ᠴᠢᠨᠰᠠᠭ᠎ᠠ ᠶᠢᠨ ᠬᠠᠮᠢᠶᠠᠷᠤᠯᠲᠠ      ᠲᠠᠪᠢᠨ ᠬᠤᠶᠠᠳᠤᠭᠠᠷ ᠵᠤᠷᠪᠤᠰ ᠪᠠᠷᠢᠯᠭ᠎ᠠ ᠶᠢᠨ ᠠᠵᠢᠯ ᠤᠨ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ ᠴᠢᠨᠠᠷ ᠴᠢᠨᠰᠠᠭ᠎ᠠ ᠨᠢ ᠡᠷᠬᠡᠪᠰᠢ ᠪᠠᠷᠢᠯᠭ᠎ᠠ ᠶᠢᠨ ᠠᠵᠢᠯ ᠤᠨ ᠠᠶᠦᠯᠭᠦᠢ ᠶᠢᠨ ᠪᠠᠷᠢᠮᠵᠢᠶ᠎ᠠ ᠶᠢᠨ ᠲᠤᠬᠠᠢ ᠤᠯᠤᠰ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ ᠬᠠᠮᠢᠶᠠᠷᠤᠯᠲᠠ ᠶᠢᠨ ᠪᠣᠳᠠᠲᠠᠢ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃      ᠪᠠᠷᠢᠯᠭ᠎ᠠ ᠶᠢᠨ ᠠᠵᠢᠯ ᠤᠨ ᠠᠶᠦᠯᠭᠦᠢ ᠶᠢᠨ ᠲᠤᠬᠠᠢ ᠤᠯᠤᠰ ᠤᠨ ᠪᠠᠷᠢᠮᠵᠢᠶ᠎ᠠ ᠨᠢ ᠪᠠᠷᠢᠯᠭ᠎ᠠ ᠶᠢᠨ ᠠᠶᠦᠯᠭᠦᠢ  ᠶᠢ ᠦᠨᠡᠨᠬᠦ ᠪᠠᠲᠤᠯᠠᠬᠤ ᠱᠠᠭᠠᠷᠳᠠᠯᠭ᠎ᠠ ᠳᠤ ᠵᠣᠬᠢᠴᠠᠬᠤ ᠥᠬᠡᠢ ᠪᠣᠯᠪᠠᠯ ᠴᠠᠭ ᠲᠤᠬᠠᠢ ᠳᠤᠨᠢ ᠵᠠᠰᠠᠪᠤᠷᠢ ᠣᠷᠣᠭᠤᠯᠬᠤ ᠬᠡᠷᠡᠭᠲᠡᠢ᠃      ᠲᠠᠪᠢᠨ ᠭᠤᠷᠪᠠᠳᠤᠭᠠᠷ ᠵᠤᠷᠪᠤᠰ ᠤᠯᠤᠰ ᠠᠴᠠ ᠪᠠᠷᠢᠯᠭ᠎ᠠ ᠶᠢᠨ ᠠᠵᠢᠯᠯᠠᠭ᠎ᠠ ᠭᠦᠢᠴᠡᠳᠬᠡᠬᠦ ᠨᠢᠭᠡᠴᠢ ᠳᠤ ᠴᠢᠨᠠᠷ ᠴᠢᠨᠰᠠᠭ᠎ᠠ ᠶᠢᠨ ᠰᠢᠰᠲ᠋ᠧᠮ ᠤᠨ ᠭᠡᠷᠡᠴᠢᠯᠡᠨ ᠮᠠᠭᠠᠳᠯᠠᠬᠤ ᠳᠦᠷᠢᠮ ᠢ ᠶᠠᠪᠤᠭᠤᠯᠤᠨ᠎ᠠ᠃ ᠪᠠᠷᠢᠯᠭ᠎ᠠ ᠶᠢᠨ ᠠᠵᠢᠯᠯᠠᠭ᠎ᠠ ᠭᠦᠢᠴᠡᠳᠬᠡᠬᠦ ᠨᠢᠭᠡᠴᠢ ᠰᠠᠶᠢᠨ ᠳᠤᠷ᠎ᠠ ᠶᠢᠨ ᠵᠠᠷᠴᠢᠮ ᠢᠶᠠᠷ ᠲᠥᠷᠥ ᠶᠢᠨ ᠶᠠᠪᠤᠳᠠᠯ ᠤᠨ ᠬᠤᠷᠢᠶᠠᠨ ᠤ ᠦᠢᠯᠡᠳᠬᠦᠨ ᠤ ᠴᠢᠨᠠᠷ ᠴᠢᠨᠰᠠᠭ᠎ᠠ ᠶᠢ ᠬᠢᠨᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠥᠷᠥ ᠶᠢᠨ ᠶᠠᠪᠤᠳᠠᠯ ᠤᠨ ᠬᠤᠷᠢᠶᠠᠨ ᠤ ᠦᠢᠯᠡᠳᠬᠦᠨ ᠤ ᠴᠢᠨᠠᠷ ᠴᠢᠨᠰᠠᠭ᠎ᠠ ᠶᠢ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠣᠯᠭᠤᠭᠰᠠᠨ ᠰᠠᠯᠠᠭ᠎ᠠ ᠮᠥᠴᠢᠷ ᠤᠨ ᠵᠥᠪᠰᠢᠶᠡᠷᠡᠭᠰᠡᠨ ᠭᠡᠷᠡᠴᠢᠯᠡᠨ ᠮᠠᠭᠠᠳᠯᠠᠬᠤ ᠪᠠᠶᠢᠭᠤᠯᠤᠮᠵᠢ ᠳᠤ ᠴᠢᠨᠠᠷ ᠴᠢᠨᠰᠠᠭ᠎ᠠ ᠶᠢᠨ ᠰᠢᠰᠲ᠋ᠧᠮ ᠢ ᠭᠡᠷᠡᠴᠢᠯᠡᠭᠦᠯᠦᠨ ᠮᠠᠭᠠᠳᠯᠠᠭᠤᠯᠬᠤ ᠭᠤᠶᠤᠴᠢᠯᠠᠯ ᠭᠠᠷᠭᠠᠵᠤ ᠪᠣᠯᠤᠨ᠎ᠠ᠃ ᠭᠡᠷᠡᠴᠢᠯᠡᠨ ᠮᠠᠭᠠᠳᠯᠠᠭᠠᠳ ᠬᠢᠷᠢ ᠲᠡᠩᠴᠡᠭᠰᠡᠳ ᠲᠤ ᠭᠡᠷᠡᠴᠢᠯᠡᠨ ᠮᠠᠭᠠᠳᠯᠠᠬᠤ ᠪᠠᠶᠢᠭᠤᠯᠤᠮᠵᠢ ᠠᠴᠠ ᠴᠢᠨᠠᠷ ᠴᠢᠨᠰᠠᠭ᠎ᠠ ᠶᠢᠨ ᠰᠢᠰᠲ᠋ᠧᠮ ᠢ ᠭᠡᠷᠡᠴᠢᠯᠡᠨ ᠮᠠᠭᠠᠳᠯᠠᠭᠰᠠᠨ ᠦᠨᠡᠮᠯᠡᠯ ᠣᠯᠭᠤᠨ᠎ᠠ᠃      ᠲᠠᠪᠢᠨ ᠳᠥᠷᠪᠡᠳᠦᠭᠡᠷ ᠵᠤᠷᠪᠤᠰ ᠪᠦᠲᠦᠭᠡᠨ ᠪᠠᠶᠢᠭᠤᠯᠬᠤ ᠨᠢᠭᠡᠴᠢ ᠨᠢ ᠶᠠᠮᠠᠷᠪᠠ ᠰᠢᠯᠲᠠᠭ ᠢᠶᠠᠷ᠂ ᠪᠠᠷᠢᠯᠭ᠎ᠠ ᠶᠢ ᠵᠢᠷᠤᠵᠤ ᠲᠥᠯᠥᠪᠯᠡᠬᠦ ᠪᠤᠶᠤ ᠪᠠᠷᠢᠯᠭ᠎ᠠ ᠪᠠᠷᠢᠬᠤ ᠠᠵᠢᠯ ᠤᠨ ᠳᠤᠮᠳᠠ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠤᠨ ᠪᠠᠷᠢᠯᠭ᠎ᠠ ᠶᠢᠨ ᠠᠵᠢᠯ ᠤᠨ ᠴᠢᠨᠠᠷ ᠴᠢᠨᠰᠠᠭ᠎ᠠ᠂ ᠠᠶᠦᠯᠭᠦᠢ ᠶᠢᠨ ᠪᠠᠷᠢᠮᠵᠢᠶ᠎ᠠ ᠶᠢ ᠵᠥᠷᠢᠴᠡᠨ ᠪᠠᠷᠢᠯᠭ᠎ᠠ ᠶᠢᠨ ᠴᠢᠨᠠᠷ ᠴᠢᠨᠰᠠᠭ᠎ᠠ ᠶᠢ ᠪᠠᠭᠤᠷᠠᠭᠤᠯᠬᠤ ᠶᠢ ᠪᠠᠷᠢᠯᠭ᠎ᠠ ᠵᠢᠷᠤᠵᠤ ᠲᠥᠯᠥᠪᠯᠡᠬᠦ ᠨᠢᠭᠡᠴᠢ ᠪᠤᠶᠤ ᠪᠠᠷᠢᠯᠭ᠎ᠠ ᠪᠠᠷᠢᠬᠤ ᠠᠵᠤ ᠠᠬᠤᠶᠢᠯᠠᠯ ᠳᠤ ᠱᠠᠭᠠᠷᠳᠠᠵᠤ ᠪᠣᠯᠬᠤ ᠦᠭᠡᠢ᠃      ᠪᠠᠷᠢᠯᠭ᠎ᠠ ᠵᠢᠷᠤᠵᠤ ᠲᠥᠯᠥᠪᠯᠡᠬᠦ ᠨᠢᠭᠡᠴᠢ ᠪᠠ ᠪᠠᠷᠢᠯᠭ᠎ᠠ ᠪᠠᠷᠢᠬᠤ ᠠᠵᠤ ᠠᠬᠤᠶᠢᠯᠠᠯ ᠨᠢ ᠪᠦᠲᠦᠭᠡᠨ ᠪᠠᠶᠢᠭᠤᠯᠬᠤ ᠨᠢᠭᠡᠴᠢ ᠶᠢᠨ ᠡᠮᠦᠨᠡᠬᠢ ᠪᠠᠳᠠᠭ ᠤᠨ ᠲᠣᠭᠲᠠᠭᠠᠯ ᠢ ᠵᠥᠷᠢᠴᠡᠵᠦ ᠳᠤᠷᠠᠳᠤᠭᠰᠠᠨ ᠪᠠᠷᠢᠯᠭ᠎ᠠ ᠶᠢᠨ ᠴᠢᠨᠠᠷ ᠴᠢᠨᠰᠠᠭ᠎ᠠ ᠶᠢ ᠪᠠᠭᠤᠷᠠᠭᠤᠯᠬᠤ ᠱᠠᠭᠠᠷᠳᠠᠯᠭ᠎ᠠ ᠶᠢ ᠬᠦᠯᠢᠶᠡᠬᠦ ᠥᠬᠡᠢ ᠪᠠᠶᠢᠬᠤ ᠶᠣᠰᠣᠲᠠᠢ᠃      ᠲᠠᠪᠢᠨ ᠲᠠᠪᠤᠳᠤᠭᠠᠷ ᠵᠤᠷᠪᠤᠰ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠨᠢ᠂ ᠪᠠᠷᠢᠯᠭ᠎ᠠ  ᠶᠢᠨ ᠴᠢᠨᠠᠷ ᠴᠢᠨᠰᠠᠭ᠎ᠠ ᠶᠢ ᠪᠠᠷᠢᠯᠭ᠎ᠠ ᠶᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠠᠴᠠ ᠬᠠᠷᠢᠭᠤᠴᠠᠵᠤ᠂ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠨᠢ ᠪᠠᠷᠢᠯᠭ᠎ᠠ ᠶᠢᠨ ᠠᠵᠢᠯ ᠢ ᠪᠤᠰᠤᠳ ᠨᠢᠭᠡᠴᠢ ᠳᠤ ᠬᠤᠪᠢᠶᠠᠨ ᠳᠠᠭᠠᠭᠠᠴᠢᠯᠠᠭᠤᠯᠤᠭᠰᠠᠨ ᠨᠢ᠂ ᠪᠠᠷᠢᠯᠭ᠎ᠠ ᠶᠢᠨ ᠴᠢᠨᠠᠷ ᠴᠢᠨᠰᠠᠭ᠎ᠠ ᠶᠢᠨ ᠲᠠᠯ᠎ᠠ ᠪᠠᠷ ᠬᠤᠪᠢᠶᠠᠨ ᠳᠠᠭᠠᠭᠠᠴᠢᠯᠠᠭᠰᠠᠨ ᠨᠢᠭᠡᠴᠢ ᠯᠦᠭᠡ ᠬᠤᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ᠃ ᠬᠤᠪᠢᠶᠠᠨ ᠳᠠᠭᠠᠭᠠᠴᠢᠯᠠᠭᠰᠠᠨ ᠨᠢᠭᠡᠴᠢ ᠨᠢ ᠴᠢᠨᠠᠷ ᠴᠢᠨᠰᠠᠭ᠎ᠠ ᠶᠢᠨ ᠲᠠᠯ᠎ᠠ ᠪᠠᠷ ᠬᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠶᠢᠨ ᠬᠠᠮᠢᠶᠠᠷᠤᠯᠲᠠ ᠶᠢ ᠬᠦᠯᠢᠶᠡᠬᠦ ᠬᠡᠷᠡᠭᠲᠡᠢ᠃      ᠲᠠᠪᠢᠨ ᠵᠢᠷᠭᠤᠳᠤᠭᠠᠷ ᠵᠤᠷᠪᠤᠰ ᠪᠠᠷᠢᠯᠭ᠎ᠠ ᠶᠢᠨ ᠠᠵᠢᠯ ᠤᠨ ᠬᠠᠶᠢᠨ ᠰᠢᠨᠵᠢᠬᠦ᠂ ᠵᠢᠷᠤᠵᠤ ᠲᠥᠯᠥᠪᠯᠡᠬᠦ ᠨᠢᠭᠡᠴᠢ ᠡᠷᠬᠡᠪᠰᠢ ᠬᠠᠶᠢᠨ ᠰᠢᠨᠵᠢᠯᠡᠭᠡ᠂ ᠵᠢᠷᠤᠭ ᠲᠥᠯᠥᠪᠯᠡᠭᠡ ᠶᠢᠨ ᠢᠶᠠᠨ ᠴᠢᠨᠠᠷ ᠴᠢᠨᠰᠠᠭ᠎ᠠ ᠶᠢ ᠬᠠᠷᠢᠭᠤᠴᠠᠬᠤ ᠬᠡᠷᠡᠭᠲᠡᠢ᠃ ᠬᠠᠶᠢᠨ ᠰᠢᠨᠵᠢᠯᠡᠭᠰᠡᠨ᠂ ᠵᠢᠷᠤᠵᠤ ᠲᠥᠯᠥᠪᠯᠡᠭᠰᠡᠨ ᠪᠢᠴᠢᠭ ᠮᠠᠲ᠋ᠧᠷᠢᠶᠠᠯ ᠨᠢ ᠬᠤᠯᠪᠣᠭᠳᠠᠯ ᠪᠥᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠪᠠ ᠪᠠᠷᠢᠯᠭ᠎ᠠ ᠶᠢᠨ ᠠᠵᠢᠯ ᠤᠨ ᠴᠢᠨᠠᠷ ᠴᠢᠨᠰᠠᠭ᠎ᠠ᠂ ᠠᠶᠦᠯᠭᠦᠢ ᠶᠢᠨ ᠪᠠᠷᠢᠮᠵᠢᠶ᠎ᠠ᠂ ᠪᠠᠷᠢᠯᠭ᠎ᠠ ᠶᠢᠨ ᠠᠵᠢᠯ ᠤᠨ ᠬᠠᠶᠢᠨ ᠰᠢᠨᠵᠢᠬᠦ᠂ ᠵᠢᠷᠤᠵᠤ ᠲᠥᠯᠥᠪᠯᠡᠬᠦ ᠲᠧᠭᠨᠢᠭ ᠮᠡᠷᠭᠡᠵᠢᠯ ᠤᠨ ᠵᠢᠷᠤᠮᠵᠢᠯ ᠵᠢᠴᠢ ᠭᠡᠷ᠎ᠡ ᠶᠢᠨ ᠪᠣᠯᠵᠣᠯ ᠳᠤ ᠨᠡᠶᠢᠴᠡᠭᠰᠡᠨ ᠪᠠᠶᠢᠬᠤ ᠬᠡᠷᠡᠭᠲᠡᠢ᠃ ᠵᠢᠷᠤᠭ ᠲᠥᠯᠥᠪᠯᠡᠭᠡ  ᠶᠢᠨ ᠪᠢᠴᠢᠭ ᠮᠠᠲ᠋ᠧᠷᠢᠶᠠᠯ ᠳᠤ ᠬᠡᠷᠡᠭᠯᠡᠬᠦ ᠪᠠᠷ ᠰᠣᠩᠭᠤᠭᠰᠠᠨ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠪᠦᠲᠦᠴᠡ ᠲᠣᠨᠤᠭ ᠰᠡᠯᠪᠢᠭᠡᠰᠦ ᠪᠠ ᠲᠣᠨᠤᠭ ᠲᠥᠬᠦᠭᠡᠷᠦᠮᠵᠢ ᠶᠢᠨ ᠬᠡᠪ ᠪᠠᠷᠢᠮᠵᠢᠶ᠎ᠠ᠂ ᠬᠡᠪ ᠰᠢᠨᠵᠢ᠂ ᠰᠢᠨᠵᠢ ᠴᠢᠳᠠᠪᠤᠷᠢ ᠵᠡᠷᠭᠡ ᠲᠧᠭᠨᠢᠭ ᠮᠡᠷᠭᠡᠵᠢᠯ ᠤᠨ ᠭᠦᠢᠴᠡᠳᠬᠡᠬᠦ ᠲᠣᠭᠠᠨ ᠤ ᠱᠠᠭᠠᠷᠳᠠᠯᠭ᠎ᠠ ᠨᠢ ᠡᠷᠬᠡᠪᠰᠢ ᠤᠯᠤᠰ ᠤᠨ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃      ᠲᠠᠪᠢᠨ ᠳᠣᠯᠣᠳᠤᠭᠠᠷ ᠵᠤᠷᠪᠤᠰ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠨᠢᠭᠡᠴᠢ ᠨᠢ ᠵᠢᠷᠤᠭ ᠲᠥᠯᠥᠪᠯᠡᠭᠡ  ᠶᠢᠨ ᠪᠢᠴᠢᠭ ᠮᠠᠲ᠋ᠧᠷᠢᠶᠠᠯ ᠳᠤ ᠬᠡᠷᠡᠭᠯᠡᠬᠦ ᠪᠠᠷ ᠰᠣᠩᠭᠤᠭᠰᠠᠨ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠪᠦᠲᠦᠴᠡ ᠲᠣᠨᠤᠭ ᠰᠡᠯᠪᠢᠭᠡᠰᠦ ᠪᠠ ᠲᠣᠨᠤᠭ ᠲᠥᠬᠦᠭᠡᠷᠦᠮᠵᠢ ᠳᠤ ᠦᠢᠯᠡᠳᠪᠦᠷᠢᠯᠡᠬᠦ ᠦᠢᠯᠡᠳᠪᠦᠷᠢ᠂ ᠬᠠᠩᠭᠠᠬᠤ ᠬᠤᠳᠠᠯᠳᠤᠭᠠᠴᠢᠨ ᠢ ᠵᠢᠭᠠᠨ ᠲᠣᠭᠲᠠᠭᠠᠵᠤ ᠪᠣᠯᠬᠤ ᠦᠭᠡᠢ᠃      ᠲᠠᠪᠢᠨ ᠨᠠᠢᠮᠠᠳᠤᠭᠠᠷ ᠵᠤᠷᠪᠤᠰ ᠪᠠᠷᠢᠯᠭ᠎ᠠ ᠪᠠᠷᠢᠬᠤ ᠠᠵᠤ ᠠᠬᠤᠶᠢᠯᠠᠯ ᠨᠢ ᠪᠠᠷᠢᠯᠭ᠎ᠠ ᠶᠢᠨ ᠠᠵᠢᠯ ᠤᠨ ᠴᠢᠨᠠᠷ ᠴᠢᠨᠰᠠᠭ᠎ᠠ ᠶᠢ ᠬᠠᠷᠢᠭᠤᠴᠠᠨ᠎ᠠ᠃      ᠪᠠᠷᠢᠯᠭ᠎ᠠ ᠪᠠᠷᠢᠬᠤ ᠠᠵᠤ ᠠᠬᠤᠶᠢᠯᠠᠯ ᠡᠷᠬᠡᠪᠰᠢ ᠪᠠᠷᠢᠯᠭ᠎ᠠ ᠶᠢᠨ ᠵᠢᠷᠤᠭ ᠲᠥᠯᠥᠪᠯᠡᠭᠡ ᠪᠣᠯᠤᠨ ᠪᠠᠷᠢᠯᠭ᠎ᠠ ᠪᠠᠷᠢᠬᠤ ᠲᠧᠭᠨᠢᠭ ᠮᠡᠷᠭᠡᠵᠢᠯ ᠤᠨ ᠪᠠᠷᠢᠮᠵᠢᠶ᠎ᠠ ᠶᠣᠰᠣᠭᠠᠷ ᠠᠵᠢᠯᠯᠠᠵᠤ᠂ ᠠᠵᠢᠯ ᠳᠥᠭᠦᠮᠴᠢᠯᠡᠨ ᠮᠠᠲ᠋ᠧᠷᠢᠶᠠᠯ ᠢ ᠬᠠᠰᠤᠵᠤ ᠪᠣᠯᠬᠤ ᠦᠭᠡᠢ᠃ ᠪᠠᠷᠢᠯᠭ᠎ᠠ ᠶᠢᠨ ᠵᠢᠷᠤᠭ ᠲᠥᠯᠥᠪᠯᠡᠯᠭᠡ ᠳᠤ ᠵᠠᠰᠠᠪᠤᠷᠢ ᠣᠷᠣᠭᠤᠯᠬᠤ ᠶᠠᠪᠤᠳᠠᠯ ᠢ ᠤᠤᠯ ᠤᠨ ᠵᠢᠷᠤᠵᠤ ᠲᠥᠯᠥᠪᠯᠡᠭᠰᠡᠨ ᠨᠢᠭᠡᠴᠢ ᠬᠠᠷᠢᠭᠤᠴᠠᠨ᠎ᠠ᠃ ᠪᠠᠷᠢᠯᠭ᠎ᠠ ᠪᠠᠷᠢᠬᠤ ᠠᠵᠤ ᠠᠬᠤᠶᠢᠯᠠᠯ ᠪᠠᠷᠢᠯᠭ᠎ᠠ ᠶᠢᠨ ᠵᠢᠷᠤᠭ ᠲᠥᠯᠥᠪᠯᠡᠯᠭᠡ ᠳᠤ ᠳᠤᠷ᠎ᠠ ᠮᠡᠳᠡᠨ ᠵᠠᠰᠠᠪᠤᠷᠢ ᠣᠷᠣᠭᠤᠯᠵᠤ ᠪᠣᠯᠬᠤ ᠦᠭᠡᠢ᠃      ᠲᠠᠪᠢ ᠶᠢᠰᠦᠳᠦᠭᠡᠷ ᠵᠤᠷᠪᠤᠰ ᠪᠠᠷᠢᠯᠭ᠎ᠠ ᠪᠠᠷᠢᠬᠤ ᠠᠵᠤ ᠠᠬᠤᠶᠢᠯᠠᠯ ᠡᠷᠬᠡᠪᠰᠢ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠱᠠᠭᠠᠷᠳᠠᠯᠭ᠎ᠠ᠂ ᠪᠠᠷᠢᠯᠭ᠎ᠠ ᠪᠠᠷᠢᠬᠤ ᠲᠧᠭᠨᠢᠭ ᠮᠡᠷᠭᠡᠵᠢᠯ ᠤᠨ ᠪᠠᠷᠢᠮᠵᠢᠶ᠎ᠠ ᠪᠣᠯᠤᠨ ᠭᠡᠷ᠎ᠡ ᠶᠢᠨ ᠪᠣᠯᠵᠣᠯ ᠶᠣᠰᠣᠭᠠᠷ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠪᠦᠲᠦᠴᠡ ᠲᠣᠨᠤᠭ ᠰᠡᠯᠪᠢᠭᠡᠰᠦ ᠪᠣᠯᠤᠨ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠵᠤ᠂ ᠬᠢᠷᠢ ᠲᠡᠩᠴᠡᠭᠰᠡᠨ ᠥᠬᠡᠢ ᠵᠤᠷᠪᠤᠰ ᠢ ᠬᠡᠷᠡᠭᠯᠡᠵᠦ ᠪᠣᠯᠬᠤ ᠥᠬᠡᠢ᠃      ᠵᠢᠷᠠᠳᠤᠭᠠᠷ ᠵᠤᠷᠪᠤᠰ ᠪᠠᠷᠢᠯᠭ᠎ᠠ ᠶᠢᠨ ᠵᠦᠢ ᠵᠣᠬᠢᠰᠲᠠᠢ ᠬᠡᠷᠡᠭᠯᠡᠬᠦ ᠬᠤᠭᠤᠴᠠᠭᠠᠨ ᠳᠤ᠂ ᠲᠡᠭᠦᠨ ᠤ ᠰᠠᠭᠤᠷᠢ  ᠶᠢᠨ ᠰᠠᠭᠤᠷᠢ ᠪᠠᠷᠢᠯᠭ᠎ᠠ ᠪᠣᠯᠤᠨ ᠭᠤᠣᠯ ᠴᠣᠭᠴᠠ ᠪᠦᠲᠦᠴᠡ ᠶᠢᠨ ᠴᠢᠨᠠᠷ ᠴᠢᠨᠰᠠᠭ᠎ᠠ ᠶᠢ ᠡᠷᠬᠡᠪᠰᠢ ᠦᠨᠡᠨᠬᠦ ᠪᠠᠲᠤᠯᠠᠬᠤ ᠬᠡᠷᠡᠭᠲᠡᠢ᠃      ᠪᠠᠷᠢᠯᠭ᠎ᠠ ᠶᠢ ᠪᠠᠷᠢᠵᠤ ᠳᠠᠭᠤᠰᠬᠤ ᠦᠶ᠎ᠡ ᠳᠤ᠂ ᠭᠡᠷ ᠤᠨ ᠣᠷᠣᠢ᠂ ᠬᠡᠷᠡᠮ ᠳᠤ ᠨᠡᠪᠴᠢᠵᠦ ᠭᠤᠭᠤᠵᠢᠬᠤ᠂ ᠠᠩ ᠭᠠᠷᠬᠤ ᠵᠡᠷᠭᠡ ᠴᠢᠨᠠᠷ ᠴᠢᠨᠰᠠᠭ᠎ᠠ ᠶᠢᠨ ᠭᠡᠮ ᠰᠡᠪ ᠪᠠᠶᠢᠵᠤ ᠪᠣᠯᠬᠤ ᠥᠬᠡᠢ᠃ ᠨᠢᠭᠡᠨᠲᠡ ᠣᠯᠵᠤ ᠮᠡᠳᠡᠭᠰᠡᠨ ᠴᠢᠨᠠᠷ ᠴᠢᠨᠰᠠᠭ᠎ᠠ ᠶᠢᠨ ᠭᠡᠮ ᠰᠡᠪ ᠢ᠂ ᠪᠠᠷᠢᠯᠭ᠎ᠠ ᠪᠠᠷᠢᠬᠤ ᠠᠵᠤ ᠠᠬᠤᠶᠢᠯᠠᠯ ᠠᠴᠠ ᠵᠠᠰᠠᠨ ᠰᠢᠨᠡᠳᠬᠡᠬᠦ ᠬᠡᠷᠡᠭᠲᠡᠢ᠃ ᠵᠢᠷᠠᠨ ᠨᠢᠭᠡᠳᠦᠭᠡᠷ ᠵᠤᠷᠪᠤᠰ ᠪᠠᠷᠢᠵᠤ ᠳᠠᠭᠤᠰᠬᠠᠭᠠᠳ ᠰᠢᠯᠭᠠᠭᠤᠯᠵᠤ ᠲᠤᠰᠢᠶᠠᠬᠤ ᠪᠠᠷᠢᠯᠭ᠎ᠠ ᠨᠢ ᠡᠷᠬᠡᠪᠰᠢ ᠪᠠᠷᠢᠯᠭ᠎ᠠ  ᠶᠢᠨ ᠲᠣᠭᠲᠠᠭᠰᠠᠨ ᠴᠢᠨᠠᠷ ᠴᠢᠨᠰᠠᠭ᠎ᠠ ᠶᠢᠨ ᠪᠠᠷᠢᠮᠵᠢᠶᠠᠨ ᠳᠤ ᠨᠡᠶᠢᠴᠡᠵᠦ᠂ ᠪᠠᠷᠢᠯᠭ᠎ᠠ ᠶᠢᠨ ᠲᠧᠭᠨᠢᠭ ᠮᠡᠷᠭᠡᠵᠢᠯ ᠠᠵᠤ ᠠᠬᠤᠢ ᠶᠢᠨ ᠬᠦᠴᠦᠨ ᠲᠡᠭᠦᠯᠳᠡᠷ ᠮᠠᠲ᠋ᠧᠷᠢᠶᠠᠯ ᠪᠣᠯᠤᠨ ᠭᠠᠷ ᠤᠨ ᠥᠰᠥᠭ ᠵᠢᠷᠤᠭᠰᠠᠨ ᠪᠠᠷᠢᠯᠭ᠎ᠠ ᠶᠢ ᠰᠡᠯᠪᠢᠨ ᠵᠠᠰᠠᠬᠤ ᠪᠠᠲᠤᠯᠠᠭ᠎ᠠ ᠶᠢᠨ ᠪᠢᠴᠢᠭ ᠲᠠᠢ ᠪᠠᠶᠢᠬᠤ ᠶᠢᠨ ᠬᠠᠮᠲᠤ ᠠᠵᠢᠯ ᠳᠠᠭᠤᠰᠬᠠᠬᠤ ᠲᠤᠬᠠᠢ ᠤᠯᠤᠰ ᠤᠨ ᠲᠣᠭᠲᠠᠭᠠᠭᠰᠠᠨ ᠪᠤᠰᠤᠳ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠃      ᠪᠠᠷᠢᠯᠭ᠎ᠠ ᠶᠢᠨ ᠠᠵᠢᠯ ᠳᠠᠭᠤᠰᠴᠤ᠂ ᠰᠢᠯᠭᠠᠨ ᠠᠪᠤᠭᠠᠳ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠲᠤᠰᠢᠶᠠᠨ ᠥᠭᠴᠦ ᠬᠡᠷᠡᠭᠯᠡᠭᠦᠯᠵᠦ ᠪᠣᠯᠤᠨ᠎ᠠ᠃ ᠰᠢᠯᠭᠠᠨ ᠠᠪᠬᠤ ᠶᠢ ᠳᠠᠮᠵᠢᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠣᠯ ᠲᠤᠰᠢᠶᠠᠨ ᠥᠭᠴᠦ ᠬᠡᠷᠡᠭᠯᠡᠭᠦᠯᠵᠦ ᠪᠣᠯᠬᠤ ᠦᠭᠡᠢ᠃ ᠵᠢᠷᠠᠨ ᠬᠤᠶᠠᠳᠤᠭᠠᠷ ᠵᠤᠷᠪᠤᠰ ᠪᠠᠷᠢᠯᠭ᠎ᠠ ᠶᠢᠨ ᠠᠵᠢᠯ ᠳᠤ ᠴᠢᠨᠠᠷ ᠴᠢᠨᠰᠠᠭ᠎ᠠ ᠶᠢᠨ ᠲᠠᠯ᠎ᠠ ᠪᠠᠷ ᠰᠡᠯᠪᠢᠨ ᠵᠠᠰᠠᠬᠤ ᠪᠠᠲᠤᠯᠠᠭ᠎ᠠ ᠶᠢᠨ ᠳᠦᠷᠢᠮ ᠢ ᠬᠡᠷᠡᠭᠵᠢᠭᠦᠯᠦᠨ᠎ᠡ᠃      ᠪᠠᠷᠢᠯᠭ᠎ᠠ ᠶᠢᠨ ᠠᠵᠢᠯ ᠤᠨ ᠰᠡᠯᠪᠢᠨ ᠵᠠᠰᠠᠬᠤ ᠪᠠᠲᠤᠯᠠᠭ᠎ᠠ ᠶᠢᠨ ᠬᠡᠪᠴᠢᠶᠡᠨ ᠳᠤ ᠪᠠᠷᠢᠯᠭ᠎ᠠ ᠶᠢᠨ ᠰᠠᠭᠤᠷᠢ ᠶᠢᠨ ᠰᠠᠭᠤᠷᠢ ᠪᠠᠷᠢᠯᠭ᠎ᠠ᠂ ᠭᠤᠣᠯ ᠴᠣᠭᠴᠠ ᠶᠢᠨ ᠪᠦᠲᠦᠴᠡ ᠶᠢᠨ ᠪᠠᠷᠢᠯᠭ᠎ᠠ᠂ ᠭᠡᠷ ᠤᠨ ᠠᠲᠠᠷ ᠤᠨ ᠤᠰᠤ ᠶᠢ ᠰᠡᠷᠭᠡᠶᠢᠯᠡᠬᠦ ᠪᠠᠷᠢᠯᠭ᠎ᠠ ᠪᠣᠯᠤᠨ ᠪᠤᠰᠤᠳ ᠰᠢᠪᠠᠷ ᠰᠢᠷᠣᠢ ᠶᠢᠨ ᠪᠠᠷᠢᠯᠭ᠎ᠠ ᠶᠢᠨ ᠠᠵᠢᠯ ᠵᠢᠴᠢ ᠴᠠᠬᠢᠯᠭᠠᠨ ᠬᠤᠭᠤᠯᠠᠢ  ᠶᠢᠨ ᠱᠤᠭᠤᠮ᠂ ᠤᠰᠤ ᠲᠠᠲᠠᠵᠤ ᠭᠠᠷᠭᠠᠬᠤ ᠬᠤᠭᠤᠯᠠᠢ ᠱᠤᠭᠤᠮ ᠢ ᠤᠭᠰᠠᠷᠠᠬᠤ᠂ ᠪᠠᠷᠢᠯᠭ᠎ᠠ ᠶᠢᠨ ᠳᠤᠯᠠᠭᠠᠯᠠᠭ᠎ᠠ ᠬᠠᠩᠭᠠᠬᠤ᠂ ᠬᠦᠢᠲᠡᠨ‌ᠬᠠᠩᠭᠠᠬᠤ ᠰᠢᠰᠲ᠋ᠧᠮ ᠤᠨ ᠪᠠᠷᠢᠯᠭ᠎ᠠ ᠵᠡᠷᠭᠡ ᠵᠤᠷᠪᠤᠰ ᠢ ᠪᠠᠭᠲᠠᠭᠠᠬᠤ ᠬᠡᠷᠡᠭᠲᠡᠢ᠃ ᠰᠡᠯᠪᠢᠨ ᠵᠠᠰᠠᠬᠤ ᠪᠠᠲᠤᠯᠠᠭ᠎ᠠ ᠶᠢᠨ ᠬᠤᠭᠤᠴᠠᠭ᠎ᠠ ᠶᠢ ᠪᠠᠷᠢᠯᠭ᠎ᠠ ᠶᠢᠨ ᠵᠦᠢ ᠵᠣᠬᠢᠰᠲᠠᠢ ᠬᠡᠷᠡᠭᠯᠡᠬᠦ ᠬᠤᠭᠤᠴᠠᠭᠠᠨ ᠳᠤ ᠬᠡᠪ ᠤᠨ ᠬᠡᠷᠡᠭᠯᠡᠯᠲᠡ ᠶᠢ ᠪᠠᠲᠤᠯᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠵᠠᠷᠴᠢᠮ ᠢᠶᠠᠷ ᠲᠣᠭᠲᠠᠭᠠᠬᠤ ᠬᠡᠷᠡᠭᠲᠡᠢ᠃ ᠰᠡᠯᠪᠢᠨ ᠵᠠᠰᠠᠬᠤ ᠪᠠᠲᠤᠯᠠᠭ᠎ᠠ ᠶᠢᠨ ᠪᠣᠳᠠᠲᠠᠢ ᠬᠡᠪᠴᠢᠶ᠎ᠡ ᠪᠣᠯᠤᠨ ᠰᠡᠯᠪᠢᠨ ᠵᠠᠰᠠᠬᠤ ᠪᠠᠲᠤᠯᠠᠭ᠎ᠠ ᠶᠢᠨ ᠨᠠᠭᠠᠳᠤ ᠵᠠᠬ᠎ᠠ ᠶᠢᠨ ᠬᠤᠭᠤᠴᠠᠭ᠎ᠠ ᠶᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃      ᠵᠢᠷᠠᠨ ᠭᠤᠷᠪᠠᠳᠤᠭᠠᠷ ᠵᠤᠷᠪᠤᠰ ᠶᠠᠮᠠᠷᠪᠠ ᠨᠢᠭᠡᠴᠢ ᠪᠠ ᠬᠤᠪᠢ ᠬᠥᠮᠦᠨ ᠠᠴᠠ ᠴᠥᠮ ᠪᠠᠷᠢᠯᠭ᠎ᠠ ᠶᠢᠨ ᠠᠵᠢᠯ  ᠤᠨ ᠴᠢᠨᠠᠷ ᠴᠢᠨᠰᠠᠭ᠎ᠠ ᠶᠢᠨ ᠠᠳᠡᠯ᠂ ᠴᠢᠨᠠᠷ ᠴᠢᠨᠰᠠᠭ᠎ᠠ ᠶᠢᠨ ᠭᠡᠮ ᠰᠠᠮ ᠤᠨ ᠲᠤᠬᠠᠢ ᠪᠦᠲᠦᠭᠡᠨ ᠪᠠᠶᠢᠭᠤᠯᠤᠯᠲᠠ‌‍ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠬᠤᠯᠪᠣᠭᠳᠠᠯ ᠪᠦᠬᠦᠢ ᠪᠤᠰᠤᠳ ᠰᠠᠯᠠᠭ᠎ᠠ ᠮᠥᠴᠢᠷ ᠲᠤ ᠢᠯᠡᠴᠢᠯᠡᠬᠦ᠂ ᠵᠠᠭᠠᠯᠳᠤᠬᠤ᠂ ᠵᠠᠭᠠᠯᠳᠤᠬᠤ ᠡᠷᠬᠡ ᠲᠠᠢ᠃      ᠳᠣᠯᠣᠳᠤᠭᠠᠷ ᠪᠦᠯᠦᠭ      ᠬᠠᠤᠯᠢ ᠶᠢᠨ ᠬᠠᠷᠢᠭᠤᠴᠠᠯᠭ᠎ᠠ      ᠵᠢᠷᠠᠨ ᠳᠥᠷᠪᠡᠳᠦᠭᠡᠷ ᠵᠤᠷᠪᠤᠰ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠣᠯᠤᠭᠰᠠᠨ ᠦᠭᠡᠢ ᠪᠤᠶᠤ ᠠᠵᠢᠯ ᠡᠬᠢᠯᠡᠭᠦᠯᠬᠦ ᠮᠡᠳᠡᠭᠦᠯᠦᠯᠲᠡ ᠪᠠᠨ ᠵᠥᠪᠰᠢᠶᠡᠷᠡᠭᠦᠯᠦᠭᠰᠡᠨ ᠦᠭᠡᠢ ᠪᠠᠷ ᠳᠤᠷ᠎ᠠ ᠮᠡᠳᠡᠨ ᠪᠠᠷᠢᠯᠭ᠎ᠠ ᠪᠠᠷᠢᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠵᠠᠯᠠᠷᠠᠭᠤᠯᠤᠭᠠᠳ᠂ ᠠᠵᠢᠯ ᠡᠬᠢᠯᠡᠬᠦ ᠨᠥᠬᠦᠴᠡᠯ ᠳᠤ ᠨᠡᠶᠢᠴᠡᠬᠦ ᠦᠭᠡᠢ ᠪᠠᠶᠢᠪᠠᠯ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠵᠤ᠂ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠵᠦ ᠪᠣᠯᠤᠨ᠎ᠠ᠃      ᠵᠢᠷᠠᠨ ᠲᠠᠪᠤᠳᠤᠭᠠᠷ ᠵᠤᠷᠪᠤᠰ ᠳᠠᠭᠠᠭᠠᠴᠢᠯᠠᠭᠤᠯᠬᠤ ᠨᠢᠭᠡᠴᠢ ᠪᠠᠷᠢᠯᠭ᠎ᠠ ᠶᠢᠨ ᠠᠵᠢᠯ ᠢᠶᠠᠨ ᠬᠢᠷᠢ ᠬᠡᠮ ᠤᠨ ᠵᠣᠬᠢᠴᠠᠩᠭᠤᠢ ᠨᠥᠬᠦᠴᠡᠯ ᠦᠭᠡᠢ ᠳᠠᠭᠠᠭᠠᠴᠢᠯᠠᠬᠤ ᠨᠢᠭᠡᠴᠢ ᠳᠤ ᠳᠠᠭᠠᠭᠠᠴᠢᠯᠠᠭᠤᠯᠤᠭᠰᠠᠨ ᠪᠤᠶᠤ ᠲᠤᠰ ᠬᠠᠤᠯᠢ ᠶᠢᠨ ᠲᠣᠭᠲᠠᠭᠠᠯ ᠢ ᠵᠥᠷᠢᠴᠡᠨ ᠪᠠᠷᠢᠯᠭ᠎ᠠ ᠶᠢᠨ ᠠᠵᠢᠯ ᠢᠶᠠᠨ ᠬᠡᠰᠡᠭᠯᠡᠨ ᠳᠠᠭᠠᠭᠠᠴᠢᠯᠠᠭᠤᠯᠤᠭᠰᠠᠨ ᠪᠠᠶᠢᠪᠠᠯ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠵᠣᠭᠤᠰ ᠢᠶᠠᠷ ᠲᠣᠷᠭᠠᠨ᠎ᠠ᠃      ᠲᠤᠰ ᠨᠢᠭᠡᠴᠢ ᠶᠢᠨ ᠢᠶᠠᠨ ᠬᠢᠷᠢ ᠬᠡᠮ ᠤᠨ ᠵᠡᠷᠭᠡ ᠳᠡᠰ ᠠᠴᠠ ᠳᠠᠪᠠᠭᠠᠳ ᠪᠠᠷᠢᠯᠭ᠎ᠠ ᠶᠢᠨ ᠠᠵᠢᠯ ᠳᠠᠭᠠᠭᠠᠴᠢᠯᠠᠭᠰᠠᠨ ᠪᠠᠶᠢᠪᠠᠯ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠵᠦ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠵᠦ᠂ ᠬᠢᠷᠢ ᠬᠡᠮ ᠤᠨ ᠵᠡᠷᠭᠡ ᠳᠡᠰ ᠢ ᠨᠢ ᠪᠠᠭᠤᠷᠠᠭᠤᠯᠵᠤ ᠪᠣᠯᠤᠨ᠎ᠠ᠃ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠥᠬᠡᠢ ᠪᠣᠯᠭᠠᠨ᠎ᠠ᠃ ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠲᠠᠢ ᠪᠠᠶᠢᠪᠠᠯ ᠬᠤᠷᠢᠶᠠᠵᠤ ᠠᠪᠤᠨ᠎ᠠ᠃      ᠬᠢᠷᠢ ᠬᠡᠮ ᠤᠨ ᠦᠨᠡᠮᠯᠡᠯ ᠣᠯᠤᠭᠰᠠᠨ ᠥᠬᠡᠢ ᠪᠠᠷ ᠪᠠᠷᠢᠯᠭ᠎ᠠ ᠶᠢᠨ ᠠᠵᠢᠯ ᠳᠠᠭᠠᠭᠠᠴᠢᠯᠠᠭᠰᠠᠨ ᠪᠠᠶᠢᠪᠠᠯ ᠬᠤᠷᠢᠭᠯᠠᠨ ᠵᠣᠭᠰᠣᠭᠠᠵᠤ᠂ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃ ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠲᠠᠢ ᠪᠠᠶᠢᠪᠠᠯ ᠬᠤᠷᠢᠶᠠᠵᠤ ᠠᠪᠤᠨ᠎ᠠ᠃      ᠮᠡᠬᠡᠯᠡᠬᠦ ᠠᠷᠭ᠎ᠠ ᠪᠠᠷ ᠬᠢᠷᠢ ᠬᠡᠮ ᠤᠨ ᠦᠨᠡᠮᠯᠡᠯ ᠣᠯᠤᠭᠰᠠᠨ ᠪᠠᠶᠢᠪᠠᠯ᠂ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠥᠬᠡᠢ ᠪᠣᠯᠭᠠᠵᠤ ᠵᠣᠭᠤᠰ ᠢᠶᠠᠷ ᠲᠣᠷᠭᠠᠨ᠎ᠠ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠨ᠎ᠡ᠃      ᠵᠢᠷᠠᠨ ᠵᠢᠷᠭᠤᠳᠤᠭᠠᠷ ᠵᠤᠷᠪᠤᠰ ᠪᠠᠷᠢᠯᠭ᠎ᠠ ᠪᠠᠷᠢᠬᠤ ᠠᠵᠤ ᠠᠬᠤᠶᠢᠯᠠᠯ ᠠᠴᠠ ᠬᠢᠷᠢ ᠬᠡᠮ ᠤᠨ ᠦᠨᠡᠮᠯᠡᠯ ᠢᠶᠠᠨ ᠪᠤᠰᠤᠳ ᠲᠤ ᠰᠢᠯᠵᠢᠭᠦᠯᠵᠦ᠂ ᠵᠢᠭᠡᠯᠡᠭᠦᠯᠵᠦ ᠣᠯᠭᠤᠬᠤ ᠪᠤᠶᠤ ᠪᠤᠰᠤᠳ ᠠᠷᠭ᠎ᠠ ᠮᠠᠶ᠋ᠢᠭ ᠢᠶᠠᠷ ᠪᠤᠰᠤᠳ ᠬᠥᠮᠦᠨ ᠤ ᠲᠤᠰ ᠠᠵᠤ ᠠᠬᠤᠶᠢᠯᠠᠯ ᠤᠨ ᠨᠡᠷ᠎ᠡ ᠪᠠᠷ ᠪᠠᠷᠢᠯᠭ᠎ᠠ ᠶᠢᠨ ᠠᠵᠢᠯ ᠳᠠᠭᠠᠭᠠᠴᠢᠯᠠᠬᠤ ᠶᠢ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠤᠭᠠᠳ᠂ ᠲᠣᠷᠭᠠᠭᠤᠯᠢ ᠣᠨᠣᠭᠳᠠᠭᠤᠯᠬᠤ ᠪᠠᠷ ᠳᠠᠪᠬᠤᠷ ᠰᠢᠢᠳᠬᠡᠵᠦ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠵᠦ᠂ ᠬᠢᠷᠢ ᠬᠡᠮ ᠤᠨ ᠵᠡᠷᠭᠡ ᠳᠡᠰ ᠢ ᠨᠢ ᠪᠠᠭᠤᠷᠠᠭᠤᠯᠵᠤ ᠪᠣᠯᠤᠨ᠎ᠠ᠃ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃ ᠲᠤᠰ ᠳᠠᠭᠠᠭᠠᠴᠢᠯᠠᠭᠰᠠᠨ ᠪᠠᠷᠢᠯᠭ᠎ᠠ ᠨᠢ ᠲᠣᠭᠲᠠᠭᠠᠭᠰᠠᠨ ᠴᠢᠨᠠᠷ ᠴᠢᠨᠰᠠᠭ᠎ᠠ ᠶᠢᠨ ᠪᠠᠷᠢᠮᠵᠢᠶ᠎ᠠ ᠳᠤ ᠨᠡᠶᠢᠴᠡᠭᠰᠡᠨ ᠦᠭᠡᠢ ᠠᠴᠠ ᠪᠣᠯᠤᠭᠰᠠᠨ ᠬᠤᠬᠢᠷᠠᠯ ᠢ ᠪᠠᠷᠢᠯᠭ᠎ᠠ ᠪᠠᠷᠢᠬᠤ ᠠᠵᠤ ᠠᠬᠤᠶᠢᠯᠠᠯ ᠬᠢᠭᠡᠳ ᠲᠤᠰ ᠠᠵᠤ ᠠᠬᠤᠶᠢᠯᠠᠯ ᠤᠨ ᠨᠡᠷ᠎ᠡ ᠶᠢ ᠬᠡᠷᠡᠭᠯᠡᠭᠰᠡᠨ ᠨᠢᠭᠡᠴᠢ ᠪᠤᠶᠤ ᠬᠤᠪᠢ ᠬᠥᠮᠦᠨ ᠳᠤ ᠬᠤᠯᠪᠣᠯᠳᠤᠭᠰᠠᠨ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠨ᠎ᠡ᠃      ᠵᠢᠷᠠᠨ ᠳᠣᠯᠣᠳᠤᠭᠠᠷ ᠵᠤᠷᠪᠤᠰ ᠳᠠᠭᠠᠭᠠᠴᠢᠯᠠᠭᠰᠠᠨ ᠨᠢᠭᠡᠴᠢ ᠠᠴᠠ ᠳᠠᠭᠠᠭᠠᠴᠢᠯᠠᠭᠰᠠᠨ ᠪᠠᠷᠢᠯᠭ᠎ᠠ ᠶᠢᠨ ᠠᠵᠢᠯ  ᠢᠶᠠᠨ ᠰᠢᠯᠵᠢᠭᠦᠯᠦᠨ ᠳᠠᠭᠠᠭᠠᠴᠢᠯᠠᠭᠤᠯᠤᠭᠰᠠᠨ ᠪᠤᠶᠤ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠬᠤᠪᠢᠶᠠᠨ ᠳᠠᠭᠠᠭᠠᠴᠢᠯᠠᠭᠤᠯᠤᠭᠰᠠᠨ ᠪᠠᠶᠢᠪᠠᠯ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠴᠤ ᠲᠣᠷᠭᠠᠭᠤᠯᠢ ᠣᠨᠣᠭᠳᠠᠭᠤᠯᠬᠤ ᠪᠠᠷ ᠳᠠᠪᠬᠤᠷ ᠰᠢᠢᠳᠬᠡᠵᠦ ᠪᠣᠯᠤᠨ᠎ᠠ᠃ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃      ᠳᠠᠭᠠᠭᠠᠴᠢᠯᠠᠭᠰᠠᠨ ᠨᠢᠭᠡᠴᠢ ᠡᠮᠦᠨᠡᠬᠢ ᠪᠠᠳᠠᠭ ᠲᠤ ᠲᠣᠭᠲᠠᠭᠠᠭᠰᠠᠨ ᠬᠠᠤᠯᠢ ᠶᠢ ᠵᠥᠷᠢᠴᠡᠭᠰᠡᠨ ᠠᠵᠢᠯᠯᠠᠭ᠎ᠠ ᠬᠢᠭᠰᠡᠨ᠂ ᠰᠢᠯᠵᠢᠭᠦᠯᠦᠨ ᠳᠠᠭᠠᠭᠠᠴᠢᠯᠠᠭᠤᠯᠤᠭᠰᠠᠨ ᠪᠠᠷᠢᠯᠭ᠎ᠠ ᠪᠤᠶᠤ ᠬᠠᠤᠯᠢ ᠶᠢ ᠵᠥᠷᠢᠴᠡᠨ ᠬᠤᠪᠢᠶᠠᠨ ᠳᠠᠭᠠᠭᠠᠴᠢᠯᠠᠭᠤᠯᠤᠭᠰᠠᠨ ᠪᠠᠷᠢᠯᠭ᠎ᠠ ᠨᠢ ᠲᠣᠭᠲᠠᠭᠠᠭᠰᠠᠨ ᠴᠢᠨᠠᠷ ᠴᠢᠨᠰᠠᠭ᠎ᠠ ᠶᠢᠨ ᠪᠠᠷᠢᠮᠵᠢᠶ᠎ᠠ ᠳᠤ ᠨᠡᠶᠢᠴᠡᠭᠰᠡᠨ ᠥᠬᠡᠢ  ᠠᠴᠠ ᠪᠣᠯᠤᠭᠰᠠᠨ ᠬᠤᠬᠢᠷᠠᠯ ᠲᠠᠢ ᠪᠣᠯ᠂ ᠰᠢᠯᠵᠢᠭᠦᠯᠦᠨ ᠳᠠᠭᠠᠭᠠᠴᠢᠯᠠᠭᠤᠯᠬᠤ ᠪᠤᠶᠤ ᠬᠤᠪᠢᠶᠠᠨ ᠳᠠᠭᠠᠭᠠᠴᠢᠯᠠᠭᠤᠯᠬᠤ  ᠶᠢ ᠬᠦᠯᠢᠶᠡᠨ ᠠᠪᠤᠭᠰᠠᠨ ᠨᠢᠭᠡᠴᠢ ᠯᠦᠭᠡ ᠬᠤᠯᠪᠣᠯᠳᠤᠭᠰᠠᠨ ᠲᠥᠯᠥᠪᠦᠷᠢ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃      ᠵᠢᠷᠠᠨ ᠨᠠᠢᠮᠠᠳᠤᠭᠠᠷ ᠵᠤᠷᠪᠤᠰ ᠪᠠᠷᠢᠯᠭ᠎ᠠ ᠶᠢᠨ ᠠᠵᠢᠯ ᠢ ᠳᠠᠭᠠᠭᠠᠴᠢᠯᠠᠭᠤᠯᠬᠤ ᠪᠠ ᠳᠠᠭᠠᠭᠠᠴᠢᠯᠠᠬᠤ ᠳᠤᠮᠳᠠ ᠬᠠᠭ᠋ᠤᠤᠯᠢ ᠨᠡᠬᠡᠵᠦ᠂ ᠬᠡᠭᠡᠯᠢ ᠢᠳᠡᠵᠦ᠂ ᠬᠡᠭᠡᠯᠢ ᠲᠦᠯᠬᠢᠭᠡᠳ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠨ᠎ᠡ᠃ ᠶᠠᠯ᠎ᠠ ᠪᠣᠯᠵᠤ ᠪᠦᠷᠢᠯᠳᠦᠭᠰᠡᠨ ᠦᠭᠡᠢ ᠪᠣᠯ ᠵᠣᠭᠤᠰ ᠢᠶᠠᠷ ᠲᠣᠷᠭᠠᠵᠤ᠂ ᠠᠪᠤᠭᠰᠠᠨ ᠬᠡᠭᠡᠯᠢ ᠬᠠᠭ᠋ᠤᠤᠯᠢ ᠶᠢᠨ ᠵᠣᠭᠤᠰ ᠮᠥᠩᠭᠦ ᠡᠳ᠋ ᠪᠣᠳᠠᠰ ᠢ ᠬᠤᠷᠢᠶᠠᠨ ᠠᠪᠴᠦ᠂ ᠰᠢᠭᠤᠳ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠲᠤᠰ ᠲᠤᠰ ᠰᠢᠢᠳᠬᠡᠯ ᠣᠯᠭᠤᠨ᠎ᠠ᠃      ᠪᠠᠷᠢᠯᠭ᠎ᠠ ᠶᠢᠨ ᠠᠵᠢᠯ ᠢ ᠳᠠᠭᠠᠭᠠᠴᠢᠯᠠᠬᠤ ᠳᠤᠮᠳᠠ ᠬᠡᠭᠡᠯᠢ ᠲᠦᠯᠬᠢᠭᠰᠡᠨ ᠳᠠᠭᠠᠭᠠᠴᠢᠯᠠᠭᠰᠠᠨ ᠨᠢᠭᠡᠴᠢ ᠶᠢ ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ ᠰᠢᠢᠳᠬᠡᠬᠦ ᠠᠴᠠ ᠭᠠᠳᠠᠨ᠎ᠠ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠵᠦ᠂ ᠬᠢᠷᠢ ᠬᠡᠮ ᠤᠨ ᠵᠡᠷᠭᠡ ᠳᠡᠰ ᠢ ᠨᠢ ᠪᠠᠭᠤᠷᠠᠭᠤᠯᠬᠤ ᠪᠤᠶᠤ ᠬᠢᠷᠢ ᠬᠡᠮ ᠤᠨ ᠦᠨᠡᠮᠯᠡᠯ ᠢ  ᠨᠢ ᠬᠤᠷᠢᠶᠠᠨ ᠠᠪᠴᠤ ᠬᠦᠴᠦᠨ ᠥᠬᠡᠢ ᠪᠣᠯᠭᠠᠵᠤ ᠪᠣᠯᠤᠨ᠎ᠠ᠃      ᠵᠢᠷᠠ ᠶᠢᠰᠦᠳᠦᠭᠡᠷ ᠵᠤᠷᠪᠤᠰ ᠪᠠᠷᠢᠯᠭ᠎ᠠ ᠬᠢᠨᠠᠵᠤ ᠬᠠᠮᠢᠶᠠᠷᠬᠤ ᠨᠢᠭᠡᠴᠢ ᠨᠢ ᠪᠦᠲᠦᠭᠡᠨ ᠪᠠᠶᠢᠭᠤᠯᠬᠤ ᠨᠢᠭᠡᠴᠢ ᠪᠤᠶᠤ ᠪᠠᠷᠢᠯᠭ᠎ᠠ ᠪᠠᠷᠢᠬᠤ ᠠᠵᠤ ᠠᠬᠤᠶᠢᠯᠠᠯ ᠲᠠᠢ ᠰᠦᠯᠪᠡᠭᠡᠯᠳᠦᠵᠦ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠪᠠᠷᠢᠯᠭ᠎ᠠ ᠶᠢᠨ ᠴᠢᠨᠠᠷ ᠴᠢᠨᠰᠠᠭ᠎ᠠ ᠶᠢ ᠪᠠᠭᠤᠷᠠᠭᠤᠯᠬᠤ ᠶᠠᠪᠤᠳᠠᠯ ᠢ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠵᠣᠭᠤᠰ  ᠢᠶᠠᠷ ᠲᠣᠷᠭᠠᠵᠤ᠂ ᠬᠢᠷᠢ ᠬᠡᠮ ᠤᠨ ᠵᠡᠷᠭᠡ ᠳᠡᠰ ᠢ ᠨᠢ ᠪᠠᠭᠤᠷᠠᠭᠤᠯᠬᠤ ᠪᠤᠶᠤ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠥᠬᠡᠢ ᠪᠣᠯᠭᠠᠨ᠎ᠠ᠃ ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠲᠠᠢ ᠪᠠᠶᠢᠪᠠᠯ ᠬᠤᠷᠢᠶᠠᠵᠤ ᠠᠪᠤᠨ᠎ᠠ᠃ ᠬᠤᠬᠢᠷᠠᠯ ᠤᠴᠠᠷᠠᠭᠤᠯᠤᠭᠰᠠᠨ ᠪᠠᠶᠢᠪᠠᠯ ᠬᠤᠯᠪᠣᠯᠳᠤᠭᠰᠠᠨ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠂ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠨ᠎ᠡ᠃      ᠪᠠᠷᠢᠯᠭ᠎ᠠ ᠬᠢᠨᠠᠵᠤ ᠬᠠᠮᠢᠶᠠᠷᠬᠤ ᠨᠢᠭᠡᠴᠢ ᠨᠢ ᠬᠢᠨᠠᠵᠤ ᠬᠠᠮᠢᠶᠠᠷᠬᠤ ᠲᠤᠬᠠᠶᠢᠯᠠᠭᠰᠠᠨ ᠠᠵᠢᠯ ᠢᠶᠠᠨ ᠪᠤᠰᠤᠳ ᠲᠤ ᠰᠢᠯᠵᠢᠭᠦᠯᠵᠦ ᠦᠭᠭᠦᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠵᠤ ᠠᠪᠤᠨ᠎ᠠ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠵᠦ᠂ ᠬᠢᠷᠢ ᠬᠡᠮ ᠤᠨ ᠵᠡᠷᠭᠡ ᠳᠡᠰ ᠢ ᠨᠢ ᠪᠠᠭᠤᠷᠠᠭᠤᠯᠵᠤ ᠪᠣᠯᠤᠨ᠎ᠠ᠃ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃ ᠳᠠᠯᠠᠳᠤᠭᠠᠷ ᠵᠤᠷᠪᠤᠰ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠪᠠᠷᠢᠯᠭ᠎ᠠ ᠶᠢᠨ ᠭᠤᠣᠯ ᠴᠣᠭᠴᠠ ᠪᠤᠶᠤ ᠲᠤᠯᠭᠠᠭᠤᠷᠢ ᠪᠦᠲᠦᠴᠡ ᠶᠢ ᠬᠤᠪᠢᠷᠠᠭᠤᠯᠬᠤ ᠳᠤ ᠬᠤᠯᠪᠣᠭᠳᠠᠬᠤ ᠲᠣᠨᠣᠭᠯᠠᠨ ᠰᠡᠯᠪᠢᠬᠦ ᠠᠵᠢᠯ ᠢ ᠳᠤᠷ᠎ᠠ ᠮᠡᠳᠡᠨ ᠬᠢᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃ ᠬᠤᠬᠢᠷᠠᠯ ᠤᠴᠠᠷᠠᠭᠤᠯᠤᠭᠰᠠᠨ ᠪᠠᠶᠢᠪᠠᠯ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠨ᠎ᠡ᠃      ᠳᠠᠯᠠᠨ ᠨᠢᠭᠡᠳᠦᠭᠡᠷ ᠵᠤᠷᠪᠤᠰ ᠪᠠᠷᠢᠯᠭ᠎ᠠ ᠪᠠᠷᠢᠬᠤ ᠠᠵᠤ ᠠᠬᠤᠶᠢᠯᠠᠯ ᠠᠴᠠ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠪᠠᠷᠢᠯᠭ᠎ᠠ ᠶᠢᠨ ᠠᠶᠦᠯᠭᠦᠢ ᠶᠢ ᠨᠥᠯᠥᠭᠡᠯᠡᠬᠦ ᠠᠳᠡᠯ ᠭᠠᠷᠴᠤ ᠮᠡᠳᠡᠬᠦ ᠪᠣᠯᠵᠣᠰᠢ ᠦᠭᠡᠢ ᠨᠥᠬᠦᠴᠡᠯ ᠪᠠᠶᠢᠳᠠᠯ ᠢ ᠠᠷᠭ᠎ᠠ ᠬᠡᠮᠵᠢᠶ᠎ᠡ ᠠᠪᠴᠤ ᠠᠷᠢᠯᠭᠠᠬᠤ ᠥᠬᠡᠢ ᠪᠠᠶᠢᠪᠠᠯ᠂ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠵᠦ ᠪᠣᠯᠤᠨ᠎ᠠ᠃ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠵᠦ᠂ ᠬᠢᠷᠢ ᠬᠡᠮ ᠤᠨ ᠵᠡᠷᠭᠡ ᠳᠡᠰ ᠢ ᠨᠢ ᠪᠠᠭᠤᠷᠠᠭᠤᠯᠬᠤ ᠪᠤᠶᠤ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠥᠬᠡᠢ ᠪᠣᠯᠭᠠᠨ᠎ᠠ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠨ᠎ᠡ᠃      ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠲᠣᠭᠲᠠᠭᠠᠯ ᠢ ᠵᠥᠷᠢᠴᠡᠨ ᠵᠢᠯᠣᠭᠤᠳᠴᠤ᠂ ᠠᠵᠢᠯᠲᠠᠨ ᠠᠵᠢᠯᠴᠢᠨ ᠢ ᠠᠯᠪᠠᠲᠠᠨ ᠭᠡᠨᠡᠨ ᠢᠶᠠᠷ ᠠᠵᠢᠯᠯᠠᠭᠤᠯᠤᠭᠰᠠᠨ ᠠᠴᠠ ᠪᠣᠯᠵᠤ᠂ ᠰᠢᠷᠬᠠᠲᠤᠵᠤ ᠦᠬᠦᠭᠰᠡᠨ ᠬᠦᠨᠳᠦ ᠶᠡᠭᠡ ᠠᠳᠡᠯ ᠭᠠᠷᠭᠠᠭᠰᠠᠨ ᠪᠤᠶᠤ ᠪᠤᠰᠤᠳ ᠬᠦᠨᠳᠦ ᠨᠣᠴᠢᠲᠠᠢ ᠤᠷᠰᠢᠭ ᠲᠠᠲᠠᠭᠰᠠᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠨ᠎ᠡ᠃      ᠳᠠᠯᠠᠨ ᠬᠤᠶᠠᠳᠤᠭᠠᠷ ᠵᠤᠷᠪᠤᠰ ᠪᠦᠲᠦᠭᠡᠨ ᠪᠠᠶᠢᠭᠤᠯᠬᠤ ᠨᠢᠭᠡᠴᠢ ᠠᠴᠠ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠪᠠᠷᠢᠯᠭ᠎ᠠ ᠵᠢᠷᠤᠵᠤ ᠲᠥᠯᠥᠪᠯᠡᠬᠦ ᠨᠢᠭᠡᠴᠢ ᠪᠤᠶᠤ ᠪᠠᠷᠢᠯᠭ᠎ᠠ ᠪᠠᠷᠢᠬᠤ ᠠᠵᠤ ᠠᠬᠤᠶᠢᠯᠠᠯ ᠢ ᠪᠠᠷᠢᠯᠭ᠎ᠠ ᠶᠢᠨ ᠴᠢᠨᠠᠷ ᠴᠢᠨᠰᠠᠭ᠎ᠠ᠂ ᠠᠶᠦᠯᠭᠦᠢ ᠶᠢᠨ ᠪᠠᠷᠢᠮᠵᠢᠶ᠎ᠠ ᠶᠢ ᠳᠣᠭᠤᠭᠰᠢᠯᠠᠭᠤᠯᠬᠤ ᠭᠡᠵᠦ ᠱᠠᠭᠠᠷᠳᠠᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠵᠣᠭᠤᠰ ᠢᠶᠠᠷ ᠲᠣᠷᠭᠠᠵᠤ ᠪᠣᠯᠤᠨ᠎ᠠ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠨ᠎ᠡ᠃      ᠳᠠᠯᠠᠨ ᠭᠤᠷᠪᠠᠳᠤᠭᠠᠷ ᠵᠤᠷᠪᠤᠰ ᠪᠠᠷᠢᠯᠭ᠎ᠠ ᠵᠢᠷᠤᠵᠤ ᠲᠥᠯᠥᠪᠯᠡᠬᠦ ᠨᠢᠭᠡᠴᠢ ᠠᠴᠠ ᠪᠠᠷᠢᠯᠭ᠎ᠠ ᠶᠢᠨ ᠴᠢᠨᠠᠷ ᠴᠢᠨᠰᠠᠭ᠎ᠠ᠂ ᠠᠶᠦᠯᠭᠦᠢ ᠶᠢᠨ ᠪᠠᠷᠢᠮᠵᠢᠶ᠎ᠠ ᠶᠣᠰᠣᠭᠠᠷ ᠵᠢᠷᠤᠵᠤ ᠲᠥᠯᠥᠪᠯᠡᠭᠰᠡᠨ ᠥᠬᠡᠢ ᠪᠣᠯ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃ ᠪᠠᠷᠢᠯᠭ᠎ᠠ ᠶᠢᠨ ᠴᠢᠨᠠᠷ ᠴᠢᠨᠰᠠᠭ᠎ᠠ ᠶᠢᠨ ᠠᠳᠡᠯ ᠭᠠᠷᠭᠠᠭᠰᠠᠨ ᠪᠠᠶᠢᠪᠠᠯ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠵᠦ᠂ ᠬᠢᠷᠢ ᠬᠡᠮ ᠤᠨ ᠵᠡᠷᠭᠡ ᠳᠡᠰ ᠢ ᠨᠢ ᠪᠠᠭᠤᠷᠠᠭᠤᠯᠬᠤ ᠪᠤᠶᠤ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠥᠬᠡᠢ ᠪᠣᠯᠭᠠᠬᠤ ᠪᠥᠭᠡᠳ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠴᠤ᠂ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃ ᠬᠤᠬᠢᠷᠠᠯ ᠤᠴᠠᠷᠠᠭᠤᠯᠤᠭᠰᠠᠨ ᠪᠠᠶᠢᠪᠠᠯ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠨ᠎ᠡ᠃      ᠳᠠᠯᠠᠨ ᠳᠥᠷᠪᠡᠳᠦᠭᠡᠷ ᠵᠤᠷᠪᠤᠰ ᠪᠠᠷᠢᠯᠭ᠎ᠠ ᠪᠠᠷᠢᠬᠤ ᠠᠵᠤ ᠠᠬᠤᠶᠢᠯᠠᠯ ᠪᠠᠷᠢᠯᠭ᠎ᠠ ᠪᠠᠷᠢᠬᠤ ᠶᠠᠪᠤᠴᠠ ᠳ᠋ᠠᠭᠠᠨ‌ᠠᠵᠢᠯ ᠢ ᠳᠥᠭᠦᠮᠴᠢᠯᠡᠨ ᠮᠠᠲ᠋ᠧᠷᠢᠶᠠᠯ ᠢ ᠬᠠᠰᠤᠭᠰᠠᠨ᠂ ᠪᠠᠷᠢᠮᠵᠢᠶᠠᠨ ᠳᠤ ᠬᠦᠷᠬᠦ ᠦᠭᠡᠢ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠪᠦᠲᠦᠴᠡ ᠲᠣᠨᠤᠭ ᠰᠡᠯᠪᠢᠭᠡᠰᠦ ᠪᠠ ᠲᠣᠨᠤᠭ ᠲᠥᠬᠦᠭᠡᠷᠦᠮᠵᠢ ᠶᠢ ᠬᠡᠷᠡᠭᠯᠡᠭᠰᠡᠨ ᠪᠤᠶᠤ ᠪᠠᠷᠢᠯᠭ᠎ᠠ ᠶᠢᠨ ᠵᠢᠷᠤᠭ ᠲᠥᠯᠥᠪᠯᠡᠭᠡ ᠪᠤᠶᠤ ᠪᠠᠷᠢᠯᠭ᠎ᠠ ᠪᠠᠷᠢᠬᠤ ᠮᠡᠷᠭᠡᠵᠢᠯ ᠤᠨ ᠪᠠᠷᠢᠮᠵᠢᠶ᠎ᠠ ᠶᠣᠰᠣᠭᠠᠷ ᠪᠠᠷᠢᠯᠭ᠎ᠠ ᠪᠠᠷᠢᠭᠰᠠᠨ ᠥᠬᠡᠢ ᠡᠰᠡᠬᠦᠯ᠎ᠡ ᠪᠤᠰᠤᠳ ᠠᠵᠢᠯᠯᠠᠭ᠎ᠠ   ᠲᠠᠢ ᠪᠣᠯ ᠵᠠᠷᠯᠢᠭᠳᠠᠨ ᠵᠠᠯᠠᠷᠠᠭᠤᠯᠵᠤ᠂ ᠵᠣᠭᠤᠰ ᠢᠶᠠᠷ ᠲᠣᠷᠭᠠᠨ᠎ᠠ ᠃ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠵᠦ᠂ ᠬᠢᠷᠢ ᠬᠡᠮ ᠤᠨ ᠵᠡᠷᠭᠡ ᠳᠡᠰ ᠢ ᠨᠢ ᠪᠠᠭᠤᠷᠠᠭᠤᠯᠬᠤ ᠪᠤᠶᠤ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠥᠬᠡᠢ ᠪᠣᠯᠭᠠᠨ᠎ᠠ᠃ ᠪᠠᠷᠢᠯᠭ᠎ᠠ ᠶᠢᠨ ᠴᠢᠨᠠᠷ ᠴᠢᠨᠰᠠᠭ᠎ᠠ ᠨᠢ ᠲᠣᠭᠲᠠᠭᠠᠭᠰᠠᠨ ᠴᠢᠨᠠᠷ ᠴᠢᠨᠰᠠᠭ᠎ᠠ ᠶᠢᠨ ᠪᠠᠷᠢᠮᠵᠢᠶ᠎ᠠ ᠳᠤ ᠦᠯᠦ ᠨᠡᠶᠢᠴᠡᠬᠦ ᠳᠤᠨᠢ ᠲᠠᠬᠢᠵᠤ ᠭᠦᠢᠴᠡᠳᠬᠡᠬᠦ᠂ ᠰᠡᠯᠪᠢᠨ ᠵᠠᠰᠠᠬᠤ ᠶᠢ ᠬᠠᠷᠢᠭᠤᠴᠠᠬᠤ ᠪᠥᠭᠡᠳ ᠡᠭᠦᠨ ᠠᠴᠠ ᠪᠣᠯᠤᠭᠰᠠᠨ ᠬᠤᠬᠢᠷᠠᠯ ᠢ ᠲᠥᠯᠥᠬᠦ ᠬᠡᠷᠡᠭᠲᠡᠢ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠨ᠎ᠡ᠃      ᠳᠠᠯᠠᠨ ᠲᠠᠪᠤᠳᠤᠭᠠᠷ ᠵᠤᠷᠪᠤᠰ ᠪᠠᠷᠢᠯᠭ᠎ᠠ ᠪᠠᠷᠢᠬᠤ ᠠᠵᠤ ᠠᠬᠤᠶᠢᠯᠠᠯ ᠠᠴᠠ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠰᠡᠯᠪᠢᠨ ᠵᠠᠰᠠᠬᠤ ᠪᠠᠲᠤᠯᠠᠭ᠎ᠠ ᠶᠢᠨ ᠡᠭᠦᠷᠭᠡ ᠪᠠᠨ ᠭᠦᠢᠴᠡᠳᠬᠡᠬᠦ ᠦᠭᠡᠢ ᠪᠤᠶᠤ ᠰᠡᠯᠪᠢᠨ ᠵᠠᠰᠠᠬᠤ ᠪᠠᠲᠤᠯᠠᠭ᠎ᠠ ᠶᠢᠨ ᠡᠭᠦᠷᠭᠡ ᠪᠠᠨ ᠭᠦᠢᠴᠡᠳᠬᠡᠬᠦ ᠶᠢ ᠬᠤᠶᠢᠰᠢᠯᠠᠭᠤᠯᠪᠠᠯ᠂ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠵᠦ ᠪᠣᠯᠬᠤ ᠪᠥᠭᠡᠳ ᠰᠡᠯᠪᠢᠨ ᠵᠠᠰᠠᠬᠤ ᠪᠠᠲᠤᠯᠠᠭ᠎ᠠ ᠶᠢᠨ ᠬᠤᠭᠤᠴᠠᠭᠠᠨ  ᠳᠤ ᠭᠡᠷ ᠤᠨ ᠣᠷᠣᠢ᠂ ᠬᠡᠷᠡᠮ ᠨᠡᠪᠴᠢᠵᠦ ᠭᠤᠭᠤᠵᠢᠬᠤ᠂ ᠠᠩ ᠭᠠᠷᠬᠤ ᠵᠡᠷᠭᠡ ᠴᠢᠨᠠᠷ ᠴᠢᠨᠰᠠᠭ᠎ᠠ ᠶᠢᠨ ᠭᠡᠮ ᠰᠡᠮ  ᠠᠴᠠ ᠪᠣᠯᠤᠭᠰᠠᠨ ᠬᠤᠬᠢᠷᠠᠯ ᠳᠤ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠨ᠎ᠡ᠃      ᠳᠠᠯᠠᠨ ᠵᠢᠷᠭᠤᠳᠤᠭᠠᠷ ᠵᠤᠷᠪᠤᠰ ᠲᠤᠰ ᠬᠠᠤᠯᠢ ᠳᠤ ᠲᠣᠭᠲᠠᠭᠠᠭᠰᠠᠨ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠬᠦ᠂ ᠬᠢᠷᠢ ᠬᠡᠮ ᠤᠨ ᠵᠡᠷᠭᠡ ᠳᠡᠰ ᠢ ᠨᠢ ᠪᠠᠭᠤᠷᠠᠭᠤᠯᠬᠤ ᠪᠤᠶᠤ ᠬᠢᠷᠢ ᠬᠡᠮ ᠤᠨ ᠦᠨᠡᠮᠯᠡᠯ ᠢ  ᠨᠢ ᠬᠤᠷᠢᠶᠠᠨ ᠠᠪᠴᠤ ᠬᠦᠴᠦᠨ ᠥᠬᠡᠢ ᠪᠣᠯᠭᠠᠬᠤ ᠵᠡᠷᠭᠡ ᠵᠠᠰᠠᠭ ᠵᠠᠬᠢᠷᠭᠠᠨ ᠤ ᠰᠢᠢᠳᠬᠡᠯ ᠢ ᠬᠢᠷᠢ ᠬᠡᠮ ᠤᠨ ᠦᠨᠡᠮᠯᠡᠯ ᠣᠯᠭᠤᠭᠰᠠᠨ ᠪᠠᠶᠢᠭᠤᠯᠤᠯᠭ᠎ᠠ ᠠᠴᠠ ᠲᠣᠭᠲᠠᠭᠠᠨ᠎ᠠ᠃ ᠵᠠᠰᠠᠭ ᠵᠠᠬᠢᠷᠭᠠᠨ ᠤ ᠪᠤᠰᠤᠳ ᠰᠢᠢᠳᠬᠡᠯ ᠢ ᠪᠦᠲᠦᠭᠡᠨ ᠪᠠᠶᠢᠭᠤᠯᠤᠯᠲᠠ‌‍ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠤᠯᠢ ᠴᠠᠭᠠᠵᠠ ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶ᠎ᠡ ᠶᠣᠰᠣᠭᠠᠷ ᠲᠣᠭᠲᠠᠭᠠᠨ᠎ᠠ᠃      ᠲᠤᠰ ᠬᠠᠤᠯᠢ ᠶᠢᠨ ᠲᠣᠭᠲᠠᠭᠠᠯ ᠶᠣᠰᠣᠭᠠᠷ ᠬᠢᠷᠢ ᠬᠡᠮ ᠤᠨ ᠦᠨᠡᠮᠯᠡᠯ ᠢᠶᠠᠨ ᠬᠤᠷᠢᠶᠠᠭᠳᠠᠵᠤ ᠬᠦᠴᠦᠨ ᠦᠭᠡᠢ ᠪᠣᠯᠭᠠᠭᠳᠠᠭᠰᠠᠨ ᠪᠠᠶᠢᠪᠠᠯ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠡᠭᠦᠨ ᠤ ᠡᠵᠡᠩᠨᠡᠯᠲᠡ ᠶᠢᠨ ᠭᠡᠷᠡᠴᠢ ᠶᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃      ᠳᠠᠯᠠᠨ ᠳᠣᠯᠣᠳᠤᠭᠠᠷ ᠵᠤᠷᠪᠤᠰ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠬᠢᠷᠢ ᠬᠡᠮ ᠤᠨ ᠵᠡᠷᠭᠡ ᠳᠡᠰ  ᠤᠨ ᠵᠣᠬᠢᠴᠠᠩᠭᠤᠢ ᠨᠥᠬᠦᠴᠡᠯ ᠪᠦᠷᠢᠯᠳᠦᠭᠦᠯᠦᠭᠡᠳᠦᠢ ᠨᠢᠭᠡᠴᠢ ᠳᠤ ᠲᠤᠰ ᠵᠡᠷᠭᠡ ᠳᠡᠰ ᠤᠨ ᠬᠢᠷᠢ ᠬᠡᠮ ᠤᠨ ᠦᠨᠡᠮᠯᠡᠯ ᠣᠯᠭᠤᠭᠰᠠᠨ ᠪᠠᠶᠢᠪᠠᠯ᠂ ᠲᠡᠭᠦᠨ ᠤ ᠳᠡᠭᠡᠷ᠎ᠡ ᠱᠠᠲᠤᠨ ᠤ ᠪᠠᠶᠢᠭᠤᠯᠤᠯᠭ᠎ᠠ ᠠᠴᠠ ᠵᠠᠷᠯᠢᠭᠳᠠᠵᠤ ᠪᠠᠶᠢᠭᠠᠳ ᠣᠯᠭᠤᠭᠰᠠᠨ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠵᠠᠰᠠᠭ ᠵᠠᠬᠢᠷᠭᠠᠨ ᠤ ᠰᠢᠢᠳᠬᠡᠯ ᠣᠯᠭᠤᠨ᠎ᠠ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠨ᠎ᠡ᠃      ᠳᠠᠯᠠᠨ ᠨᠠᠢᠮᠠᠳᠤᠭᠠᠷ ᠵᠤᠷᠪᠤᠰ ᠵᠠᠰᠠᠭ ᠤᠨ ᠣᠷᠳᠣᠨ ᠪᠣᠯᠤᠨ ᠲᠡᠭᠦᠨ ᠤ ᠬᠠᠷᠢᠶ᠎ᠠ ᠰᠠᠯᠠᠭ᠎ᠠ ᠮᠥᠴᠢᠷ ᠤᠨ ᠠᠵᠢᠯᠲᠠᠨ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠳᠠᠭᠠᠭᠠᠴᠢᠯᠠᠭᠤᠯᠬᠤ ᠨᠢᠭᠡᠴᠢ ᠶᠢᠨ ᠳᠠᠭᠠᠭᠠᠴᠢᠯᠠᠯᠲᠠ ᠵᠠᠷᠯᠠᠨ ᠳᠠᠭᠠᠭᠠᠴᠢᠯᠠᠭᠤᠯᠬᠤ ᠪᠠᠷᠢᠯᠭ᠎ᠠ ᠶᠢᠨ ᠠᠵᠢᠯ ᠢ ᠵᠢᠭᠠᠨ ᠲᠣᠭᠲᠠᠭᠠᠭᠰᠠᠨ ᠳᠠᠭᠠᠭᠠᠴᠢᠯᠠᠬᠤ ᠨᠢᠭᠡᠴᠢ ᠳᠤ ᠳᠠᠭᠠᠭᠠᠴᠢᠯᠠᠭᠤᠯᠵᠤ ᠥᠭᠭᠦᠭᠦᠯᠬᠦ ᠪᠠᠷ ᠬᠢᠵᠠᠭᠠᠷᠯᠠᠨ ᠲᠣᠭᠲᠠᠭᠠᠭᠰᠠᠨ ᠪᠠᠶᠢᠪᠠᠯ᠂ ᠳᠡᠭᠡᠷ᠎ᠡ ᠱᠠᠲᠤᠨ ᠤ ᠪᠠᠶᠢᠭᠤᠯᠤᠯᠭ᠎ᠠ  ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠤᠨ᠎ᠠ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠨ᠎ᠡ᠃      ᠳᠠᠯᠠ ᠶᠢᠰᠦᠳᠦᠭᠡᠷ ᠵᠤᠷᠪᠤᠰ ᠪᠠᠷᠢᠯᠭ᠎ᠠ ᠶᠢᠨ ᠠᠵᠢᠯ ᠭᠦᠢᠴᠡᠳᠬᠡᠬᠦ ᠵᠥᠪᠰᠢᠶᠡᠷᠡᠯ ᠤᠨ ᠦᠨᠡᠮᠯᠡᠯ ᠣᠯᠭᠤᠬᠤ  ᠶᠢ ᠬᠠᠷᠢᠭᠤᠴᠠᠵᠤ ᠪᠠᠶᠢᠭ᠎ᠠ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠨ ᠪᠠᠷᠢᠯᠭ᠎ᠠ ᠪᠠᠷᠢᠬᠤ ᠨᠥᠬᠦᠴᠡᠯ ᠳᠤ ᠦᠯᠦ ᠨᠡᠶᠢᠴᠡᠬᠦ ᠪᠠᠷᠢᠯᠭ᠎ᠠ ᠶᠢᠨ ᠠᠵᠢᠯ ᠳᠤ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠣᠯᠭᠤᠭᠰᠠᠨ᠂ ᠪᠠᠷᠢᠯᠭ᠎ᠠ ᠶᠢᠨ ᠴᠢᠨᠠᠷ ᠴᠢᠨᠰᠠᠭ᠎ᠠ ᠶᠢ ᠬᠢᠨᠠᠵᠤ ᠪᠠᠶᠢᠴᠠᠭᠠᠬᠤ ᠪᠤᠶᠤ ᠪᠠᠷᠢᠯᠭ᠎ᠠ ᠳᠠᠭᠤᠰᠴᠤ ᠰᠢᠯᠭᠠᠨ ᠠᠪᠬᠤ ᠶᠢ ᠬᠠᠷᠢᠭᠤᠴᠠᠬᠤ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠨ ᠨᠢ ᠬᠢᠷᠢ ᠲᠡᠩᠴᠡᠬᠦ ᠦᠭᠡᠢ ᠪᠠᠷᠢᠯᠭ᠎ᠠ ᠳᠤ ᠪᠠᠷᠢᠯᠭ᠎ᠠ ᠶᠢᠨ ᠠᠵᠢᠯ ᠤᠨ ᠴᠢᠨᠠᠷ ᠴᠢᠨᠰᠠᠭ᠎ᠠ ᠶᠢᠨ ᠬᠢᠷᠢ ᠲᠡᠩᠴᠡᠭᠰᠡᠨ ᠪᠢᠴᠢᠭ ᠮᠠᠲ᠋ᠧᠷᠢᠶᠠᠯ ᠭᠠᠷᠭᠠᠬᠤ ᠪᠤᠶᠤ ᠬᠢᠷᠢ ᠲᠡᠩᠴᠡᠭᠰᠡᠨ ᠪᠠᠷᠢᠯᠭ᠎ᠠ ᠪᠠᠷ ᠰᠢᠯᠭᠠᠨ ᠠᠪᠤᠭᠰᠠᠨ᠂ ᠶᠠᠯ᠎ᠠ ᠪᠣᠯᠵᠤ ᠪᠦᠷᠢᠯᠳᠦᠭᠰᠡᠨ ᠢ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠨ᠎ᠡ᠃ ᠬᠤᠬᠢᠷᠠᠯ ᠤᠴᠠᠷᠠᠭᠤᠯᠤᠭᠰᠠᠨ ᠪᠠᠶᠢᠪᠠᠯ ᠲᠤᠰ ᠰᠠᠯᠠᠭ᠎ᠠ ᠮᠥᠴᠢᠷ ᠵᠣᠬᠢᠴᠠᠩᠭᠤᠢ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠨ᠎ᠡ᠃      ᠨᠠᠶᠠᠳᠤᠭᠠᠷ ᠵᠤᠷᠪᠤᠰ ᠪᠠᠷᠢᠯᠭ᠎ᠠ ᠶᠢᠨ ᠵᠦᠢ ᠵᠣᠬᠢᠰᠲᠠᠢ ᠬᠡᠷᠡᠭᠯᠡᠬᠦ ᠬᠤᠭᠤᠴᠠᠭᠠᠨ ᠳᠤ᠂ ᠪᠠᠷᠢᠯᠭ᠎ᠠ ᠶᠢᠨ ᠠᠵᠢᠯ  ᠤᠨ ᠴᠢᠨᠠᠷ ᠴᠢᠨᠰᠠᠭ᠎ᠠ ᠬᠢᠷᠢ ᠳᠤ ᠲᠡᠩᠴᠡᠬᠦ ᠥᠬᠡᠢ ᠠᠴᠠ ᠪᠣᠯᠵᠤ ᠬᠤᠬᠢᠷᠠᠯ ᠠᠮᠰᠠᠭᠰᠠᠨ ᠪᠠᠶᠢᠪᠠᠯ᠂ ᠬᠠᠷᠢᠭᠤᠴᠠᠯᠭ᠎ᠠ  ᠲᠠᠢ ᠡᠲᠡᠭᠡᠳ ᠢᠶᠠᠷ ᠲᠥᠯᠥᠭᠦᠯᠬᠦ ᠱᠠᠭᠠᠷᠳᠠᠯᠭ᠎ᠠ ᠲᠠᠯᠪᠢᠬᠤ ᠡᠷᠬᠡ ᠲᠠᠢ᠃      ᠨᠠᠢᠮᠠᠳᠤᠭᠠᠷ ᠪᠦᠯᠦᠭ ᠬᠠᠪᠰᠤᠷᠤᠯᠲᠠ ᠳᠦᠷᠢᠮ      ᠨᠠᠶᠠᠨ ᠨᠢᠭᠡᠳᠦᠭᠡᠷ ᠵᠤᠷᠪᠤᠰ ᠲᠤᠰ ᠬᠠᠤᠯᠢ ᠳᠠᠬᠢ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠬᠤ ᠪᠠ ᠪᠠᠷᠢᠯᠭ᠎ᠠ ᠶᠢᠨ ᠠᠵᠢᠯ ᠢ ᠳᠠᠭᠠᠭᠠᠴᠢᠯᠠᠭᠤᠯᠬᠤ᠂ ᠳᠠᠭᠠᠭᠠᠴᠢᠯᠠᠬᠤ᠂ ᠰᠢᠯᠵᠢᠭᠦᠯᠵᠦ ᠳᠠᠭᠠᠭᠠᠴᠢᠯᠠᠭᠤᠯᠬᠤ ᠶᠢ ᠬᠤᠷᠢᠭᠯᠠᠬᠤ ᠵᠢᠴᠢ ᠪᠠᠷᠢᠯᠭ᠎ᠠ ᠶᠢᠨ ᠠᠵᠢᠯ ᠢ ᠬᠢᠨᠠᠵᠤ ᠬᠠᠮᠢᠶᠠᠷᠬᠤ᠂ ᠪᠠᠷᠢᠯᠭ᠎ᠠ ᠶᠢᠨ ᠠᠵᠢᠯ ᠤᠨ ᠠᠶᠦᠯᠭᠦᠢ ᠪᠠ ᠴᠢᠨᠠᠷ ᠴᠢᠨᠰᠠᠭ᠎ᠠ ᠶᠢ ᠬᠠᠮᠢᠶᠠᠷᠬᠤ ᠲᠤᠬᠠᠢ ᠲᠣᠭᠲᠠᠭᠠᠯ᠂ ᠪᠤᠰᠤᠳ ᠲᠤᠰᠬᠠᠢ ᠪᠠᠷᠢᠯᠭ᠎ᠠ ᠪᠠᠷᠢᠬᠤ ᠪᠠᠷᠢᠯᠭ᠎ᠠ ᠶᠢᠨ ᠠᠵᠢᠯᠯᠠᠭ᠎ᠠ ᠳᠤ ᠬᠡᠷᠡᠭᠯᠡᠬᠦ ᠪᠣᠳᠠᠲᠠᠢ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶᠠᠨ ᠠᠴᠠ ᠲᠣᠭᠲᠠᠭᠠᠨ᠎ᠠ᠃      ᠨᠠᠶᠠᠨ ᠬᠤᠶᠠᠳᠤᠭᠠᠷ ᠵᠤᠷᠪᠤᠰ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠪᠤᠰᠤᠳ ᠰᠠᠯᠠᠭ᠎ᠠ ᠮᠥᠴᠢᠷ ᠤᠳ ᠪᠠᠷᠢᠯᠭ᠎ᠠ ᠶᠢᠨ ᠠᠵᠢᠯᠯᠠᠭ᠎ᠠ ᠶᠢ ᠬᠢᠨᠠᠨ ᠬᠠᠮᠢᠶᠠᠷᠬᠤ ᠶᠠᠪᠤᠴᠠ ᠳᠠᠭᠠᠨ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠦᠢᠳᠬᠡᠯ ᠠᠪᠬᠤ ᠠᠴᠠ ᠭᠠᠳᠠᠨ᠎ᠠ ᠪᠤᠰᠤᠳ ᠰᠦᠢᠳᠬᠡᠯ ᠠᠪᠴᠤ ᠪᠣᠯᠬᠤ ᠦᠭᠡᠢ᠃ ᠨᠠᠶᠠᠨ ᠭᠤᠷᠪᠠᠳᠤᠭᠠᠷ ᠵᠤᠷᠪᠤᠰ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠠᠭ᠎ᠠ ᠬᠡᠯᠪᠡᠷᠢ ᠶᠢᠨ ᠭᠡᠷ ᠪᠠᠶᠢᠰᠢᠩ ᠪᠠᠷᠢᠬᠤ ᠪᠠᠷᠢᠯᠭ᠎ᠠ ᠶᠢᠨ ᠠᠵᠢᠯᠯᠠᠭ᠎ᠠ  ᠳᠤ ᠲᠤᠰ ᠬᠠᠤᠯᠢ ᠶᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃      ᠲᠡᠦᠬᠡ ᠶᠢᠨ ᠳᠤᠷᠠᠰᠬᠠᠯᠲᠤ ᠵᠦᠢᠯᠡᠰ ᠪᠣᠯᠭᠠᠨ ᠬᠠᠮᠠᠭᠠᠯᠠᠬᠤ ᠪᠠᠷ ᠬᠠᠤᠯᠢ ᠶᠣᠰᠣᠭᠠᠷ ᠬᠢᠨᠠᠨ ᠲᠣᠭᠲᠠᠭᠠᠭᠰᠠᠨ ᠳᠤᠷᠠᠰᠬᠠᠯᠲᠤ ᠪᠠᠷᠢᠯᠭ᠎ᠠ ᠪᠠ ᠡᠷᠲᠡᠨ ᠤ ᠪᠠᠷᠢᠯᠭ᠎ᠠ ᠵᠡᠷᠭᠡ ᠶᠢ ᠰᠡᠯᠪᠢᠨ ᠵᠠᠰᠠᠬᠤ ᠳᠠᠭᠠᠨ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠤᠬᠠᠢ ᠬᠤᠯᠪᠣᠭᠳᠠᠯ ᠪᠦᠬᠦᠢ ᠬᠠᠤᠯᠢ ᠶᠢᠨ ᠲᠣᠭᠲᠠᠭᠠᠯ ᠢ ᠵᠢᠷᠤᠮᠯᠠᠨ ᠬᠡᠷᠡᠭᠵᠢᠭᠦᠯᠦᠨ᠎ᠡ᠃      ᠠᠶᠤᠯ ᠠᠴᠠ ᠠᠪᠤᠷᠠᠨ ᠭᠠᠮᠰᠢᠭ ᠠᠴᠠ ᠲᠡᠩᠬᠡᠷᠡᠭᠦᠯᠬᠦ ᠭᠡᠷ ᠪᠠᠶᠢᠰᠢᠩ ᠵᠢᠴᠢ ᠪᠤᠰᠤᠳ ᠲᠦᠷ ᠴᠠᠭ ᠤᠨ ᠭᠡᠷ ᠪᠠᠶᠢᠰᠢᠩ ᠤᠨ ᠪᠠᠷᠢᠯᠭ᠎ᠠ ᠪᠠ ᠲᠠᠷᠢᠶᠠᠴᠢᠳ ᠤᠨ ᠥᠪᠡᠷ ᠢᠶᠠᠨ ᠪᠠᠷᠢᠬᠤ ᠪᠣᠭᠤᠨᠢ ᠣᠷᠣᠨ ᠰᠠᠭᠤᠴᠠ ᠶᠢᠨ ᠪᠠᠷᠢᠯᠭ᠎ᠠ  ᠶᠢᠨ ᠠᠵᠢᠯᠯᠠᠭ᠎ᠠ ᠳᠤ ᠲᠤᠰ ᠬᠠᠤᠯᠢ ᠶᠢ ᠬᠡᠷᠡᠭᠯᠡᠬᠦ ᠥᠬᠡᠢ᠃      ᠨᠠᠶᠠᠨ ᠳᠥᠷᠪᠡᠳᠦᠭᠡᠷ ᠵᠤᠷᠪᠤᠰ ᠴᠡᠷᠢᠭ ᠤᠨ ᠬᠡᠷᠡᠭᠯᠡᠭᠡᠨ ᠤ ᠭᠡᠷ ᠪᠠᠶᠢᠰᠢᠩ ᠪᠠᠷᠢᠬᠤ ᠪᠠᠷᠢᠯᠭ᠎ᠠ ᠶᠢᠨ ᠠᠵᠢᠯᠯᠠᠭ᠎ᠠ ᠶᠢᠨ ᠪᠣᠳᠠᠲᠠᠢ ᠬᠠᠮᠢᠶᠠᠷᠤᠯᠲᠠ ᠶᠢᠨ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ ᠲᠤᠰ ᠬᠠᠤᠯᠢ ᠶᠢ ᠦᠨᠳᠦᠰᠦᠯᠡᠵᠦ ᠲᠣᠭᠲᠠᠭᠠᠨ᠎ᠠ᠃      ᠨᠠᠶᠠᠨ ᠲᠠᠪᠤᠳᠤᠭᠠᠷ ᠵᠤᠷᠪᠤᠰ ᠲᠤᠰ ᠬᠠᠤᠯᠢ ᠶᠢ 1998 ᠣᠨ ᠤ 3 ᠳ᠋ᠤᠭᠠᠷ ᠰᠠᠷ᠎ᠠ ᠶᠢᠨ 1 ᠤ ᠡᠳᠦᠷ  ᠠᠴᠠ ᠬᠡᠷᠡᠭᠵᠢᠭᠦᠯᠦᠨ᠎ᠡ᠃                   ᠡᠷᠳᠡᠨᠢᠬᠦᠦ᠂ ᠰᠤᠶᠤᠯᠲᠤ᠂ ᠣᠳᠣᠨ᠂ ᠨᠠᠰᠤᠨᠵᠢᠷᠭᠠᠯ᠂ ᠨᠠᠮᠤᠷ ᠨᠠᠷ ᠣᠷᠴᠢᠭᠤᠯᠤᠨ ᠨᠠᠶᠢᠷᠠᠭᠤᠯᠵᠤ ᠬᠢᠨᠠᠪᠠ
 
ᠢᠷᠡᠯᠲᠡ᠄ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号