ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ  ᠶᠢᠨ ᠤᠯᠠᠮᠵᠢᠯᠠᠨ ᠳᠠᠮᠵᠢᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾
ᠨᠡᠶᠢᠲᠡᠯᠡᠭᠰᠡᠨ ᠴᠠᠭ᠄
2025/6/13
            ︵1988 ᠣᠨ ᠤ 1 ᠳ᠋ᠦ᠋ᠭᠡᠷ ᠰᠠᠷ᠎ᠠ ᠶᠢᠨ 21 ᠤ ᠡᠳᠦᠷ ᠵᠢᠷᠭᠤᠳᠤᠭᠠᠷ ᠬᠤᠭᠤᠴᠠᠭᠠᠨ ᠤ ᠪᠦᠭᠦ ᠤᠯᠤᠰ  ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠥᠷᠪᠡᠳᠦᠭᠡᠷ ᠬᠤᠷᠠᠯᠳᠤᠭᠠᠨ ᠠᠴᠠ ᠪᠠᠲᠤᠯᠠᠪᠠ 2002 ᠣᠨ ᠤ 8 ᠳ᠋ᠤᠭᠠᠷ ᠰᠠᠷ᠎ᠠ ᠶᠢᠨ 29 ᠤ ᠡᠳᠦᠷ ᠶᠢᠰᠦᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢ ᠶᠢᠰᠦᠳᠦᠭᠡᠷ ᠬᠤᠷᠠᠯᠳᠤᠭᠠᠨ ᠠᠴᠠ ᠵᠠᠰᠠᠪᠤᠷᠢ ᠣᠷᠣᠭᠤᠯᠪᠠ 2009 ᠣᠨ ᠤ 8 ᠳ᠋ᠤᠭᠠᠷ ᠰᠠᠷ᠎ᠠ  ᠶᠢᠨ 27 ᠤ ᠡᠳᠦᠷ ᠠᠷᠪᠠᠨ ᠨᠢᠭᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠳᠤᠭᠠᠷ ᠬᠤᠷᠠᠯᠳᠤᠭᠠᠨ ᠤ ︽ᠬᠡᠰᠡᠭ ᠬᠠᠤᠯᠢ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ︾ ᠢ ᠦᠨᠳᠦᠰᠦᠯᠡᠨ ᠠᠩᠬ᠎ᠠ ᠤᠳᠠᠭ᠎ᠠ ᠵᠠᠰᠠᠪᠤᠷᠢ ᠣᠷᠣᠭᠤᠯᠪᠠ 2016 ᠣᠨ ᠤ 7 ᠳ᠋ᠤᠭᠠᠷ ᠰᠠᠷ᠎ᠠ ᠶᠢᠨ 2 ᠤ ᠡᠳᠦᠷ ᠤᠨ ᠠᠷᠪᠠᠨ ᠬᠤᠶᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯᠳᠤᠭᠠᠨ ᠤ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠶᠢᠨ ᠰᠤᠷᠪᠤᠯᠵᠢ ᠶᠢ ᠠᠷᠪᠢᠯᠠᠨ ᠭᠠᠮᠨᠠᠬᠤ ᠬᠠᠤᠯᠢ﹀ ᠵᠡᠷᠭᠡ ᠵᠢᠷᠭᠤᠭᠠᠨ ᠬᠡᠰᠡᠭ ᠤᠨ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ︾ ᠢ ᠦᠨᠳᠦᠰᠦᠯᠡᠨ ᠬᠤᠶᠠᠳᠤᠭᠠᠷ ᠤᠳᠠᠭ᠎ᠠ ᠵᠠᠰᠠᠪᠠ︶       ᠨᠢᠭᠡᠳᠦᠭᠡᠷ ᠪᠦᠯᠦᠭ ᠶᠡᠷᠦᠩᠬᠡᠢ ᠳᠦᠷᠢᠮ       ᠨᠢᠭᠡᠳᠦᠭᠡᠷ ᠵᠦᠢᠯ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ᠂ ᠠᠷᠪᠢᠯᠠᠬᠤ ᠪᠠ ᠬᠠᠮᠠᠭᠠᠯᠠᠵᠤ᠂ ᠤᠰᠤᠨ ᠤ ᠬᠥᠨᠥᠭᠡᠯ ᠢ ᠰᠡᠷᠭᠡᠶᠢᠯᠡᠨ ᠵᠠᠰᠠᠵᠤ᠂ ᠤᠰᠤᠨ ᠤ ᠡᠬᠢ ᠪᠠᠶᠠᠯᠢᠭ ᠤᠨ ᠦᠷᠭᠦᠯᠵᠢᠯᠡᠬᠦ ᠠᠰᠢᠭᠯᠠᠯᠲᠠ ᠶᠢ ᠪᠡᠶᠡᠯᠡᠭᠦᠯᠵᠦ᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠬᠤ ᠵᠣᠷᠢᠯᠭ᠎ᠠ ᠪᠠᠷ ᠲᠤᠰ ᠬᠠᠤᠯᠢ ᠶᠢ ᠲᠣᠭᠲᠠᠭᠠᠪᠠ᠃       ᠬᠤᠶᠠᠳᠤᠭᠠᠷ ᠵᠦᠢᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠳᠡᠪᠢᠰᠬᠡᠷ ᠳᠡᠭᠡᠷ᠎ᠡ ᠤᠰᠤᠨ ᠤ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ᠂ ᠠᠷᠪᠢᠯᠠᠬᠤ᠂ ᠬᠠᠮᠠᠭᠠᠯᠠᠬᠤ᠂ ᠬᠠᠮᠢᠶᠠᠷᠬᠤ᠂ ᠤᠰᠤᠨ ᠤ ᠬᠥᠨᠥᠭᠡᠯ ᠢ ᠰᠡᠷᠭᠡᠶᠢᠯᠡᠨ ᠵᠠᠰᠠᠬᠤ ᠳᠤ ᠲᠤᠰ ᠬᠠᠤᠯᠢ ᠶᠢ ᠬᠡᠷᠡᠭᠯᠡᠨ᠎ᠡ᠃       ᠲᠤᠰ ᠬᠠᠤᠯᠢ ᠳᠤ ᠬᠡᠯᠡᠵᠦ ᠪᠠᠶᠢᠭ᠎ᠠ ᠤᠰᠤᠨ ᠤ ᠡᠬᠢ ᠪᠠᠶᠠᠯᠢᠭ ᠲᠤ ᠭᠠᠵᠠᠷ ᠳᠡᠭᠡᠷᠡᠬᠢ ᠤᠰᠤ ᠪᠠ ᠭᠠᠵᠠᠷ ᠳᠣᠣᠷᠠᠬᠢ ᠤᠰᠤ ᠪᠠᠭᠲᠠᠨ᠎ᠠ᠃       ᠭᠤᠷᠪᠠᠳᠤᠭᠠᠷ ᠵᠦᠢᠯ ᠤᠰᠤᠨ ᠤ ᠡᠬᠢ ᠪᠠᠶᠠᠯᠢᠭ ᠪᠣᠯ ᠤᠯᠤᠰ ᠤᠨ ᠥᠮᠴᠢ ᠮᠥᠨ᠃ ᠤᠰᠤᠨ ᠤ ᠡᠬᠢ ᠪᠠᠶᠠᠯᠢᠭ ᠤᠨ ᠥᠮᠴᠢᠯᠡᠬᠦ ᠡᠷᠬᠡ ᠶᠢ ᠲᠥᠷᠥ ᠶᠢᠨ ᠶᠠᠪᠤᠳᠠᠯ ᠤᠨ ᠬᠤᠷᠢᠶ᠎ᠠ ᠤᠯᠤᠰ ᠢ ᠲᠥᠯᠥᠭᠡᠯᠡᠨ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠨᠠᠭᠤᠷ ᠲᠣᠭᠤᠷᠢᠮ ᠪᠣᠯᠣᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠵᠠᠰᠠᠵᠤ ᠪᠠᠶᠢᠭᠤᠯᠤᠭᠠᠳ ᠬᠠᠮᠢᠶᠠᠷᠴᠤ ᠪᠦᠬᠦᠢ ᠴᠥᠭᠦᠷᠥᠮ ᠤᠨ ᠤᠰᠤ ᠶᠢ ᠲᠤᠰ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠬᠡᠷᠡᠭᠯᠡᠨ᠎ᠡ᠃       ᠳᠥᠷᠪᠡᠳᠦᠭᠡᠷ ᠵᠦᠢᠯ ᠤᠰᠤᠨ ᠤ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ᠂ ᠠᠷᠪᠢᠯᠠᠬᠤ᠂ ᠬᠠᠮᠠᠭᠠᠯᠠᠬᠤ ᠪᠠ ᠤᠰᠤᠨ ᠤ ᠬᠥᠨᠥᠭᠡᠯ ᠢ ᠰᠡᠷᠭᠡᠶᠢᠯᠡᠨ ᠵᠠᠰᠠᠬᠤ ᠳᠤ ᠪᠦᠭᠦ ᠲᠠᠯ᠎ᠠ ᠪᠠᠷ ᠲᠥᠯᠥᠪᠵᠢᠭᠦᠯᠵᠦ᠂ ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ ᠵᠡᠷᠭᠡᠪᠡᠷ ᠵᠠᠰᠠᠵᠤ ᠂ ᠶᠡᠷᠦᠩᠬᠡᠶᠢᠯᠡᠨ ᠠᠰᠢᠭᠯᠠᠵᠤ᠂ ᠦᠷ᠎ᠡ ᠠᠰᠢᠭ ᠢ ᠡᠷᠬᠢᠮᠯᠡᠵᠦ᠂ ᠤᠰᠤᠨ ᠤ ᠡᠬᠢ ᠪᠠᠶᠠᠯᠢᠭ ᠤᠨ ᠣᠯᠠᠨ ᠵᠦᠢᠯ ᠤᠨ ᠴᠢᠳᠠᠪᠤᠷᠢ ᠶᠢ ᠪᠠᠳᠠᠷᠠᠭᠤᠯᠤᠨ᠂ ᠠᠮᠢᠳᠤᠷᠠᠯ᠂ ᠦᠢᠯᠡᠳᠪᠦᠷᠢᠯᠡᠯ ᠡᠵᠡᠩᠨᠡᠯᠲᠡ ᠪᠣᠯᠣᠨ ᠠᠮᠢ ᠠᠬᠤᠢ ᠶᠢᠨ ᠣᠷᠴᠢᠨ ᠲᠣᠭᠤᠷᠢᠨ ᠳᠤ ᠬᠡᠷᠡᠭᠯᠡᠬᠦ ᠤᠰᠤ ᠶᠢ ᠰᠠᠶᠢᠲᠤᠷ ᠵᠣᠬᠢᠴᠠᠭᠤᠯᠬᠤ ᠬᠡᠷᠡᠭᠲᠡᠢ᠃       ᠲᠠᠪᠤᠳᠤᠭᠠᠷ ᠵᠦᠢᠯ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠪᠥᠭᠡᠳ ᠲᠡᠭᠦᠨ ᠢ ᠲᠤᠰ ᠱᠠᠲᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡᠨ  ᠳᠡᠭᠡᠨ ᠣᠷᠣᠭᠤᠯᠬᠤ ᠬᠡᠷᠡᠭᠲᠡᠢ᠃       ᠵᠢᠷᠭᠤᠳᠤᠭᠠᠷ ᠵᠦᠢᠯ ᠤᠯᠤᠰ ᠠᠴᠠ ᠨᠢᠭᠡᠴᠢ ᠪᠠ ᠬᠤᠪᠢ ᠬᠥᠮᠥᠨ ᠤ ᠤᠰᠤᠨ ᠤ ᠡᠬᠢ ᠪᠠᠶᠠᠯᠢᠭ ᠢ ᠬᠠᠤᠯᠢ ᠶᠣᠰᠣᠭᠠᠷ ᠨᠡᠭᠡᠭᠡᠨ ᠠᠰᠢᠭᠯᠠᠬᠤ ᠶᠠᠪᠤᠳᠠᠯ ᠢ ᠵᠣᠷᠢᠭᠵᠢᠭᠤᠯᠬᠤ ᠶᠢᠨ ᠬᠠᠮᠲᠤ ᠬᠠᠤᠯᠢ ᠶᠣᠰᠣᠨ ᠤ ᠡᠷᠬᠡ ᠠᠰᠢᠭ ᠢ ᠨᠢ ᠬᠠᠮᠠᠭᠠᠯᠠᠨ᠎ᠠ᠃ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠨᠢᠭᠡᠴᠢ ᠪᠠ ᠬᠤᠪᠢ ᠬᠥᠮᠥᠨ ᠤᠰᠤᠨ ᠤ ᠡᠬᠢ ᠪᠠᠶᠠᠯᠢᠭ ᠢ ᠬᠠᠤᠯᠢ ᠶᠣᠰᠣᠭᠠᠷ ᠬᠠᠮᠠᠭᠠᠯᠠᠬᠤ ᠡᠭᠦᠷᠭᠡ ᠲᠠᠢ᠃       ᠳᠣᠯᠣᠳᠤᠭᠠᠷ ᠵᠦᠢᠯ ᠤᠯᠤᠰ ᠠᠴᠠ ᠤᠰᠤᠨ ᠤ ᠡᠬᠢ ᠪᠠᠶᠠᠯᠢᠭ ᠲᠤ ᠤᠰᠤ ᠠᠪᠬᠤ ᠵᠥᠪᠰᠢᠶᠡᠷᠡᠯ ᠤᠨ ᠳᠦᠷᠢᠮ ᠬᠢᠭᠡᠳ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠳᠦᠷᠢᠮ ᠢ ᠬᠠᠤᠯᠢ ᠶᠣᠰᠣᠭᠠᠷ ᠬᠡᠷᠡᠭᠵᠢᠭᠦᠯᠦᠨ᠎ᠡ᠃ ᠭᠡᠪᠡᠴᠦ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠬᠢᠭᠡᠳ ᠲᠡᠭᠦᠨ ᠤ ᠪᠦᠷᠢᠯᠳᠦᠭᠦᠨ ᠨᠠᠷ ᠨᠢ ᠲᠤᠰ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠨᠠᠭᠤᠷ ᠴᠥᠭᠦᠷᠥᠮ  ᠤᠨ ᠤᠰᠤ ᠶᠢ ᠬᠡᠷᠡᠭᠯᠡᠬᠦ ᠶᠠᠪᠤᠳᠠᠯ ᠡᠭᠦᠨ ᠳᠤ ᠪᠠᠭᠲᠠᠬᠤ ᠦᠭᠡᠢ᠃ ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠪᠦᠭᠦ ᠤᠯᠤᠰ ᠤᠨ ᠤᠰᠤ ᠠᠪᠬᠤ ᠵᠥᠪᠰᠢᠶᠡᠷᠡᠯ ᠤᠨ ᠳᠦᠷᠢᠮ ᠪᠠ ᠤᠰᠤᠨ ᠤ ᠡᠬᠢ ᠪᠠᠶᠠᠯᠢᠭ ᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠳᠦᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃       ᠨᠠᠢᠮᠠᠳᠤᠭᠠᠷ ᠵᠦᠢᠯ ᠤᠯᠤᠰ ᠠᠴᠠ ᠤᠰᠤ ᠶᠢ ᠠᠷᠪᠢᠯᠠᠨ ᠬᠡᠷᠡᠭᠯᠡᠬᠦ ᠶᠢ ᠴᠢᠩᠬ᠎ᠠ ᠬᠡᠷᠡᠭᠵᠢᠭᠦᠯᠵᠦ᠂ ᠤᠰᠤ ᠶᠢ ᠠᠷᠪᠢᠯᠠᠨ ᠬᠡᠷᠡᠭᠯᠡᠬᠦ ᠠᠷᠭ᠎ᠠ ᠬᠡᠮᠵᠢᠶ᠎ᠡ ᠶᠢ ᠶᠡᠬᠡᠪᠡᠷ ᠬᠡᠷᠡᠭᠵᠢᠭᠦᠯᠵᠦ᠂ ᠤᠰᠤ ᠶᠢ ᠭᠠᠮᠨᠠᠨ ᠬᠡᠷᠡᠭᠯᠡᠬᠦ ᠰᠢᠨ᠎ᠡ ᠲᠸᠭᠨᠢᠭ ᠮᠡᠷᠭᠡᠵᠢᠯ᠂ ᠰᠢᠨ᠎ᠡ ᠤᠷᠠᠨ ᠮᠡᠷᠭᠡᠰᠢᠯ ᠢ ᠳᠡᠯᠭᠡᠷᠡᠭᠦᠯᠵᠦ᠂ ᠤᠰᠤ ᠠᠷᠪᠢᠯᠠᠬᠤ ᠠᠵᠤ ᠦᠢᠯᠡᠳᠪᠦᠷᠢ᠂ ᠲᠠᠷᠢᠶᠠᠯᠠᠩ ᠪᠣᠯᠣᠨ ᠦᠢᠯᠡᠴᠢᠯᠡᠭᠡᠨ ᠤ ᠦᠢᠯᠡᠰ ᠢ ᠬᠥᠭᠵᠢᠭᠦᠯᠵᠦ᠂ ᠤᠰᠤ ᠠᠷᠪᠢᠯᠠᠬᠤ ᠨᠡᠶᠢᠭᠡᠮ ᠢ ᠪᠠᠶᠢᠭᠤᠯᠤᠨ᠎ᠠ᠃       ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠷᠭ᠎ᠠ ᠬᠡᠮᠵᠢᠶ᠎ᠡ ᠠᠪᠴᠤ ᠪᠠᠶᠢᠭᠠᠳ ᠤᠰᠤ ᠶᠢ ᠠᠷᠪᠢᠯᠠᠵᠤ ᠬᠡᠷᠡᠭᠯᠡᠬᠦ ᠠᠵᠢᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠤᠰᠤ ᠶᠢ ᠠᠷᠪᠢᠯᠠᠵᠤ ᠬᠡᠷᠡᠭᠯᠡᠬᠦ ᠮᠡᠷᠭᠡᠵᠢᠯ ᠢ ᠨᠡᠭᠡᠭᠡᠨ ᠬᠥᠭᠵᠢᠭᠦᠯᠵᠦ ᠳᠡᠯᠭᠡᠷᠡᠭᠦᠯᠬᠦ ᠰᠢᠰᠲ᠋ᠧᠮ ᠢ ᠪᠠᠶᠢᠭᠤᠯᠵᠤ᠂ ᠤᠰᠤ ᠶᠢ ᠠᠷᠪᠢᠯᠠᠵᠤ ᠬᠡᠷᠡᠭᠯᠡᠬᠦ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠬᠦ ᠬᠡᠷᠡᠭᠲᠡᠢ᠃       ᠨᠢᠭᠡᠴᠢ ᠪᠣᠯᠣᠨ ᠬᠤᠪᠢ ᠬᠥᠮᠥᠨ ᠤᠰᠤ ᠶᠢ ᠠᠷᠪᠢᠯᠠᠨ ᠬᠡᠷᠡᠭᠯᠡᠬᠦ ᠡᠭᠦᠷᠭᠡ ᠲᠠᠢ᠃       ᠶᠢᠰᠦᠳᠦᠭᠡᠷ ᠵᠦᠢᠯ ᠤᠯᠤᠰ ᠠᠴᠠ ᠤᠰᠤᠨ ᠤ ᠡᠬᠢ ᠪᠠᠶᠠᠯᠢᠭ ᠢ ᠬᠠᠮᠠᠭᠠᠯᠠᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠤᠷᠭᠤᠮᠠᠯ ᠤᠨ ᠨᠥᠮᠥᠷᠭᠡ ᠶᠢ ᠬᠠᠮᠠᠭᠠᠯᠠᠨ᠂ ᠡᠪᠡᠰᠦ ᠮᠣᠳᠣ ᠲᠠᠷᠢᠵᠤ᠂ ᠤᠰᠤᠨ ᠤ ᠰᠤᠷᠪᠤᠯᠵᠢ ᠶᠢ ᠬᠠᠳᠠᠭᠠᠯᠠᠵᠤ᠂ ᠬᠥᠷᠥᠰᠥ ᠰᠢᠷᠣᠢ ᠶᠢᠨ ᠢᠳᠡᠭᠳᠡᠯ ᠪᠣᠯᠣᠨ ᠤᠰᠤᠨ ᠴᠣᠭᠴᠠ ᠶᠢᠨ ᠪᠣᠬᠢᠷᠳᠤᠯ ᠢ ᠰᠡᠷᠭᠡᠶᠢᠯᠡᠨ ᠵᠠᠰᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃       ᠠᠷᠪᠠᠳᠤᠭᠠᠷ ᠵᠦᠢᠯ ᠤᠯᠤᠰ ᠠᠴᠠ ᠤᠰᠤᠨ ᠤ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ᠂ ᠠᠷᠪᠢᠯᠠᠬᠤ᠂ ᠬᠠᠮᠠᠭᠠᠯᠠᠬᠤ᠂ ᠬᠠᠮᠢᠶᠠᠷᠬᠤ ᠪᠠ ᠤᠰᠤᠨ ᠤ ᠬᠥᠨᠥᠭᠡᠯ ᠢ ᠰᠡᠷᠭᠡᠶᠢᠯᠡᠨ ᠵᠠᠰᠠᠬᠤ ᠲᠠᠯ᠎ᠠ ᠪᠠᠷ ᠬᠢ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠢ ᠰᠤᠳᠤᠯᠬᠤ᠂ ᠳᠡᠯᠭᠡᠷᠡᠭᠦᠯᠬᠦ ᠪᠠ ᠬᠡᠷᠡᠭᠯᠡᠬᠦ ᠶᠢ ᠵᠣᠷᠢᠭᠵᠢᠭᠤᠯᠤᠨ ᠳᠡᠮᠵᠢᠨ᠎ᠡ᠃       ᠠᠷᠪᠠᠨ ᠨᠢᠭᠡᠳᠦᠭᠡᠷ ᠵᠦᠢᠯ ᠤᠰᠤᠨ ᠤ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ᠂ ᠠᠷᠪᠢᠯᠠᠬᠤ᠂ ᠬᠠᠮᠠᠭᠠᠯᠠᠬᠤ᠂ ᠬᠠᠮᠢᠶᠠᠷᠬᠤ ᠪᠠ ᠤᠰᠤᠨ ᠤ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠪᠠᠷ ᠢᠯᠡᠳᠲᠡ ᠠᠮᠵᠢᠯᠲᠠ ᠣᠯᠣᠭᠰᠠᠨ ᠨᠢᠭᠡᠴᠢ ᠪᠣᠯᠣᠨ ᠬᠤᠪᠢ ᠬᠥᠮᠥᠨ ᠢ ᠠᠷᠠᠳ ᠤᠨ ᠵᠠᠰᠠᠭ ᠤᠨ ᠣᠷᠳᠣᠨ ᠠᠴᠠ ᠬᠥᠬᠢᠭᠦᠯᠦᠨ ᠱᠠᠩᠨᠠᠨ᠎ᠠ᠃       ᠠᠷᠪᠠᠨ ᠬᠤᠶᠠᠳᠤᠭᠠᠷ ᠵᠦᠢᠯ ᠤᠯᠤᠰ ᠠᠴᠠ ᠤᠰᠤᠨ ᠤ ᠡᠬᠢ ᠪᠠᠶᠠᠯᠢᠭ ᠲᠤ ᠰᠠᠪᠠ ᠭᠠᠵᠠᠷ ᠤᠨ ᠬᠠᠮᠢᠶᠠᠷᠤᠯᠲᠠ ᠬᠢᠭᠡᠳ ᠵᠠᠰᠠᠭ ᠵᠠᠬᠢᠷᠭᠠᠨ ᠤ ᠣᠷᠣᠨ ᠤ ᠬᠠᠮᠢᠶᠠᠷᠤᠯᠲᠠ ᠶᠢ ᠤᠶᠠᠯᠳᠤᠭᠤᠯᠤᠭᠰᠠᠨ ᠬᠠᠮᠢᠶᠠᠷᠤᠯᠲᠠ ᠶᠢᠨ ᠪᠠᠶᠢᠭᠤᠯᠤᠯ ᠢ ᠬᠡᠷᠡᠭᠵᠢᠭᠦᠯᠦᠨ᠎ᠡ᠃       ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠪᠦᠭᠦ ᠤᠯᠤᠰ ᠤᠨ ᠤᠰᠤᠨ ᠤ ᠡᠬᠢ ᠪᠠᠶᠠᠯᠢᠭ ᠢ ᠨᠢᠭᠡᠳᠦᠯᠲᠡᠢ ᠬᠠᠮᠢᠶᠠᠷᠬᠤ ᠪᠠ ᠲᠡᠭᠦᠨ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃       ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠲᠣᠭᠤᠷᠢᠮ ᠳᠤ ᠪᠠᠶᠢᠭᠤᠯᠤᠭᠰᠠᠨ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ︵ᠳᠣᠷᠣᠭᠰᠢ ᠰᠠᠪᠠ ᠭᠠᠵᠠᠷ  ᠤᠨ ᠬᠠᠮᠢᠶᠠᠷᠤᠯᠲᠠ ᠶᠢᠨ ᠪᠠᠶᠢᠭᠤᠯᠤᠮᠵᠢ ᠭᠡᠵᠦ ᠲᠣᠪᠴᠢᠯᠠᠨ᠎ᠠ︶ ᠨᠢ ᠬᠠᠷᠢᠶᠠᠯᠠᠬᠤ ᠬᠦᠷᠢᠶ᠎ᠡ ᠬᠡᠪᠴᠢᠶᠡᠨ ᠤ ᠪᠠᠨ ᠳᠣᠲᠣᠷ᠎ᠠ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠣᠯᠭᠤᠭᠰᠠᠨ ᠤᠰᠤᠨ ᠤ ᠡᠬᠢ ᠪᠠᠶᠠᠯᠢᠭ ᠢ ᠬᠠᠮᠢᠶᠠᠷᠬᠤ ᠪᠠ ᠲᠡᠭᠦᠨ ᠳᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃       ᠰᠢᠶᠠᠩ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ  ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠳ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠤᠰᠤᠨ ᠤ ᠡᠬᠢ ᠪᠠᠶᠠᠯᠢᠭ ᠢ ᠨᠢᠭᠡᠳᠦᠯᠲᠡᠢ ᠬᠠᠮᠢᠶᠠᠷᠬᠤ ᠪᠠ ᠲᠡᠭᠦᠨ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃       ᠠᠷᠪᠠᠨ ᠭᠤᠷᠪᠠᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠤᠰᠤᠨ ᠤ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ᠂ ᠠᠷᠪᠢᠯᠠᠬᠤ ᠪᠠ ᠬᠠᠮᠠᠭᠠᠯᠠᠬᠤ ᠳᠤ ᠬᠤᠯᠪᠣᠭᠳᠠᠬᠤ ᠠᠵᠢᠯ ᠢ ᠬᠠᠷᠢᠭᠤᠴᠠᠨ᠎ᠠ᠃       ᠰᠢᠶᠠᠩ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠤᠰᠤᠨ ᠤ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ᠂ ᠠᠷᠪᠢᠯᠠᠬᠤ ᠪᠠ ᠬᠠᠮᠠᠭᠠᠯᠠᠬᠤ ᠳᠤ ᠬᠤᠯᠪᠣᠭᠳᠠᠬᠤ ᠠᠵᠢᠯ ᠤᠳ ᠢ ᠬᠠᠷᠢᠭᠤᠴᠠᠨ᠎ᠠ᠃       ᠬᠤᠶᠠᠳᠤᠭᠠᠷ ᠪᠦᠯᠦᠭ ᠤᠰᠤᠨ ᠤ ᠡᠬᠢ ᠪᠠᠶᠠᠯᠢᠭ ᠢ ᠲᠥᠯᠥᠪᠵᠢᠭᠦᠯᠬᠦ       ᠠᠷᠪᠠᠨ ᠳᠥᠷᠪᠡᠳᠦᠭᠡᠷ ᠵᠦᠢᠯ ᠤᠯᠤᠰ ᠠᠴᠠ ᠪᠦᠭᠦ ᠤᠯᠤᠰ ᠤᠨ ᠤᠰᠤᠨ ᠤ ᠡᠬᠢ ᠪᠠᠶᠠᠯᠢᠭ ᠤᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢ ᠲᠣᠭᠲᠠᠭᠠᠨ᠎ᠠ᠃       ᠤᠰᠤᠨ ᠤ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ᠂ ᠠᠷᠪᠢᠯᠠᠬᠤ᠂ ᠬᠠᠮᠠᠭᠠᠯᠠᠬᠤ ᠪᠠ ᠤᠰᠤᠨ ᠤ ᠬᠥᠨᠥᠭᠡᠯ ᠢ ᠰᠡᠷᠭᠡᠶᠢᠯᠡᠨ ᠵᠠᠰᠠᠬᠤ ᠳᠤ ᠰᠠᠪᠠ ᠭᠠᠵᠠᠷ᠂ ᠣᠷᠣᠨ ᠪᠦᠰᠡ ᠶᠢᠨ ᠶᠣᠰᠣᠭᠠᠷ ᠲᠥᠯᠦᠪᠵᠢᠭᠦᠯᠭᠡ ᠪᠠᠨ ᠨᠢᠭᠡᠳᠦᠯᠲᠡᠢ ᠲᠣᠭᠲᠠᠭᠠᠬᠤ ᠬᠡᠷᠡᠭᠲᠡᠢ᠃ ᠲᠥᠯᠦᠪᠵᠢᠭᠦᠯᠭᠡ ᠶᠢ ᠰᠠᠪᠠ ᠭᠠᠵᠠᠷ ᠤᠨ ᠲᠥᠯᠦᠪᠵᠢᠭᠦᠯᠭᠡ ᠪᠠ ᠣᠷᠣᠨ ᠤ ᠲᠥᠯᠦᠪᠵᠢᠭᠦᠯᠭᠡ ᠭᠡᠵᠦ ᠬᠤᠪᠢᠶᠠᠨ᠎ᠠ᠃ ᠰᠠᠪᠠ ᠭᠠᠵᠠᠷ ᠤᠨ ᠲᠥᠯᠦᠪᠵᠢᠭᠦᠯᠭᠡ ᠳᠤ ᠰᠠᠪᠠ ᠭᠠᠵᠠᠷ ᠤᠨ ᠶᠡᠷᠦᠩᠬᠡᠢ ᠲᠥᠯᠦᠪᠵᠢᠭᠦᠯᠭᠡ ᠪᠣᠯᠣᠨ ᠰᠠᠪᠠ ᠭᠠᠵᠠᠷ ᠤᠨ ᠲᠤᠰᠬᠠᠢ ᠮᠡᠷᠭᠡᠵᠢᠯ ᠤᠨ ᠲᠥᠯᠦᠪᠵᠢᠭᠦᠯᠭᠡ ᠪᠠᠭᠲᠠᠨ᠎ᠠ︔ ᠣᠷᠣᠨ ᠪᠦᠰᠡ ᠶᠢᠨ ᠲᠥᠯᠦᠪᠵᠢᠭᠦᠯᠭᠡ ᠳᠤ ᠣᠷᠣᠨ ᠤ ᠶᠡᠷᠦᠩᠬᠡᠢ ᠲᠥᠯᠦᠪᠵᠢᠭᠦᠯᠭᠡ ᠪᠣᠯᠣᠨ ᠣᠷᠣᠨ ᠤ ᠲᠤᠰᠬᠠᠢ ᠮᠡᠷᠭᠡᠵᠢᠯ  ᠤᠨ ᠲᠥᠯᠦᠪᠵᠢᠭᠦᠯᠭᠡ ᠪᠠᠭᠲᠠᠨ᠎ᠠ᠃       ᠡᠮᠦᠨᠡᠬᠢ ᠪᠠᠳᠠᠭ ᠲᠤ ᠬᠡᠯᠡᠵᠦ ᠪᠠᠶᠢᠭ᠎ᠠ ᠶᠡᠷᠦᠩᠬᠡᠢ ᠲᠥᠯᠦᠪᠵᠢᠭᠦᠯᠭᠡ ᠭᠡᠳᠡᠭ ᠨᠢ ᠠᠵᠤ ᠠᠬᠤᠢ ᠨᠡᠶᠢᠭᠡᠮ  ᠤᠨ ᠬᠥᠭᠵᠢᠯᠲᠡ ᠶᠢᠨ ᠬᠡᠷᠡᠭᠴᠡᠭᠡ ᠪᠣᠯᠣᠨ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠵᠤ ᠪᠠᠶᠢᠭ᠎ᠠ ᠣᠳᠣᠬᠢ ᠪᠠᠶᠢᠳᠠᠯ ᠢ ᠦᠨᠳᠦᠰᠦᠯᠡᠨ ᠨᠠᠶᠢᠷᠠᠭᠤᠯᠤᠨ ᠵᠣᠬᠢᠶᠠᠭᠰᠠᠨ ᠤᠰᠤᠨ ᠤ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ᠂ ᠠᠷᠪᠢᠯᠠᠬᠤ᠂ ᠬᠠᠮᠠᠭᠠᠯᠠᠬᠤ ᠪᠠ ᠤᠰᠤᠨ ᠤ ᠬᠥᠨᠥᠭᠡᠯ ᠢ ᠰᠡᠷᠭᠡᠶᠢᠯᠡᠨ ᠵᠠᠰᠠᠬᠤ ᠲᠤᠬᠠᠢ ᠶᠡᠷᠦᠩᠬᠡᠢ ᠪᠠᠶᠢᠷᠢᠯᠠᠭᠤᠯᠤᠯᠲᠠ  ᠶᠢ ᠵᠢᠭᠠᠵᠤ ᠪᠠᠶᠢᠨ᠎ᠠ᠃ ᠡᠮᠦᠨᠡᠬᠢ ᠪᠠᠳᠠᠭ ᠲᠤ ᠬᠡᠯᠡᠵᠦ ᠪᠠᠶᠢᠭ᠎ᠠ ᠲᠤᠰᠬᠠᠢ ᠮᠡᠷᠭᠡᠵᠢᠯ ᠤᠨ ᠲᠥᠯᠦᠪᠵᠢᠭᠦᠯᠭᠡ ᠭᠡᠳᠡᠭ ᠪᠣᠯ ᠦᠶᠡᠷ ᠢ ᠰᠡᠷᠭᠡᠶᠢᠯᠡᠬᠦ᠂ ᠤᠰᠤᠲᠤᠯ ᠢ ᠵᠠᠰᠠᠬᠤ᠂ ᠤᠰᠤᠯᠠᠬᠤ᠂ ᠤᠰᠤᠨ ᠵᠠᠮ ᠤᠨ ᠲᠡᠭᠡᠭᠡᠪᠦᠷᠢ᠂ ᠤᠰᠤ ᠬᠠᠩᠭᠠᠬᠤ᠂ ᠤᠰᠤᠨ ᠬᠦᠴᠦᠨ ᠢᠶᠠᠷ ᠴᠠᠭᠢᠯᠭᠠᠨ ᠭᠠᠷᠭᠠᠬᠤ᠂ ᠬᠤᠯᠤᠰᠤ ᠮᠣᠳᠣ ᠤᠷᠤᠰᠬᠠᠨ ᠵᠥᠭᠡᠭᠡᠪᠦᠷᠢᠯᠡᠬᠦ᠂ ᠵᠢᠭᠠᠰᠤᠨ ᠠᠵᠤ ᠠᠬᠤᠢ᠂ ᠤᠰᠤᠨ ᠤ ᠡᠬᠢ ᠪᠠᠶᠠᠯᠢᠭ ᠢ ᠬᠠᠮᠠᠭᠠᠯᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠤᠰᠤ ᠠᠷᠪᠢᠯᠠᠵᠤ ᠬᠡᠷᠡᠭᠯᠡᠬᠦ ᠵᠡᠷᠭᠡ ᠲᠥᠯᠦᠪᠵᠢᠭᠦᠯᠭᠡ ᠶᠢ ᠵᠢᠭᠠᠵᠤ ᠪᠠᠶᠢᠨ᠎ᠠ᠃       ᠠᠷᠪᠠᠨ ᠲᠠᠪᠤᠳᠤᠭᠠᠷ ᠵᠦᠢᠯ ᠰᠠᠪᠠ ᠭᠠᠵᠠᠷ ᠤᠨ ᠬᠡᠪᠴᠢᠶᠡᠨ ᠳᠣᠲᠣᠷᠠᠬᠢ ᠣᠷᠣᠨ ᠤ ᠲᠥᠯᠦᠪᠵᠢᠭᠦᠯᠭᠡ ᠨᠢ ᠰᠠᠪᠠ ᠭᠠᠵᠠᠷ ᠤᠨ ᠲᠥᠯᠦᠪᠵᠢᠭᠦᠯᠭᠡ ᠶᠢ ᠳᠠᠭᠠᠬᠤ ᠬᠡᠷᠡᠭᠲᠡᠢ᠂ ᠲᠤᠰᠬᠠᠢ ᠮᠡᠷᠭᠡᠵᠢᠯ ᠤᠨ ᠲᠥᠯᠦᠪᠵᠢᠭᠦᠯᠭᠡ ᠨᠢ ᠶᠡᠷᠦᠩᠬᠡᠢ ᠲᠥᠯᠦᠪᠵᠢᠭᠦᠯᠭᠡ ᠶᠢ ᠳᠠᠭᠠᠬᠤ ᠬᠡᠷᠡᠭᠲᠡᠢ᠃       ᠰᠠᠪᠠ ᠭᠠᠵᠠᠷ ᠤᠨ ᠶᠡᠷᠦᠩᠬᠡᠢ ᠲᠥᠯᠦᠪᠵᠢᠭᠦᠯᠭᠡ ᠪᠣᠯᠣᠨ ᠣᠷᠣᠨ ᠤ ᠶᠡᠷᠦᠩᠬᠡᠢ ᠲᠥᠯᠦᠪᠵᠢᠭᠦᠯᠭᠡ ᠵᠢᠴᠢ ᠭᠠᠵᠠᠷ ᠰᠢᠷᠣᠢ ᠶᠢᠨ ᠠᠰᠢᠭᠯᠠᠯᠲᠠ ᠯᠤᠭ᠎ᠠ ᠨᠢᠭᠲᠠ ᠬᠠᠷᠢᠴᠠᠭ᠎ᠠ ᠲᠠᠢ ᠲᠤᠰᠬᠠᠢ ᠮᠡᠷᠭᠡᠵᠢᠯ ᠤᠨ ᠲᠥᠯᠦᠪᠵᠢᠭᠦᠯᠭᠡ ᠨᠢ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠵᠢᠴᠢ ᠭᠠᠵᠠᠷ ᠰᠢᠷᠣᠢ  ᠶᠢᠨ ᠠᠰᠢᠭᠯᠠᠯᠲᠠ ᠶᠢᠨ ᠶᠡᠷᠦᠩᠬᠡᠢ ᠲᠥᠯᠦᠪᠵᠢᠭᠦᠯᠭᠡ᠂ ᠬᠤᠲᠠ ᠶᠢᠨ ᠶᠡᠷᠦᠩᠬᠡᠢ ᠲᠥᠯᠦᠪᠵᠢᠭᠦᠯᠭᠡ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠦᠪᠵᠢᠭᠦᠯᠭᠡ ᠲᠠᠢ ᠵᠣᠬᠢᠴᠠᠯᠳᠤᠵᠤ᠂ ᠡᠯ᠎ᠡ ᠭᠠᠵᠠᠷ ᠣᠷᠣᠨ᠂ ᠡᠯ᠎ᠡ ᠠᠵᠢᠯ ᠲᠥᠷᠥᠯ ᠤᠨ ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠭᠰᠠᠨ ᠪᠠᠶᠢᠬᠤ ᠬᠡᠷᠡᠭᠲᠡᠢ᠃       ᠠᠷᠪᠠᠨ ᠵᠢᠷᠭᠤᠳᠤᠭᠠᠷ ᠵᠦᠢᠯ ᠲᠥᠯᠦᠪᠵᠢᠭᠦᠯᠭᠡ ᠲᠣᠭᠲᠠᠭᠠᠬᠤ ᠳᠠᠭᠠᠨ ᠡᠷᠬᠡᠪᠰᠢ ᠤᠰᠤᠨ ᠤ ᠡᠬᠢ ᠪᠠᠶᠠᠯᠢᠭ  ᠤᠨ ᠲᠤᠬᠠᠢ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠤ ᠰᠢᠨᠵᠢᠯᠡᠯᠲᠡ ᠪᠠ ᠪᠠᠶᠢᠴᠠᠭᠠᠯᠲᠠ ᠦᠨᠡᠯᠡᠯᠲᠡ ᠭᠦᠢᠴᠡᠳᠬᠡᠬᠦ ᠬᠡᠷᠡᠭᠲᠡᠢ᠃ ᠤᠰᠤᠨ ᠤ ᠡᠬᠢ ᠪᠠᠶᠠᠯᠢᠭ ᠤᠨ ᠲᠤᠬᠠᠢ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠤ ᠰᠢᠨᠵᠢᠯᠡᠯᠲᠡ ᠪᠠ ᠪᠠᠶᠢᠴᠠᠭᠠᠯᠲᠠ ᠦᠨᠡᠯᠡᠯᠲᠡ ᠶᠢ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ  ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠲᠤᠷᠠᠵᠤ ᠪᠠᠶᠢᠭᠠᠳ ᠵᠣᠬᠢᠶᠠᠨ ᠪᠠᠶᠢᠭᠤᠯᠵᠤ ᠭᠦᠢᠴᠡᠳᠬᠡᠬᠦ ᠬᠡᠷᠡᠭᠲᠡᠢ᠃       ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤᠰᠤᠨ ᠵᠦᠢ ᠪᠠ ᠤᠰᠤᠨ ᠤ ᠡᠬᠢ ᠪᠠᠶᠠᠯᠢᠭ ᠤᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠤᠰᠤᠨ ᠤ ᠡᠬᠢ ᠪᠠᠶᠠᠯᠢᠬᠲᠤᠭᠢᠭᠦ ᠬᠥᠳᠡᠯᠦᠩᠭᠦᠢ ᠬᠢᠨᠠᠨ ᠬᠡᠮᠵᠢᠯᠲᠡ ᠪᠠᠨ ᠴᠢᠩᠭᠠᠳᠬᠠᠬᠤ ᠬᠡᠷᠡᠭᠲᠡᠢ᠃       ᠤᠰᠤᠨ ᠵᠦᠢ ᠶᠢᠨ ᠦᠨᠳᠦᠰᠦᠨ ᠮᠠᠲ᠋ᠧᠷᠢᠶᠠᠯ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠢᠯᠡ ᠪᠤᠯᠭᠠᠬᠤ ᠬᠡᠷᠡᠭᠲᠡᠢ᠃       ᠠᠷᠪᠠᠨ ᠳᠣᠯᠣᠳᠤᠭᠠᠷ ᠵᠦᠢᠯ ᠤᠯᠤᠰ ᠤᠨ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠲᠠᠩᠭᠢᠰ  ᠤᠨ ᠰᠠᠪᠠ ᠭᠠᠵᠠᠷ ᠤᠨ ᠶᠡᠷᠦᠩᠬᠡᠢ ᠲᠥᠯᠦᠪᠵᠢᠭᠦᠯᠭᠡ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠮᠲᠤᠷᠠᠵᠤ ᠪᠠᠶᠢᠭᠠᠳ ᠨᠠᠶᠢᠷᠠᠭᠤᠯᠤᠨ ᠵᠣᠬᠢᠶᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ ᠵᠥᠪᠰᠢᠶᠡᠷᠡᠭᠦᠯᠦᠨ᠎ᠡ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠰᠤᠨᠳᠠᠯᠠᠭᠰᠠᠨ ᠪᠤᠰᠤᠳ ᠭᠤᠣᠯ ᠮᠥᠷᠡᠨ᠂ ᠨᠠᠭᠤᠷ ᠲᠠᠩᠭᠢᠰ ᠤᠨ ᠰᠠᠪᠠ ᠭᠠᠵᠠᠷ ᠤᠨ ᠶᠡᠷᠦᠩᠬᠡᠢ ᠲᠥᠯᠦᠪᠵᠢᠭᠦᠯᠭᠡ ᠪᠠ ᠣᠷᠣᠨ ᠪᠦᠰᠡ ᠶᠢᠨ ᠶᠡᠷᠦᠩᠬᠡᠢ ᠲᠥᠯᠦᠪᠵᠢᠭᠦᠯᠭᠡ ᠶᠢ ᠬᠤᠯᠪᠣᠭᠳᠠᠯ ᠪᠦᠬᠦᠢ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠭᠤᠣᠯ ᠮᠥᠷᠡᠨ᠂ ᠨᠠᠭᠤᠷ ᠲᠠᠩᠭᠢᠰ ᠤᠨ ᠪᠠᠶᠢᠭ᠎ᠠ ᠭᠠᠵᠠᠷ ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠠᠶᠢᠷᠠᠭᠤᠯᠵᠤ᠂ ᠬᠤᠯᠪᠣᠭᠳᠠᠯ ᠪᠦᠬᠦᠢ ᠮᠤᠵᠢ ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠲᠤᠰ ᠲᠤᠰ ᠬᠢᠨᠠᠨ ᠪᠠᠶᠢᠴᠠᠭᠠᠯᠭᠠᠵᠤ ᠰᠠᠨᠠᠯ ᠳᠤᠷᠠᠳᠤᠭᠤᠯᠤᠭᠰᠠᠨ ᠤ ᠳᠠᠷᠠᠭ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠲᠣᠭᠲᠠᠭᠠᠯᠭᠠᠨ᠎ᠠ︔ ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠤ ᠳᠠᠷᠠᠭ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠤᠶᠤ ᠲᠡᠭᠦᠨ ᠤ ᠡᠷᠬᠡ ᠣᠯᠭᠤᠭᠰᠠᠨ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠦᠨ᠎ᠡ᠃       ᠡᠮᠦᠨᠡᠬᠢ ᠪᠠᠳᠠᠭ ᠤᠨ ᠲᠣᠭᠲᠠᠭᠠᠯ ᠠᠴᠠ ᠠᠰᠲᠠᠭᠠᠨ ᠪᠠᠶᠢᠭ᠎ᠠ ᠪᠤᠰᠤᠳ ᠭᠤᠣᠯ ᠮᠥᠷᠡᠨ᠂ ᠨᠠᠭᠤᠷ ᠲᠠᠩᠭᠢᠰ  ᠤᠨ ᠰᠠᠪᠠ ᠭᠠᠵᠠᠷ ᠤᠨ ᠶᠡᠷᠦᠩᠬᠡᠢ ᠲᠥᠯᠦᠪᠵᠢᠭᠦᠯᠭᠡ ᠪᠣᠯᠣᠨ ᠣᠷᠣᠨ ᠤ ᠶᠡᠷᠦᠩᠬᠡᠢ ᠲᠥᠯᠦᠪᠵᠢᠭᠦᠯᠭᠡ ᠶᠢ ᠰᠢᠶᠠᠩ  ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠬᠠᠮᠲᠤᠷᠠᠵᠤ ᠪᠠᠶᠢᠭᠠᠳ ᠨᠠᠶᠢᠷᠠᠭᠤᠯᠤᠨ ᠵᠣᠬᠢᠶᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠲᠡᠭᠦᠨ ᠤ ᠡᠷᠬᠡ ᠣᠯᠭᠤᠭᠰᠠᠨ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠳᠡᠭᠡᠷ᠎ᠡ ᠨᠢᠭᠡ ᠱᠠᠲᠤᠨ ᠤ ᠤᠰᠤᠨ  ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃       ᠲᠤᠰᠬᠠᠢ ᠮᠡᠷᠭᠡᠵᠢᠯ ᠤᠨ ᠲᠥᠯᠦᠪᠵᠢᠭᠦᠯᠭᠡ ᠶᠢ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ  ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠨᠠᠶᠢᠷᠠᠭᠤᠯᠤᠨ ᠵᠣᠬᠢᠶᠠᠵᠤ᠂ ᠠᠳᠠᠯᠢ ᠱᠠᠲᠤᠨ ᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠤ ᠳᠠᠷᠠᠭ᠎ᠠ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠨ᠎ᠡ᠃ ᠡᠭᠦᠨ ᠳᠤ ᠦᠶᠡᠷ ᠢ ᠰᠡᠷᠭᠡᠶᠢᠯᠡᠬᠦ ᠲᠥᠯᠦᠪᠵᠢᠭᠦᠯᠭᠡ᠂ ᠬᠥᠷᠥᠰᠥ ᠰᠢᠷᠣᠢ ᠶᠢ ᠬᠠᠮᠠᠭᠠᠯᠠᠬᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠵᠥᠪᠰᠢᠶᠡᠷᠡᠬᠦ ᠶᠢ ᠪᠣᠯ ᠦᠶᠡᠷ ᠢ ᠰᠡᠷᠭᠡᠶᠢᠯᠡᠬᠦ ᠬᠠᠤᠯᠢ᠂ ᠬᠥᠷᠥᠰᠥ ᠰᠢᠷᠣᠢ ᠶᠢ ᠬᠠᠮᠠᠭᠠᠯᠠᠬᠤ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃       ᠠᠷᠪᠠᠨ ᠨᠠᠢᠮᠠᠳᠤᠭᠠᠷ ᠵᠦᠢᠯ ᠲᠥᠯᠦᠪᠵᠢᠭᠦᠯᠭᠡ ᠵᠥᠪᠰᠢᠶᠡᠷᠡᠭᠳᠡᠭᠰᠡᠨ ᠪᠠᠶᠢᠪᠠᠯ ᠡᠷᠬᠡᠪᠰᠢ ᠴᠢᠩᠬ᠎ᠠ ᠬᠡᠷᠡᠭᠵᠢᠭᠦᠯᠬᠦ ᠬᠡᠷᠡᠭᠲᠡᠢ᠃       ᠵᠥᠪᠰᠢᠶᠡᠷᠡᠭᠦᠯᠦᠭᠰᠡᠨ ᠲᠥᠯᠦᠪᠵᠢᠭᠦᠯᠭᠡ ᠳᠤ ᠵᠠᠰᠠᠪᠤᠷᠢ ᠣᠷᠣᠭᠤᠯᠬᠤ ᠴᠢᠬᠤᠯᠠ ᠲᠠᠢ ᠪᠣᠯ ᠡᠷᠬᠡᠪᠰᠢ ᠲᠥᠯᠦᠪᠵᠢᠭᠦᠯᠭᠡ ᠨᠠᠶᠢᠷᠠᠭᠤᠯᠤᠨ ᠵᠣᠬᠢᠶᠠᠬᠤ ᠵᠢᠷᠤᠮ ᠶᠣᠰᠣᠭᠠᠷ ᠤᠤᠯ ᠤᠨ ᠵᠥᠪᠰᠢᠶᠡᠷᠡᠭᠰᠡᠨ ᠪᠠᠶᠢᠭᠤᠯᠭ᠎ᠠ ᠪᠠᠷ ᠵᠥᠪᠰᠢᠶᠡᠷᠡᠭᠦᠯᠬᠦ ᠬᠡᠷᠡᠭᠲᠡᠢ᠃       ᠠᠷᠪᠠ ᠶᠢᠰᠦᠳᠦᠭᠡᠷ ᠵᠦᠢᠯ ᠤᠰᠤᠨ ᠤ ᠪᠠᠷᠢᠯᠭ᠎ᠠ ᠶᠢ ᠪᠦᠲᠦᠭᠡᠨ ᠪᠠᠶᠢᠭᠤᠯᠬᠤ ᠳᠠᠭᠠᠨ ᠡᠷᠬᠡᠪᠰᠢ ᠰᠠᠪᠠ ᠭᠠᠵᠠᠷ ᠤᠨ ᠶᠡᠷᠦᠩᠬᠡᠢ ᠲᠥᠯᠦᠪᠵᠢᠭᠦᠯᠭᠡ ᠲᠠᠢ ᠨᠡᠶᠢᠴᠡᠭᠦᠯᠦᠭᠰᠡᠨ ᠪᠠᠶᠢᠬᠤ ᠬᠡᠷᠡᠭᠲᠡᠢ᠃ ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠲᠠᠩᠭᠢᠰ ᠪᠣᠯᠣᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠰᠤᠨᠳᠠᠯᠠᠭᠰᠠᠨ ᠭᠤᠣᠯ ᠮᠥᠷᠡᠨ᠂ ᠨᠠᠭᠤᠷ ᠲᠠᠩᠭᠢᠰ ᠳᠡᠭᠡᠷ᠎ᠡ ᠤᠰᠤᠨ ᠤ ᠪᠠᠷᠢᠯᠭ᠎ᠠ ᠪᠦᠲᠦᠭᠡᠨ ᠪᠠᠶᠢᠭᠤᠯᠬᠤ ᠳᠠᠭᠠᠨ ᠪᠠᠷᠢᠯᠭ᠎ᠠ ᠶᠢᠨ ᠪᠣᠯᠣᠮᠵᠢ ᠶᠢᠨ ᠲᠤᠬᠠᠢ ᠰᠤᠳᠤᠯᠭᠠᠨ ᠤ ᠮᠡᠳᠡᠭᠦᠯᠦᠯᠲᠡ ᠪᠠᠨ ᠮᠡᠳᠡᠭᠦᠯᠦᠨ ᠵᠥᠪᠰᠢᠶᠡᠷᠡᠭᠦᠯᠬᠦ ᠠᠴᠠ ᠡᠮᠦᠨ᠎ᠡ᠂ ᠬᠤᠯᠪᠣᠭᠳᠠᠯ ᠪᠦᠬᠦᠢ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠤᠰᠤᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠨᠢ ᠰᠠᠪᠠ ᠭᠠᠵᠠᠷ ᠤᠨ ᠶᠡᠷᠦᠩᠬᠡᠢ ᠲᠥᠯᠦᠪᠵᠢᠭᠦᠯᠭᠡ ᠲᠠᠢ ᠨᠡᠶᠢᠴᠡᠬᠦ ᠡᠰᠡᠬᠦ ᠶᠢᠨ ᠲᠤᠬᠠᠢ ᠬᠢᠨᠠᠨ ᠪᠠᠶᠢᠴᠠᠭᠠᠯᠲᠠ ᠭᠦᠢᠴᠡᠳᠬᠡᠬᠦ ᠬᠡᠷᠡᠭᠲᠡᠢ ᠮᠥᠷᠲᠡᠭᠡᠨ ᠰᠠᠨᠠᠯ ᠢᠶᠠᠨ ᠪᠢᠴᠢᠬᠦ ᠬᠡᠷᠡᠭᠲᠡᠢ︔ ᠪᠤᠰᠤᠳ ᠭᠤᠣᠯ ᠮᠥᠷᠡᠨ᠂ ᠨᠠᠭᠤᠷ ᠲᠠᠩᠭᠢᠰ ᠳᠡᠭᠡᠷ᠎ᠡ ᠤᠰᠤᠨ ᠤ ᠪᠠᠷᠢᠯᠭ᠎ᠠ ᠪᠦᠲᠦᠭᠡᠨ ᠪᠠᠶᠢᠭᠤᠯᠬᠤ ᠳᠠᠭᠠᠨ ᠪᠠᠷᠢᠯᠭ᠎ᠠ ᠶᠢᠨ ᠪᠣᠯᠣᠮᠵᠢ ᠶᠢᠨ ᠲᠤᠬᠠᠢ ᠰᠤᠳᠤᠯᠭᠠᠨ ᠤ ᠮᠡᠳᠡᠭᠦᠯᠦᠯᠲᠡ ᠪᠠᠨ ᠮᠡᠳᠡᠭᠦᠯᠦᠨ ᠵᠥᠪᠰᠢᠶᠡᠷᠡᠭᠦᠯᠬᠦ ᠠᠴᠠ ᠡᠮᠦᠨ᠎ᠡ᠂ ᠰᠢᠶᠠᠩ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ  ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ  ᠠᠴᠠ ᠬᠠᠮᠢᠶᠠᠷᠬᠤ ᠡᠷᠬᠡ ᠶᠢᠨ ᠬᠡᠪᠴᠢᠶ᠎ᠡ ᠶᠣᠰᠣᠭᠠᠷ ᠤᠰᠤᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠨᠢ ᠰᠠᠪᠠ ᠭᠠᠵᠠᠷ ᠤᠨ ᠶᠡᠷᠦᠩᠬᠡᠢ ᠲᠥᠯᠦᠪᠵᠢᠭᠦᠯᠭᠡ ᠲᠠᠢ ᠨᠡᠶᠢᠴᠡᠬᠦ ᠡᠰᠡᠬᠦ ᠶᠢᠨ ᠲᠤᠬᠠᠢ ᠬᠢᠨᠠᠨ ᠪᠠᠶᠢᠴᠠᠭᠠᠯᠲᠠ ᠭᠦᠢᠴᠡᠳᠬᠡᠬᠦ ᠬᠡᠷᠡᠭᠲᠡᠢ ᠮᠥᠷᠲᠡᠭᠡᠨ ᠰᠠᠨᠠᠯ ᠢᠶᠠᠨ ᠪᠢᠴᠢᠬᠦ ᠬᠡᠷᠡᠭᠲᠡᠢ᠃ ᠤᠰᠤᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠨᠢ ᠦᠶᠡᠷ ᠢ ᠰᠡᠷᠭᠡᠶᠢᠯᠡᠬᠦ ᠳᠤ ᠬᠤᠯᠪᠣᠭᠳᠠᠪᠠᠯ ᠦᠶᠡᠷ ᠢ ᠰᠡᠷᠭᠡᠶᠢᠯᠡᠬᠦ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ︔ ᠪᠤᠰᠤᠳ ᠭᠠᠵᠠᠷ ᠣᠷᠣᠨ ᠪᠣᠯᠣᠨ ᠠᠵᠢᠯ ᠲᠥᠷᠥᠯ ᠳᠤ ᠬᠤᠯᠪᠣᠭᠳᠠᠪᠠᠯ᠂ ᠪᠦᠲᠦᠭᠡᠨ ᠪᠠᠶᠢᠭᠤᠯᠬᠤ ᠨᠢᠭᠡᠴᠢ ᠨᠢ ᠬᠤᠯᠪᠣᠭᠳᠠᠯ ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠨ ᠰᠠᠨᠠᠯ ᠢ ᠤᠷᠢᠳᠠᠪᠠᠷ ᠬᠤᠷᠢᠶᠠᠬᠤ ᠬᠡᠷᠡᠭᠲᠡᠢ᠃       ᠭᠤᠷᠪᠠᠳᠤᠭᠠᠷ ᠪᠦᠯᠦᠭ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ       ᠬᠤᠷᠢᠳᠤᠭᠠᠷ ᠵᠦᠢᠯ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠳᠠᠭᠠᠨ ᠠᠰᠢᠭ ᠲᠠᠢ ᠲᠠᠯ᠎ᠠ ᠶᠢ ᠨᠢ ᠪᠠᠳᠠᠷᠠᠭᠤᠯᠬᠤ ᠶᠢ ᠬᠤᠣᠷ ᠬᠥᠨᠥᠭᠡᠯ ᠲᠠᠢ ᠲᠠᠯ᠎ᠠ ᠶᠢ ᠨᠢ ᠠᠷᠢᠯᠭᠠᠬᠤ ᠲᠠᠢ ᠤᠶᠠᠯᠳᠤᠭᠤᠯᠵᠤ᠂ ᠳᠡᠭᠡᠳᠦ ᠳᠣᠣᠷᠠᠳᠤ ᠤᠷᠤᠰᠬᠠᠯ᠂ ᠵᠡᠭᠦᠨ ᠪᠠᠷᠠᠭᠤᠨ ᠡᠷᠭᠢ ᠪᠣᠯᠣᠨ ᠬᠤᠯᠪᠣᠭᠳᠠᠯ ᠪᠦᠬᠦᠢ ᠭᠠᠵᠠᠷ ᠣᠷᠣᠨ ᠤ ᠬᠤᠭᠤᠷᠣᠨᠳᠣᠭᠢ ᠠᠰᠢᠭ ᠲᠤᠰᠠ ᠶᠢ ᠬᠠᠮᠲᠤ ᠳᠤᠨᠢ ᠬᠠᠷᠠᠭᠠᠯᠵᠠᠨ᠂ ᠤᠰᠤᠨ ᠤ ᠡᠬᠢ ᠪᠠᠶᠠᠯᠢᠭ ᠤᠨ ᠶᠡᠷᠦᠩᠬᠡᠢ ᠦᠷ᠎ᠡ ᠠᠰᠢᠭ ᠢ ᠭᠦᠢᠴᠡᠳ ᠪᠠᠳᠠᠷᠠᠭᠤᠯᠬᠤ ᠶᠢᠨ ᠬᠠᠮᠲᠤ ᠦᠶᠡᠷ ᠢ ᠰᠡᠷᠭᠡᠶᠢᠯᠡᠬᠦ ᠶᠡᠷᠦᠩᠬᠡᠢ ᠲᠣᠬᠢᠷᠠᠭᠤᠯᠤᠯᠲᠠ ᠶᠢ ᠳᠠᠭᠠᠬᠤ ᠬᠡᠷᠡᠭᠲᠡᠢ᠃       ᠬᠤᠷᠢᠨ ᠨᠢᠭᠡᠳᠦᠭᠡᠷ ᠵᠦᠢᠯ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠳᠠᠭᠠᠨ ᠡᠩ ᠲᠡᠷᠢᠭᠦᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ ᠶᠢ ᠬᠠᠩᠭᠠᠬᠤ ᠶᠢᠨ ᠬᠠᠮᠲᠤ ᠲᠠᠷᠢᠶᠠᠯᠠᠩ᠂ ᠠᠵᠤ ᠦᠢᠯᠡᠳᠪᠦᠷᠢ᠂ ᠠᠮᠢ ᠠᠬᠤᠢ ᠶᠢᠨ ᠣᠷᠴᠢᠨ ᠲᠣᠭᠤᠷᠢᠨ ᠳᠤ ᠬᠡᠷᠡᠭᠯᠡᠬᠦ ᠤᠰᠤ ᠵᠢᠴᠢ ᠤᠰᠤᠨ ᠵᠠᠮ ᠤᠨ ᠲᠡᠭᠡᠭᠡᠪᠦᠷᠢ ᠵᠡᠷᠭᠡ ᠶᠢᠨ ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠬᠤ ᠬᠡᠷᠡᠭᠲᠡᠢ᠃       ᠭᠠᠩ ᠬᠠᠭᠤᠷᠠᠢ ᠪᠠ ᠬᠠᠭᠠᠰ ᠭᠠᠩ ᠬᠠᠭᠤᠷᠠᠢ ᠭᠠᠵᠠᠷ ᠣᠷᠣᠨ ᠳᠤ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠳᠠᠭᠠᠨ ᠠᠮᠢ ᠠᠬᠤᠢ ᠶᠢᠨ ᠣᠷᠴᠢᠨ ᠲᠣᠭᠤᠷᠢᠨ ᠤ ᠤᠰᠤ ᠬᠡᠷᠡᠭᠯᠡᠬᠦ ᠬᠡᠷᠡᠭᠴᠡᠭᠡ ᠶᠢ ᠭᠦᠢᠴᠡᠳ ᠪᠣᠳᠣᠯᠬᠢᠯᠠᠬᠤ ᠬᠡᠷᠡᠭᠲᠡᠢ᠃       ᠬᠤᠷᠢᠨ ᠬᠤᠶᠠᠳᠤᠭᠠᠷ ᠵᠦᠢᠯ ᠰᠠᠪᠠ ᠭᠠᠵᠠᠷ ᠠᠯᠤᠰᠯᠠᠨ ᠤᠰᠤ ᠲᠠᠲᠠᠬᠤ ᠳᠠᠭᠠᠨ ᠪᠦᠭᠦ ᠲᠠᠯ᠎ᠠ ᠪᠠᠷ ᠲᠥᠯᠥᠪᠵᠢᠭᠦᠯᠬᠦ ᠪᠠ ᠰᠢᠨᠵᠢᠯᠡᠬᠦ ᠤᠬᠠᠭᠠᠨᠴᠢ ᠪᠠᠷ ᠨᠤᠲᠠᠯᠠᠯᠲᠠ ᠬᠢᠵᠦ᠂ ᠤᠰᠤ ᠲᠠᠲᠠᠵᠤ ᠭᠠᠷᠭᠠᠬᠤ ᠰᠠᠪᠠ ᠭᠠᠵᠠᠷ ᠪᠠ ᠤᠰᠤ ᠲᠠᠲᠠᠵᠤ ᠣᠷᠣᠭᠤᠯᠬᠤ ᠰᠠᠪᠠ ᠭᠠᠵᠠᠷ ᠤᠨ ᠤᠰᠤ ᠬᠡᠷᠡᠭᠯᠡᠬᠦ ᠬᠡᠷᠡᠭᠴᠡᠭᠡ ᠶᠢ ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠠᠮᠢ ᠠᠬᠤᠢ ᠶᠢᠨ ᠣᠷᠴᠢᠨ ᠲᠣᠭᠤᠷᠢᠨ ᠳᠤ ᠡᠪᠳᠡᠯᠡᠭᠡ ᠤᠴᠠᠷᠠᠭᠤᠯᠬᠤ ᠠᠴᠠ ᠰᠡᠷᠭᠡᠶᠢᠯᠡᠬᠦ ᠬᠡᠷᠡᠭᠲᠡᠢ᠃       ᠬᠤᠷᠢᠨ ᠭᠤᠷᠪᠠᠳᠤᠭᠠᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠰ ᠭᠠᠵᠠᠷ ᠣᠷᠣᠨ ᠤ ᠪᠠᠨ ᠤᠰᠤᠨ ᠤ ᠡᠬᠢ ᠪᠠᠶᠠᠯᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠠᠵᠠᠷ ᠳᠡᠭᠡᠷᠡᠬᠢ ᠤᠰᠤ ᠪᠣᠯᠣᠨ ᠭᠠᠵᠠᠷ ᠳᠣᠣᠷᠠᠬᠢ ᠤᠰᠤ ᠶᠢ ᠨᠢᠭᠡᠳᠦᠯᠲᠡᠢ ᠲᠣᠬᠢᠷᠠᠭᠤᠯᠵᠤ ᠨᠡᠭᠡᠭᠡᠨ ᠠᠰᠢᠭᠯᠠᠬᠤ᠂ ᠡᠬᠢ ᠰᠤᠷᠪᠤᠯᠵᠢ ᠶᠢ ᠨᠡᠭᠡᠭᠡᠬᠦ ᠪᠠ ᠠᠷᠪᠢᠯᠠᠨ ᠬᠡᠷᠡᠭᠯᠡᠬᠦ ᠶᠢ ᠤᠶᠠᠯᠳᠤᠭᠤᠯᠬᠤ᠂ ᠠᠷᠪᠢᠯᠠᠨ ᠬᠡᠷᠡᠭᠯᠡᠬᠦ ᠶᠢ ᠲᠡᠷᠢᠭᠦᠨ ᠳᠤᠨᠢ ᠲᠠᠯᠪᠢᠬᠤ ᠪᠠ ᠪᠣᠬᠢᠷ ᠤᠰᠤ ᠶᠢ ᠰᠢᠢᠳᠪᠦᠷᠢᠯᠡᠵᠦ ᠳᠠᠭᠢᠨ ᠠᠰᠢᠭᠯᠠᠬᠤ ᠵᠠᠷᠴᠢᠮ ᠶᠣᠰᠣᠭᠠᠷ ᠤᠰᠤᠨ ᠤ ᠡᠬᠢ ᠪᠠᠶᠠᠯᠢᠭ  ᠢ ᠵᠦᠢ ᠵᠣᠬᠢᠰᠲᠠᠢ ᠪᠠᠷ ᠵᠣᠬᠢᠶᠠᠨ ᠪᠠᠶᠢᠭᠤᠯᠤᠨ ᠨᠡᠭᠡᠭᠡᠵᠦ᠂ ᠶᠡᠷᠦᠩᠬᠡᠶᠢᠯᠡᠨ ᠠᠰᠢᠭᠯᠠᠬᠤ ᠬᠡᠷᠡᠭᠲᠡᠢ᠃       ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠵᠢᠴᠢ ᠬᠤᠲᠠ ᠶᠢᠨ ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠪᠠᠶᠢᠷᠢᠯᠠᠭᠤᠯᠬᠤ ᠳᠠᠭᠠᠨ ᠲᠤᠬᠠᠢ ᠶᠢᠨ ᠭᠠᠵᠠᠷ ᠤᠨ ᠤᠰᠤᠨ ᠤ ᠡᠬᠢ ᠪᠠᠶᠠᠯᠢᠭ ᠤᠨ ᠨᠥᠬᠦᠴᠡᠯ ᠪᠣᠯᠣᠨ ᠦᠶᠡᠷ ᠢ ᠰᠡᠷᠭᠡᠶᠢᠯᠡᠬᠦ ᠱᠠᠭᠠᠷᠳᠠᠯᠭ᠎ᠠ ᠲᠠᠢ ᠵᠣᠬᠢᠴᠠᠭᠤᠯᠬᠤ ᠶᠢᠨ ᠬᠠᠮᠲᠤ ᠰᠢᠨᠵᠢᠯᠡᠬᠦ ᠤᠬᠠᠭᠠᠨᠴᠢ ᠨᠤᠲᠠᠯᠠᠯᠲᠠ ᠭᠦᠢᠴᠡᠳᠬᠡᠬᠦ ᠬᠡᠷᠡᠭᠲᠡᠢ︔ ᠤᠰᠤᠨ ᠤ ᠡᠬᠢ ᠪᠠᠶᠠᠯᠢᠭ ᠨᠢ ᠭᠦᠢᠴᠡᠳ ᠪᠤᠰᠤ ᠪᠠᠶᠢᠭ᠎ᠠ ᠭᠠᠵᠠᠷ ᠣᠷᠣᠨ  ᠳᠤ ᠬᠤᠲᠠ ᠶᠢᠨ ᠬᠡᠪᠴᠢᠶ᠎ᠡ ᠪᠠ ᠤᠰᠤ ᠶᠡᠭᠡ ᠬᠤᠷᠣᠭᠳᠠᠭᠤᠯᠬᠤ ᠠᠵᠤ ᠦᠢᠯᠡᠳᠪᠦᠷᠢ᠂ ᠲᠠᠷᠢᠶᠠᠯᠠᠩ ᠪᠣᠯᠣᠨ ᠦᠢᠯᠡᠴᠢᠯᠡᠭᠡᠨ ᠤ ᠦᠢᠯᠡᠰ ᠤᠨ ᠵᠦᠢᠯᠡᠰ ᠪᠦᠲᠦᠭᠡᠨ ᠪᠠᠶᠢᠭᠤᠯᠬᠤ ᠶᠢ ᠬᠢᠵᠠᠭᠠᠷᠯᠠᠬᠤ ᠬᠡᠷᠡᠭᠲᠡᠢ᠃       ᠬᠤᠷᠢᠨ ᠳᠥᠷᠪᠡᠳᠦᠭᠡᠷ ᠵᠦᠢᠯ ᠤᠯᠤᠰ ᠠᠴᠠ ᠤᠰᠤᠨ ᠤ ᠡᠬᠢ ᠪᠠᠶᠠᠯᠢᠭ ᠲᠤᠲᠠᠭᠳᠠᠵᠤ ᠪᠠᠶᠢᠭ᠎ᠠ ᠭᠠᠵᠠᠷ ᠣᠷᠣᠨ ᠳᠤ ᠪᠣᠷᠣᠭᠠᠨ ᠤ ᠤᠰᠤ ᠪᠠ ᠱᠣᠷᠪᠣᠭ ᠤᠰᠤ ᠶᠢ ᠬᠤᠷᠠᠮᠳᠤᠭᠤᠯᠬᠤ᠂ ᠨᠡᠭᠡᠭᠡᠬᠦ᠂ ᠠᠰᠢᠭᠯᠠᠬᠤ ᠪᠠ ᠳᠠᠯᠠᠢ  ᠶᠢᠨ ᠤᠰᠤ ᠶᠢ ᠠᠰᠢᠭᠯᠠᠬᠤ᠂ ᠴᠡᠩᠭᠡᠭᠵᠢᠭᠦᠯᠬᠦ ᠶᠢ ᠵᠣᠷᠢᠭᠵᠢᠭᠤᠯᠤᠨ᠎ᠠ᠃       ᠬᠤᠷᠢᠨ ᠲᠠᠪᠤᠳᠤᠭᠠᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤᠰᠤᠯᠠᠬᠤ᠂ ᠤᠰᠤᠲᠤᠯ ᠢ ᠵᠠᠯᠠᠬᠤ᠂ ᠬᠥᠷᠥᠰᠥ ᠰᠢᠷᠣᠢ ᠶᠢ ᠬᠠᠮᠠᠭᠠᠯᠠᠬᠤ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠥᠭᠵᠢᠯᠲᠡ ᠶᠢ ᠠᠬᠢᠭᠤᠯᠬᠤ ᠬᠡᠷᠡᠭᠲᠡᠢ︔ ᠬᠤᠵᠢᠷᠰᠢᠯ ᠪᠠ ᠤᠰᠠᠳᠤᠯ ᠤᠨ ᠭᠠᠮᠰᠢᠭ ᠠᠮᠠᠷᠬᠠᠨ ᠭᠠᠷᠳᠠᠭ ᠭᠠᠵᠠᠷ ᠣᠷᠣᠨ ᠳᠤ ᠠᠷᠭ᠎ᠠ ᠬᠡᠮᠵᠢᠶ᠎ᠡ ᠠᠪᠴᠤ ᠪᠠᠶᠢᠭᠠᠳ ᠭᠠᠵᠠᠷ ᠳᠣᠣᠷᠠᠬᠢ ᠤᠰᠤᠨ ᠤ ᠲᠦᠪᠰᠢᠨ ᠢ ᠬᠢᠵᠠᠭᠠᠷᠯᠠᠬᠤ ᠪᠠ ᠳᠣᠷᠣᠭᠰᠢᠯᠠᠭᠤᠯᠬᠤ ᠬᠡᠷᠡᠭᠲᠡᠢ᠃       ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠤᠶᠤ ᠲᠡᠭᠦᠨ ᠤ ᠪᠦᠷᠢᠯᠳᠦᠭᠦᠨ ᠨᠠᠷ ᠲᠤᠰ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠳᠤ ᠥᠮᠴᠢᠯᠡᠭᠳᠡᠬᠦ ᠬᠠᠮᠲᠤ  ᠶᠢᠨ ᠭᠠᠵᠠᠷ ᠰᠢᠷᠣᠢ ᠪᠤᠶᠤ ᠳᠠᠭᠠᠭᠠᠴᠢᠯᠠᠭᠰᠠᠨ ᠭᠠᠵᠠᠷ ᠰᠢᠷᠣᠢ ᠳᠡᠭᠡᠷ᠎ᠡ ᠬᠠᠤᠯᠢ ᠶᠣᠰᠣᠭᠠᠷ ᠪᠡᠯᠡ ᠣᠷᠣᠭᠤᠯᠵᠤ ᠤᠰᠤᠨ ᠤ ᠪᠠᠷᠢᠯᠭ᠎ᠠ ᠲᠥᠬᠦᠭᠡᠷᠦᠮᠵᠢ ᠪᠠᠶᠢᠭᠤᠯᠤᠭᠰᠠᠨ ᠪᠠᠶᠢᠪᠠᠯ᠂ ᠬᠡᠨ ᠪᠡᠯᠡ ᠣᠷᠣᠭᠤᠯᠵᠤ ᠪᠠᠶᠢᠭᠤᠯᠤᠭᠰᠠᠨ ᠪᠣᠯ ᠬᠡᠨ ᠬᠠᠮᠢᠶᠠᠷᠴᠤ ᠠᠰᠢᠭ ᠭᠦᠷᠲᠡᠭᠦ ᠵᠠᠷᠴᠢᠮ ᠶᠣᠰᠣᠭᠠᠷ᠂ ᠤᠰᠤᠨ ᠤ ᠪᠠᠷᠢᠯᠭ᠎ᠠ ᠲᠥᠬᠦᠭᠡᠷᠦᠮᠵᠢ ᠵᠢᠴᠢ ᠲᠡᠭᠦᠨ ᠳᠤ ᠬᠠᠳᠠᠭᠠᠯᠠᠭᠰᠠᠨ ᠤᠰᠤ ᠶᠢ ᠬᠠᠮᠢᠶᠠᠷᠴᠤ᠂ ᠵᠦᠢ ᠵᠣᠬᠢᠰᠲᠠᠢ ᠬᠡᠷᠡᠭᠯᠡᠨ᠎ᠡ᠃       ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠴᠥᠭᠦᠷᠥᠮ ᠪᠠᠶᠢᠭᠤᠯᠬᠤ  ᠳᠠᠭᠠᠨ ᠰᠢᠶᠠᠩ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ  ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠢ᠃       ᠬᠤᠷᠢᠨ ᠵᠢᠷᠭᠤᠳᠤᠭᠠᠷ ᠵᠦᠢᠯ ᠤᠯᠤᠰ ᠠᠴᠠ ᠤᠰᠤᠨ ᠤ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠵᠣᠷᠢᠭᠵᠢᠭᠤᠯᠤᠨ᠎ᠠ᠃ ᠤᠰᠤ ᠰᠠᠶᠢᠲᠠᠢ ᠭᠤᠣᠯ ᠮᠥᠷᠡᠨ ᠳᠤ ᠣᠯᠠᠨ ᠬᠠᠷᠠᠯᠲᠠᠲᠤ ᠱᠠᠲᠤᠯᠵᠢᠨ ᠨᠡᠭᠡᠭᠡᠯᠲᠡ ᠶᠢ ᠲᠥᠯᠥᠪᠯᠡᠭᠡ ᠲᠠᠢ ᠪᠠᠷ ᠭᠦᠢᠴᠡᠳᠬᠡᠬᠦ ᠬᠡᠷᠡᠭᠲᠡᠢ᠃       ᠤᠰᠤᠨ ᠴᠠᠭᠢᠯᠭᠠᠨ ᠥᠷᠲᠡᠭᠡ ᠪᠠᠶᠢᠭᠤᠯᠬᠤ ᠳᠠᠭᠠᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ ᠂ ᠦᠶᠡᠷ ᠢ ᠰᠡᠷᠭᠡᠶᠢᠯᠡᠬᠦ᠂ ᠤᠰᠤ ᠬᠠᠩᠭᠠᠬᠤ᠂ ᠤᠰᠤᠯᠠᠬᠤ᠂ ᠤᠰᠤᠨ ᠵᠠᠮ ᠤᠨ ᠲᠡᠭᠡᠭᠡᠪᠦᠷᠢ᠂ ᠬᠤᠯᠤᠰᠤ ᠮᠣᠳᠣ ᠤᠷᠤᠰᠬᠠᠨ ᠵᠥᠭᠡᠭᠡᠪᠦᠷᠢᠯᠡᠬᠦ ᠪᠣᠯᠣᠨ ᠵᠢᠭᠠᠰᠤᠨ ᠠᠵᠤ ᠠᠬᠤᠢ ᠵᠡᠷᠭᠡ ᠲᠠᠯ᠎ᠠ ᠶᠢᠨ ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠬᠤ ᠬᠡᠷᠡᠭᠲᠡᠢ᠃       ᠬᠤᠷᠢᠨ ᠳᠣᠯᠣᠳᠤᠭᠠᠷ ᠵᠦᠢᠯ ᠤᠯᠤᠰ ᠠᠴᠠ ᠤᠰᠤᠨ ᠲᠡᠭᠡᠭᠡᠪᠦᠷᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠵᠣᠷᠢᠭᠵᠢᠭᠤᠯᠤᠨ᠎ᠠ᠃ ᠤᠰᠤᠨ ᠤ ᠠᠮᠢᠳᠤ ᠪᠣᠳᠠᠰ ᠤᠨ ᠨᠡᠭᠦᠳᠡᠯᠯᠡᠬᠦ ᠵᠠᠮ᠂ ᠤᠰᠤᠨ ᠠᠶᠠᠯᠠᠯ ᠨᠡᠪᠲᠡᠷᠡᠬᠦ ᠪᠤᠶᠤ ᠬᠤᠯᠤᠰᠤ ᠮᠣᠳᠣ ᠤᠷᠤᠰᠬᠠᠨ ᠵᠥᠭᠡᠭᠡᠪᠦᠷᠢᠯᠡᠬᠦ ᠭᠤᠣᠯ ᠮᠥᠷᠡᠨ ᠳᠡᠭᠡᠷ᠎ᠡ ᠡᠭᠦᠷᠢᠳᠡ ᠶᠢᠨ ᠴᠢᠨᠠᠷᠲᠠᠢ ᠭᠤᠣᠯ ᠬᠠᠰᠢᠬᠤ ᠬᠠᠰᠢᠯᠭ᠎ᠠ ᠳᠠᠯᠠᠩ ᠪᠠᠶᠢᠭᠤᠯᠬᠤ ᠳᠤ ᠪᠦᠲᠦᠭᠡᠨ ᠪᠠᠶᠢᠭᠤᠯᠬᠤ ᠨᠢᠭᠡᠴᠢ ᠨᠢ ᠵᠢᠭᠠᠰᠤ ᠥᠩᠭᠡᠷᠡᠬᠦ᠂ ᠣᠩᠭᠤᠴᠠ ᠥᠩᠭᠡᠷᠡᠬᠦ᠂ ᠮᠣᠳᠣ ᠥᠩᠭᠡᠷᠡᠬᠦ ᠲᠥᠬᠦᠭᠡᠷᠦᠮᠵᠢ ᠶᠢ ᠬᠠᠮᠲᠤ ᠳᠤᠨᠢ ᠪᠠᠶᠢᠭᠤᠯᠬᠤ ᠬᠡᠷᠡᠭᠲᠡᠢ᠂ ᠡᠰᠡᠬᠦᠯ᠎ᠡ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠡᠷᠬᠡ ᠣᠯᠭᠤᠭᠰᠠᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ ᠪᠤᠰᠤᠳ ᠨᠥᠬᠦᠪᠦᠷᠢᠯᠡᠬᠦ ᠠᠷᠭ᠎ᠠ ᠬᠡᠮᠵᠢᠶ᠎ᠡ ᠠᠪᠬᠤ ᠶᠢᠨ ᠬᠠᠮᠲᠤ ᠪᠠᠷᠢᠯᠭ᠎ᠠ ᠪᠠᠷᠢᠬᠤ ᠪᠠ ᠤᠰᠤ ᠬᠤᠷᠠᠮᠳᠤᠯᠠᠭᠤᠯᠬᠤ ᠬᠤᠭᠤᠴᠠᠭᠠᠨ ᠳᠠᠬᠢ ᠤᠰᠤᠨ ᠤ ᠠᠮᠢᠳᠤ ᠪᠣᠳᠠᠰ ᠢ ᠬᠠᠮᠠᠭᠠᠯᠠᠬᠤ᠂ ᠤᠰᠤᠨ ᠵᠠᠮ ᠤᠨ ᠲᠡᠭᠡᠭᠡᠪᠦᠷᠢ ᠪᠠ ᠬᠤᠯᠤᠰᠤ ᠮᠣᠳᠣ ᠤᠷᠤᠰᠬᠠᠨ ᠵᠥᠭᠡᠭᠡᠪᠦᠷᠢᠯᠡᠬᠦ ᠠᠵᠢᠯ ᠢ ᠵᠣᠬᠢᠰᠲᠠᠢ ᠲᠣᠬᠢᠷᠠᠭᠤᠯᠵᠤ᠂ ᠬᠡᠷᠡᠭᠰᠡᠬᠦ ᠵᠠᠷᠤᠳᠠᠯ ᠢ ᠪᠦᠲᠦᠭᠡᠨ ᠪᠠᠶᠢᠭᠤᠯᠬᠤ ᠨᠢᠭᠡᠴᠢ ᠡᠭᠦᠷᠭᠡᠯᠡᠨ᠎ᠡ᠃       ᠤᠰᠤᠨ ᠵᠠᠮ ᠨᠡᠪᠲᠡᠷᠡᠬᠦ ᠦᠭᠡᠢ ᠭᠤᠣᠯ ᠮᠥᠷᠡᠨ ᠪᠤᠶᠤ ᠬᠥᠮᠥᠨ ᠤ ᠬᠦᠴᠦ ᠪᠠᠷ ᠤᠰᠤᠨ ᠵᠠᠮ ᠳᠡᠭᠡᠷ᠎ᠡ ᠬᠠᠰᠢᠯᠭ᠎ᠠ ᠳᠠᠯᠠᠩ ᠪᠠᠶᠢᠭᠤᠯᠪᠠᠯ ᠤᠰᠤᠨ ᠵᠠᠮ ᠨᠡᠪᠲᠡᠷᠡᠵᠦ ᠪᠤᠯᠬᠤ ᠶᠤᠮ ᠪᠣᠯ ᠬᠠᠰᠢᠯᠭ᠎ᠠ ᠳᠠᠯᠠᠩ ᠪᠠᠶᠢᠭᠤᠯᠬᠤ ᠨᠢᠭᠡᠴᠢ ᠨᠢ ᠣᠩᠭᠤᠴᠠ ᠥᠩᠭᠡᠷᠡᠬᠦ ᠲᠥᠬᠦᠭᠡᠷᠦᠮᠵᠢ ᠶᠢ ᠵᠡᠷᠭᠡ ᠳᠤᠨᠢ ᠪᠠᠶᠢᠭᠤᠯᠬᠤ ᠪᠤᠶᠤ ᠣᠩᠭᠤᠴᠠ ᠥᠩᠭᠡᠷᠡᠬᠦ ᠲᠥᠬᠦᠭᠡᠷᠦᠮᠵᠢ ᠪᠠᠶᠢᠭᠤᠯᠬᠤ ᠣᠷᠣᠨ ᠪᠠᠶᠢᠷᠢ ᠶᠢ ᠤᠷᠢᠳᠴᠢᠯᠠᠨ ᠦᠯᠡᠳᠡᠭᠡᠬᠦ ᠬᠡᠷᠡᠭᠲᠡᠢ᠃       ᠬᠤᠷᠢᠨ ᠨᠠᠢᠮᠠᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠥᠨ ᠤᠰᠤ ᠲᠠᠲᠠᠬᠤ᠂ ᠤᠰᠤ ᠬᠠᠰᠢᠬᠤ ︵ᠬᠠᠳᠠᠭᠠᠯᠠᠬᠤ︶᠂ ᠤᠰᠤ ᠵᠠᠯᠠᠬᠤ ᠳᠠᠭᠠᠨ ᠣᠯᠠᠨ ᠨᠡᠶᠢᠲᠡ ᠶᠢᠨ ᠠᠰᠢᠭ ᠲᠤᠰᠠ ᠪᠠ ᠪᠤᠰᠤᠳ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠤᠯᠬᠤ ᠦᠭᠡᠢ᠃       ᠬᠤᠷᠢ ᠶᠢᠰᠦᠳᠦᠭᠡᠷ ᠵᠦᠢᠯ ᠤᠯᠤᠰ ᠠᠴᠠ ᠤᠰᠤᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠷᠠᠳ ᠢ ᠨᠡᠭᠦᠯᠭᠡᠬᠦ ᠶᠠᠪᠤᠳᠠᠯ ᠳᠤ ᠨᠡᠭᠡᠭᠡᠯᠲᠡ ᠶᠢᠨ ᠴᠢᠨᠠᠷᠲᠠᠢ ᠠᠷᠠᠳ ᠢ ᠨᠡᠭᠦᠯᠭᠡᠬᠦ ᠴᠢᠭᠯᠡᠯᠲᠡ ᠶᠢ ᠬᠡᠷᠡᠭᠵᠢᠭᠦᠯᠵᠦ᠂ ᠡᠮᠦᠨᠡᠬᠢ ᠬᠤᠭᠤᠴᠠᠭᠠᠨ ᠳᠤ ᠨᠥᠬᠦᠪᠦᠷᠢᠯᠡᠬᠦ᠂ ᠨᠥᠬᠦᠪᠦᠷᠢᠯᠡᠬᠦ ᠪᠠ ᠰᠡᠭᠦᠯᠴᠢ ᠶᠢᠨ ᠬᠤᠭᠤᠴᠠᠭᠠᠨ ᠳᠤ ᠲᠡᠳᠬᠦᠬᠦ ᠶᠢ ᠤᠶᠠᠯᠳᠤᠭᠤᠯᠬᠤ ᠵᠠᠷᠴᠢᠮ ᠤᠨ ᠶᠣᠰᠣᠭᠠᠷ᠂ ᠨᠡᠭᠦᠯᠭᠡᠬᠦ ᠠᠷᠠᠳ ᠤᠨ ᠦᠢᠯᠡᠳᠪᠦᠷᠢᠯᠡᠯ ᠪᠣᠯᠣᠨ ᠠᠮᠢᠳᠤᠷᠠᠯ ᠢ ᠲᠣᠬᠢᠲᠠᠢ ᠲᠣᠬᠢᠷᠠᠭᠤᠯᠵᠤ᠂ ᠨᠡᠭᠦᠳᠡᠯ ᠠᠷᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃       ᠠᠷᠠᠳ ᠢ ᠨᠡᠭᠦᠯᠭᠡᠨ ᠲᠥᠪᠬᠢᠨᠡᠭᠦᠯᠬᠦ ᠠᠵᠢᠯ ᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠲᠠᠢ ᠵᠡᠷᠭᠡ ᠳᠤᠨᠢ ᠭᠦᠢᠴᠡᠳᠬᠡᠬᠦ ᠬᠡᠷᠡᠭᠲᠡᠢ᠃ ᠪᠦᠲᠦᠭᠡᠨ ᠪᠠᠶᠢᠭᠤᠯᠬᠤ ᠨᠢᠭᠡᠴᠢ ᠨᠢ ᠲᠥᠪᠬᠢᠨᠡᠭᠦᠯᠬᠦ ᠭᠠᠵᠠᠷ ᠣᠷᠣᠨ ᠤ ᠣᠷᠴᠢᠨ ᠲᠣᠭᠤᠷᠢᠨ ᠤ ᠪᠠᠭᠲᠠᠭᠠᠮᠵᠢ ᠪᠣᠯᠣᠨ ᠦᠷᠭᠦᠯᠵᠢᠯᠡᠬᠦ ᠬᠥᠭᠵᠢᠯᠲᠡ ᠶᠢᠨ ᠵᠠᠷᠴᠢᠮ ᠢ ᠦᠨᠳᠦᠰᠦᠯᠡᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠠᠷᠠᠳ ᠢ ᠨᠡᠭᠦᠯᠭᠡᠨ ᠲᠥᠪᠬᠢᠨᠡᠭᠦᠯᠬᠦ ᠲᠥᠯᠦᠪᠵᠢᠭᠦᠯᠭᠡ ᠨᠠᠶᠢᠷᠠᠭᠤᠯᠤᠨ ᠵᠣᠬᠢᠶᠠᠬᠤ ᠬᠡᠷᠡᠭᠲᠡᠢ᠂ ᠡᠭᠦᠨ ᠢ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠷᠠᠳ ᠢ ᠨᠡᠭᠦᠯᠭᠡᠬᠦ ᠳᠤ ᠬᠡᠷᠡᠭᠰᠡᠬᠦ ᠵᠠᠷᠤᠳᠠᠯ ᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠲᠥᠯᠥᠪᠯᠡᠭᠡ ᠳᠤ ᠣᠷᠣᠭᠤᠯᠤᠨ᠎ᠠ᠃       ᠳᠥᠷᠪᠡᠳᠦᠭᠡᠷ ᠪᠦᠯᠦᠭ ᠤᠰᠤᠨ ᠤ ᠡᠬᠢ ᠪᠠᠶᠠᠯᠢᠭ᠂ ᠤᠰᠤᠨ ᠣᠷᠣᠨ ᠪᠠ ᠤᠰᠤᠨ ᠤ ᠪᠠᠷᠢᠯᠭ᠎ᠠ ᠶᠢ ᠬᠠᠮᠠᠭᠠᠯᠠᠬᠤ       ᠭᠤᠴᠢᠳᠤᠭᠠᠷ ᠵᠦᠢᠯ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ  ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠂ ᠰᠠᠪᠠ ᠭᠠᠵᠠᠷ ᠤᠨ ᠬᠠᠮᠢᠶᠠᠷᠤᠯᠲᠠ  ᠶᠢᠨ ᠪᠠᠶᠢᠭᠤᠯᠤᠮᠵᠢ ᠵᠢᠴᠢ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠯᠦᠪᠵᠢᠭᠦᠯᠭᠡ ᠲᠣᠭᠲᠠᠭᠠᠬᠤ ᠪᠠ ᠤᠰᠤᠨ ᠤ ᠡᠬᠢ ᠪᠠᠶᠠᠯᠢᠭ ᠢ ᠵᠣᠬᠢᠴᠠᠭᠤᠯᠬᠤ ᠳᠠᠭᠠᠨ ᠭᠤᠣᠯ ᠮᠥᠷᠡᠨ ᠤ ᠵᠦᠢ ᠵᠣᠬᠢᠰᠲᠠᠢ ᠤᠷᠤᠰᠬᠠᠯ ᠤᠨ ᠬᠡᠮᠵᠢᠶ᠎ᠡ ᠪᠠ ᠨᠠᠭᠤᠷ ᠲᠣᠭᠤᠷᠢᠮ᠂ ᠴᠥᠭᠦᠷᠥᠮ ᠵᠢᠴᠢ ᠭᠠᠵᠠᠷ ᠳᠣᠣᠷᠠᠬᠢ ᠤᠰᠤᠨ ᠤ ᠵᠦᠢ ᠵᠣᠬᠢᠰᠲᠠᠢ ᠲᠦᠪᠰᠢᠨ ᠢ ᠪᠠᠲᠤᠯᠠᠬᠤ ᠶᠢ ᠠᠩᠬᠠᠷᠴᠤ᠂ ᠤᠰᠤᠨ ᠴᠣᠭᠴᠠ ᠶᠢᠨ ᠠᠶᠠᠨᠳᠠᠭᠠᠨ ᠴᠡᠪᠡᠷᠵᠢᠬᠦ ᠴᠢᠳᠠᠪᠤᠷᠢ ᠶᠢ ᠬᠠᠮᠠᠭᠠᠯᠠᠬᠤ ᠬᠡᠷᠡᠭᠲᠡᠢ᠃       ᠭᠤᠴᠢᠨ ᠨᠢᠭᠡᠳᠦᠭᠡᠷ ᠵᠦᠢᠯ ᠤᠰᠤᠨ ᠤ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ᠂ ᠠᠷᠪᠢᠯᠠᠬᠤ᠂ ᠬᠠᠮᠠᠭᠠᠯᠠᠬᠤ ᠪᠠ ᠤᠰᠤᠨ ᠤ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠤᠰᠤᠨ ᠤ ᠬᠡᠷᠡᠭ ᠤᠨ ᠠᠵᠢᠯᠯᠠᠭ᠎ᠠ ᠭᠦᠢᠴᠡᠳᠬᠡᠬᠦ ᠳᠤ ᠵᠥᠪᠰᠢᠶᠡᠷᠡᠭᠦᠯᠦᠭᠰᠡᠨ ᠲᠥᠯᠦᠪᠵᠢᠭᠦᠯᠭᠡ ᠶᠢ ᠵᠢᠷᠤᠮᠯᠠᠬᠤ ᠬᠡᠷᠡᠭᠲᠡᠢ︔ ᠲᠥᠯᠦᠪᠵᠢᠭᠦᠯᠭᠡ ᠠᠴᠠ ᠵᠥᠷᠢᠴᠡᠨ ᠭᠤᠣᠯ ᠮᠥᠷᠡᠨ ᠪᠠ ᠨᠠᠭᠤᠷ ᠲᠠᠩᠭᠢᠰ ᠤᠨ ᠤᠰᠤᠨ ᠣᠷᠣᠨ ᠤ ᠬᠡᠷᠡᠭᠯᠡᠬᠦ ᠴᠢᠳᠠᠪᠤᠷᠢ ᠶᠢ ᠨᠢ ᠮᠠᠭᠤᠳᠠᠭᠤᠯᠤᠭᠰᠠᠨ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠬᠡᠷᠡᠭᠯᠡᠭᠰᠡᠨ᠂ ᠭᠠᠵᠠᠷ ᠤᠨ ᠭᠠᠳᠠᠷᠭᠤ ᠰᠠᠭᠤᠭᠰᠠᠨ ᠪᠠᠶᠢᠳᠠᠯ ᠢ ᠪᠤᠢ ᠪᠤᠯᠭᠠᠬᠰᠠᠨ᠂ ᠤᠰᠤᠨ ᠴᠣᠭᠴᠠ ᠶᠢ ᠪᠣᠬᠢᠷᠲᠤᠭᠤᠯᠤᠭᠰᠠᠨ ᠪᠠᠶᠢᠪᠠᠯ᠂ ᠵᠠᠰᠠᠬᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃       ᠠᠭᠤᠷᠬᠠᠢ ᠶᠢᠨ ᠪᠤᠯᠠᠭᠳᠠᠴᠠ ᠶᠢ ᠨᠡᠭᠡᠭᠡᠨ ᠣᠯᠪᠤᠷᠢᠯᠠᠬᠤ ᠪᠤᠶᠤ ᠭᠠᠵᠠᠷ ᠳᠣᠣᠷᠠᠬᠢ ᠪᠠᠷᠢᠯᠭ᠎ᠠ ᠶᠢ ᠪᠦᠲᠦᠭᠡᠨ ᠪᠠᠶᠢᠭᠤᠯᠬᠤ ᠳᠤ᠂ ᠰᠡᠶᠢᠷᠡᠭᠦᠯᠦᠨ ᠬᠠᠲᠠᠭᠠᠬᠤ ᠵᠣᠷᠢᠯᠭ᠎ᠠ ᠪᠠᠷ ᠤᠰᠤ ᠭᠠᠳᠠᠭᠰᠢᠯᠠᠭᠤᠯᠤᠭᠰᠠᠨ ᠠᠴᠠ ᠪᠣᠯᠵᠤ ᠭᠠᠵᠠᠷ ᠳᠣᠣᠷᠠᠬᠢ ᠤᠰᠤᠨ ᠤ ᠲᠦᠪᠰᠢᠨ ᠳᠣᠷᠣᠭᠰᠢᠯᠠᠵᠤ᠂ ᠤᠰᠤᠨ ᠤ ᠡᠬᠢ ᠰᠤᠷᠪᠤᠯᠵᠢ ᠲᠠᠲᠠᠭᠤᠷᠠᠨ ᠰᠢᠷᠭᠢᠭᠰᠡᠨ ᠪᠤᠶᠤ ᠭᠠᠵᠠᠷ ᠤᠨ ᠭᠠᠳᠠᠷᠭᠤ ᠴᠥᠮᠥᠷᠡᠭᠰᠡᠨ ᠪᠠᠶᠢᠪᠠᠯ᠂ ᠠᠭᠤᠷᠬᠠᠢ ᠮᠠᠯᠲᠠᠭᠰᠠᠨ ᠨᠢᠭᠡᠴᠢ ᠪᠤᠶᠤ ᠪᠦᠲᠦᠭᠡᠨ ᠪᠠᠶᠢᠭᠤᠯᠤᠭᠰᠠᠨ ᠨᠢᠭᠡᠴᠢ ᠨᠢ ᠠᠪᠤᠷᠠᠬᠤ ᠨᠥᠬᠦᠪᠦᠷᠢ ᠠᠷᠭ᠎ᠠ ᠬᠡᠮᠵᠢᠶ᠎ᠡ ᠠᠪᠬᠤ ᠬᠡᠷᠡᠭᠲᠡᠢ︔ ᠪᠤᠰᠤᠳ ᠤᠨ ᠠᠮᠢᠳᠤᠷᠠᠯ ᠪᠠ ᠦᠢᠯᠡᠳᠪᠦᠷᠢᠯᠡᠯ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠣᠰᠣᠭᠠᠷ ᠨᠥᠬᠦᠪᠦᠷᠢ ᠣᠯᠭᠤᠨ᠎ᠠ᠃       ᠭᠤᠴᠢᠨ ᠬᠤᠶᠠᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠲᠥᠷᠥ ᠶᠢᠨ ᠶᠠᠪᠤᠳᠠᠯ ᠤᠨ ᠬᠤᠷᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠵᠤ ᠪᠠᠶᠢᠭᠠᠳ ᠰᠠᠪᠠ ᠭᠠᠵᠠᠷ ᠤᠨ ᠶᠡᠷᠦᠩᠬᠡᠢ ᠲᠥᠯᠦᠪᠵᠢᠭᠦᠯᠭᠡ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠲᠥᠯᠦᠪᠵᠢᠭᠦᠯᠭᠡ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠲᠣᠭᠤᠷᠢᠮ ᠤᠨ ᠤᠰᠤᠨ ᠤ ᠴᠢᠳᠠᠪᠤᠷᠢ ᠶᠢᠨ ᠣᠷᠣᠨ ᠤ ᠬᠤᠪᠢᠶᠠᠷᠢᠯᠠᠯ ᠢ ᠲᠤᠭᠤᠷᠪᠢᠨ ᠲᠣᠭᠲᠠᠭᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠦ ᠵᠥᠪᠰᠢᠶᠡᠷᠡᠭᠦᠯᠦᠨ᠎ᠡ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠰᠤᠨᠳᠠᠯᠠᠭᠰᠠᠨ ᠪᠤᠰᠤᠳ ᠭᠤᠣᠯ ᠮᠥᠷᠡᠨ᠂ ᠨᠠᠭᠤᠷ ᠲᠠᠩᠭᠢᠰ ᠤᠨ ᠤᠰᠤᠨ ᠤ ᠴᠢᠳᠠᠪᠤᠷᠢ ᠶᠢᠨ ᠣᠷᠣᠨ ᠤ ᠬᠤᠪᠢᠶᠠᠷᠢᠯᠠᠯ ᠢ ᠬᠤᠯᠪᠣᠭᠳᠠᠯ ᠪᠦᠬᠦᠢ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠭᠤᠣᠯ ᠮᠥᠷᠡᠨ᠂ ᠨᠠᠭᠤᠷ ᠲᠠᠩᠭᠢᠰ ᠤᠨ ᠪᠠᠶᠢᠭ᠎ᠠ ᠭᠠᠵᠠᠷ ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠪᠤᠰᠤᠳ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠵᠤ᠂ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠲᠤᠰ ᠲᠤᠰ ᠬᠢᠨᠠᠨ ᠪᠠᠶᠢᠴᠠᠭᠠᠯᠭᠠᠵᠤ ᠰᠠᠨᠠᠯ ᠳᠤᠷᠠᠳᠤᠭᠤᠯᠤᠭᠰᠠᠨ ᠤ ᠳᠠᠷᠠᠭ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠲᠥᠷᠥ ᠶᠢᠨ ᠶᠠᠪᠤᠳᠠᠯ ᠤᠨ ᠬᠤᠷᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠬᠠᠮᠲᠤᠷᠠᠵᠤ ᠪᠠᠶᠢᠭᠠᠳ ᠬᠢᠨᠠᠨ ᠲᠣᠭᠲᠠᠭᠠᠭᠠᠳ᠂ ᠲᠥᠷᠥ ᠶᠢᠨ ᠶᠠᠪᠤᠳᠠᠯ ᠤᠨ ᠬᠤᠷᠢᠶ᠎ᠠ ᠪᠤᠶᠤ ᠲᠡᠭᠦᠨ ᠤ ᠡᠷᠬᠡ ᠣᠯᠭᠤᠭᠰᠠᠨ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠦᠨ᠎ᠡ᠃       ᠡᠮᠦᠨᠡᠬᠢ ᠪᠠᠳᠠᠭ ᠤᠨ ᠲᠣᠭᠲᠠᠭᠠᠯ ᠠᠴᠠ ᠠᠰᠲᠠᠭᠠᠨ ᠪᠠᠶᠢᠭ᠎ᠠ ᠪᠤᠰᠤᠳ ᠭᠤᠣᠯ ᠮᠥᠷᠡᠨ᠂ ᠨᠠᠭᠤᠷ ᠲᠠᠩᠭᠢᠰ  ᠤᠨ ᠤᠰᠤᠨ ᠤ ᠴᠢᠳᠠᠪᠤᠷᠢ ᠶᠢᠨ ᠣᠷᠣᠨ ᠤ ᠬᠤᠪᠢᠶᠠᠷᠢᠯᠠᠯ ᠢ ᠰᠢᠶᠠᠩ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠲᠤᠷᠠᠵᠤ ᠪᠠᠶᠢᠭᠠᠳ ᠲᠤᠭᠤᠷᠪᠢᠨ ᠲᠣᠭᠲᠠᠭᠠᠵᠤ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠲᠡᠭᠦᠨ ᠤ ᠡᠷᠬᠡ ᠣᠯᠭᠤᠭᠰᠠᠨ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠬᠦ  ᠶᠢᠨ ᠬᠠᠮᠲᠤ ᠳᠡᠭᠡᠷ᠎ᠡ ᠨᠢᠭᠡ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃       ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠤᠰᠤᠨ ᠤ ᠴᠢᠳᠠᠪᠤᠷᠢ ᠶᠢᠨ ᠣᠷᠣᠨ ᠤ ᠤᠰᠤᠨ ᠤ ᠴᠢᠨᠠᠷ ᠲᠤ ᠲᠠᠯᠪᠢᠬᠤ ᠱᠠᠭᠠᠷᠳᠠᠯᠭ᠎ᠠ ᠪᠣᠯᠣᠨ ᠤᠰᠤᠨ ᠴᠣᠭᠴᠠ ᠶᠢᠨ ᠠᠶᠠᠨᠳᠠᠭᠠᠨ ᠴᠡᠪᠡᠷᠵᠢᠬᠦ ᠴᠢᠳᠠᠪᠤᠷᠢ ᠶᠢ ᠦᠨᠳᠦᠰᠦᠯᠡᠨ ᠲᠤᠰ ᠤᠰᠤᠨ ᠣᠷᠣᠨ ᠤ ᠪᠣᠬᠢᠷᠲᠤᠭᠤᠯᠬᠤ ᠪᠣᠳᠠᠰ ᠭᠥᠯᠢᠶᠡᠨ ᠠᠪᠬᠤ ᠴᠢᠳᠠᠪᠤᠷᠢ ᠶᠢ ᠬᠢᠨᠠᠨ ᠲᠣᠭᠲᠠᠭᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤ ᠲᠤᠰ ᠤᠰᠤᠨ ᠣᠷᠣᠨ ᠤ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠲᠤᠬᠠᠢ ᠰᠠᠨᠠᠯ ᠢᠶᠠᠨ ᠳᠤᠷᠠᠳᠬᠤ ᠬᠡᠷᠡᠭᠲᠡᠢ᠃       ᠰᠢᠶᠠᠩ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ  ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠤᠰᠤᠨ ᠤ ᠴᠢᠳᠠᠮᠵᠢᠲᠤ ᠣᠷᠣᠨ ᠤ ᠤᠰᠤᠨ ᠤ ᠴᠢᠨᠠᠷ ᠤᠨ ᠪᠠᠶᠢᠳᠠᠯ ᠢ ᠬᠢᠨᠠᠨ ᠬᠡᠮᠵᠢᠵᠦ᠂ ᠭᠤᠣᠯ ᠪᠤᠯᠬᠤ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠨᠢ ᠬᠢᠵᠠᠭᠠᠷᠯᠠᠬᠤ ᠭᠦᠢᠴᠡᠳᠬᠡᠬᠦ ᠲᠤᠭ᠎ᠠ ᠠᠴᠠ ᠬᠡᠲᠦᠷᠡᠭᠰᠡᠨ᠂ ᠡᠰᠡᠬᠦᠯ᠎ᠡ ᠤᠰᠤᠨ ᠤ ᠴᠢᠳᠠᠮᠵᠢᠲᠤ ᠣᠷᠣᠨ ᠤ ᠤᠰᠤᠨ ᠤ ᠴᠢᠨᠠᠷ ᠨᠢ ᠤᠰᠤᠨ ᠣᠷᠣᠨ ᠢ ᠬᠡᠷᠡᠭᠯᠡᠬᠦ ᠴᠢᠳᠠᠮᠵᠢ ᠶᠢᠨ ᠤᠰᠤᠨ ᠤ ᠴᠢᠨᠠᠷ ᠲᠤ ᠲᠠᠯᠪᠢᠬᠤ ᠱᠠᠭᠠᠷᠳᠠᠯᠭ᠎ᠠ ᠳᠤ ᠭᠦᠷᠦᠭᠰᠡᠨ ᠦᠭᠡᠢ ᠪᠠᠶᠢᠬᠤ ᠶᠢ ᠣᠯᠵᠤ ᠮᠡᠳᠡᠪᠡᠯ᠂ ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠢ  ᠳᠤᠨᠢ ᠮᠡᠳᠡᠭᠦᠯᠵᠦ᠂ ᠵᠠᠰᠠᠬᠤ ᠠᠷᠭ᠎ᠠ ᠬᠡᠮᠵᠢᠶ᠎ᠡ ᠠᠪᠤᠭᠤᠯᠬᠤ ᠶᠢᠨ ᠬᠠᠮᠲᠤ ᠣᠷᠴᠢᠨ ᠲᠣᠭᠤᠷᠢᠨ ᠤ ᠬᠠᠮᠠᠭᠠᠯᠠᠯᠲᠠ  ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠳᠡᠬᠦ ᠬᠡᠷᠡᠭᠲᠡᠢ᠃       ᠭᠤᠴᠢᠨ ᠭᠤᠷᠪᠠᠳᠤᠭᠠᠷ ᠵᠦᠢᠯ ᠤᠯᠤᠰ ᠠᠴᠠ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ  ᠶᠢᠨ ᠣᠷᠣᠨ ᠤ ᠳᠦᠷᠢᠮ ᠢ ᠪᠠᠶᠢᠭᠤᠯᠤᠨ᠎ᠠ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ  ᠶᠢᠨ ᠠᠷᠠᠳ ᠤᠨ ᠵᠠᠰᠠᠭ ᠤᠨ ᠣᠷᠳᠣᠨ ᠨᠤᠭᠤᠳ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠵᠠᠭᠠᠭᠯᠠᠨ ᠲᠣᠭᠲᠠᠭᠠᠬᠤ ᠶᠢᠨ ᠬᠠᠮᠲᠤ ᠠᠷᠭ᠎ᠠ ᠬᠡᠮᠵᠢᠶ᠎ᠡ ᠠᠪᠴᠤ ᠪᠠᠶᠢᠭᠠᠳ ᠤᠰᠤᠨ ᠤ ᠡᠬᠢ ᠰᠤᠷᠪᠤᠯᠵᠢ  ᠶᠢᠨ ᠰᠢᠷᠭᠢᠬᠦ ᠪᠠ ᠤᠰᠤᠨ ᠴᠣᠭᠴᠠ ᠶᠢᠨ ᠪᠣᠬᠢᠷᠳᠤᠯ ᠢ ᠰᠡᠷᠭᠡᠶᠢᠯᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ  ᠤᠨ ᠤᠤᠭᠤᠬᠤ ᠤᠰᠤᠨ ᠤ ᠠᠶᠤᠯᠭᠦᠢ ᠪᠠᠶᠢᠬᠤ ᠶᠢ ᠪᠠᠲᠤᠯᠠᠬᠤ ᠬᠡᠷᠡᠭᠲᠡᠢ᠃       ᠭᠤᠴᠢᠨ ᠳᠥᠷᠪᠡᠳᠦᠭᠡᠷ ᠵᠦᠢᠯ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ  ᠳᠤ ᠪᠣᠬᠢᠷ ᠤᠰᠤ ᠢᠯᠭᠠᠨ ᠭᠠᠷᠭᠠᠬᠤ ᠠᠮᠠᠰᠠᠷ ᠭᠠᠷᠭᠠᠬᠤ ᠶᠢ ᠬᠤᠷᠢᠭᠯᠠᠨ᠎ᠠ᠃       ᠭᠤᠣᠯ ᠮᠥᠷᠡᠨ᠂ ᠨᠠᠭᠤᠷ ᠲᠣᠭᠤᠷᠢᠮ ᠳᠤ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠠᠮᠠᠰᠠᠷ ᠢ ᠰᠢᠨ᠎ᠡ  ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠤᠶᠤ ᠥᠷᠭᠡᠳᠬᠡᠨ ᠵᠠᠰᠠᠬᠤ ᠳᠠᠭᠠᠨ ᠬᠠᠷᠢᠶᠠᠯᠠᠬᠤ ᠡᠷᠬᠡ ᠲᠠᠢ ᠤᠰᠤᠨ ᠤ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ  ᠶᠢᠨ ᠪᠠᠶᠢᠭᠤᠯᠤᠮᠵᠢ ᠪᠠᠷ ᠵᠥᠪᠰᠢᠶᠡᠷᠡᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠣᠷᠴᠢᠨ ᠲᠣᠭᠤᠷᠢᠨ ᠳᠤ ᠦᠵᠡᠭᠦᠯᠭᠦ ᠨᠥᠯᠥᠭᠡᠯᠡᠯ ᠤᠨ ᠲᠤᠬᠠᠢ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠬᠦ ᠠᠵᠢᠯ  ᠢ ᠬᠠᠷᠢᠭᠤᠴᠠᠬᠤ ᠬᠡᠷᠡᠭᠲᠡᠢ᠃       ᠭᠤᠴᠢᠨ ᠲᠠᠪᠤᠳᠤᠭᠠᠷ ᠵᠦᠢᠯ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠭᠦᠢᠴᠡᠳᠬᠡᠬᠦ ᠳᠡᠭᠡᠨ ᠲᠠᠷᠢᠶᠠᠯᠠᠩ  ᠤᠨ ᠤᠰᠤᠯᠠᠯᠲᠠ ᠶᠢᠨ ᠤᠰᠤᠨ ᠰᠤᠷᠪᠤᠯᠵᠢ᠂ ᠤᠰᠤᠯᠠᠬᠤ ᠪᠠ ᠤᠰᠤ ᠵᠠᠯᠠᠬᠤ ᠪᠠᠷᠢᠯᠭ᠎ᠠ ᠶᠢᠨ ᠲᠥᠬᠦᠭᠡᠷᠦᠮᠵᠢ ᠶᠢ ᠡᠵᠡᠯᠡᠨ ᠬᠡᠷᠡᠭᠯᠡᠭᠰᠡᠨ ᠪᠤᠶᠤ ᠤᠤᠯ ᠤᠨ ᠪᠠᠶᠢᠭᠰᠠᠨ ᠤᠰᠤᠯᠠᠯᠲᠠ ᠳᠤ ᠬᠡᠷᠡᠭᠯᠡᠬᠦ ᠤᠰᠤ᠂ ᠤᠰᠤ ᠬᠠᠩᠭᠠᠬᠤ ᠤᠰᠤᠨ  ᠤ ᠡᠬᠢ ᠰᠤᠷᠪᠤᠯᠵᠢ ᠳᠤ ᠠᠰᠢᠭ ᠦᠭᠡᠢ ᠨᠥᠯᠥᠭᠡᠦᠵᠡᠭᠦᠯᠦᠭᠰᠡᠨ ᠪᠠᠶᠢᠪᠠᠯ᠂ ᠪᠦᠲᠦᠭᠡᠨ ᠪᠠᠶᠢᠭᠤᠯᠬᠤ ᠨᠢᠭᠡᠴᠢ ᠨᠢ ᠵᠣᠬᠢᠴᠠᠩᠭᠤᠢ ᠨᠥᠬᠦᠪᠦᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ︔ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠣᠰᠣᠭᠠᠷ ᠲᠥᠯᠥᠪᠦᠷᠢ ᠣᠯᠭᠤᠬᠤ ᠬᠡᠷᠡᠭᠲᠡᠢ᠃       ᠭᠤᠴᠢᠨ ᠵᠢᠷᠭᠤᠳᠤᠭᠠᠷ ᠵᠦᠢᠯ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠬᠡᠷᠡᠭᠯᠡᠭᠰᠡᠨ ᠣᠷᠣᠨ ᠳᠤ᠂ ᠰᠢᠶᠠᠩ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠷᠭ᠎ᠠ ᠬᠡᠮᠵᠢᠶ᠎ᠡ ᠠᠪᠴᠤ ᠪᠠᠶᠢᠭᠠᠳ ᠭᠠᠵᠠᠷ ᠳᠣᠣᠷᠠᠬᠢ ᠤᠰᠤ ᠶᠢ ᠨᠡᠭᠡᠭᠡᠨ ᠬᠡᠷᠡᠭᠯᠡᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠭᠠᠵᠠᠷ ᠳᠣᠣᠷᠠᠬᠢ ᠤᠰᠤ ᠶᠢ ᠬᠦᠨᠳᠦ ᠨᠣᠴᠢᠲᠠᠢ ᠬᠡᠲᠦᠷᠡᠲᠡᠯ᠎ᠡ ᠬᠡᠷᠡᠭᠯᠡᠭᠰᠡᠨ ᠣᠷᠣᠨ ᠳᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠭᠠᠵᠠᠷ ᠳᠣᠣᠷᠠᠬᠢ ᠤᠰᠤ ᠶᠢ ᠨᠡᠭᠡᠭᠡᠨ ᠣᠯᠪᠤᠷᠢᠯᠠᠬᠤ ᠶᠢ ᠬᠤᠷᠢᠭᠯᠠᠭᠰᠠᠨ ᠪᠤᠶᠤ ᠨᠡᠭᠡᠭᠡᠨ ᠣᠯᠪᠤᠷᠢᠯᠠᠬᠤ ᠶᠢ ᠬᠢᠵᠠᠭᠠᠷᠯᠠᠭᠰᠠᠨ ᠣᠷᠣᠨ ᠢ ᠵᠠᠭᠠᠭᠯᠠᠨ ᠲᠣᠭᠲᠠᠭᠠᠵᠤ ᠪᠣᠯᠣᠨ᠎ᠠ᠃ ᠳᠠᠯᠠᠢ ᠳᠠᠭᠠᠤ ᠣᠷᠣᠨ ᠳᠤ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠳᠠᠭᠠᠨ ᠰᠢᠨᠵᠢᠯᠡᠬᠦ ᠤᠬᠠᠭᠠᠨᠴᠢ ᠨᠤᠲᠠᠯᠠᠯᠲᠠ ᠭᠦᠢᠴᠡᠳᠬᠡᠬᠦ ᠶᠢᠨ ᠬᠠᠮᠲᠤ ᠠᠷᠭ᠎ᠠ ᠬᠡᠮᠵᠢᠶ᠎ᠡ ᠠᠪᠴᠤ ᠪᠠᠶᠢᠭᠠᠳ ᠭᠠᠵᠠᠷ ᠤᠨ ᠭᠠᠳᠠᠷᠭᠤ ᠰᠠᠭᠤᠭᠳᠠᠬᠤ ᠪᠠ ᠳᠠᠯᠠᠢ ᠶᠢᠨ ᠤᠰᠤ ᠲᠦᠷᠢᠨ ᠣᠷᠣᠬᠤ ᠠᠴᠠ ᠰᠡᠷᠭᠡᠶᠢᠯᠡᠬᠦ ᠬᠡᠷᠡᠭᠲᠡᠢ᠃       ᠭᠤᠴᠢᠨ ᠳᠣᠯᠣᠳᠤᠭᠠᠷ ᠵᠦᠢᠯ ᠭᠤᠣᠯ ᠮᠥᠷᠡᠨ᠂ ᠨᠠᠭᠤᠷ ᠲᠠᠩᠭᠢᠰ᠂ ᠴᠥᠭᠦᠷᠥᠮ᠂ ᠲᠠᠲᠠᠮᠠᠯ ᠭᠤᠣᠯ ᠪᠠ ᠰᠤᠪᠠᠭ ᠳᠣᠲᠣᠷ᠎ᠠ ᠦᠶᠡᠷ ᠤᠷᠤᠰᠬᠠᠬᠤ ᠶᠢ ᠬᠠᠷᠰᠢᠯᠠᠬᠤ ᠶᠠᠭᠤᠮᠠᠰ ᠬᠠᠶᠠᠬᠤ᠂ ᠣᠪᠣᠭᠠᠯᠠᠬᠤ ᠪᠠ ᠦᠶᠡᠷ ᠤᠷᠤᠰᠬᠠᠬᠤ ᠶᠢ ᠬᠠᠷᠰᠢᠯᠠᠬᠤ ᠣᠢ ᠮᠣᠳᠣ ᠵᠢᠴᠢ ᠥᠨᠳᠥᠷ ᠡᠰᠢᠲᠦ ᠲᠠᠷᠢᠮᠠᠯ ᠲᠠᠷᠢᠬᠤ ᠶᠢ ᠬᠤᠷᠢᠭᠯᠠᠨ᠎ᠠ᠃       ᠭᠤᠣᠯ ᠮᠥᠷᠡᠨ ᠶᠢᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠦᠶᠡᠷ ᠤᠷᠤᠰᠬᠠᠬᠤ ᠶᠢ ᠬᠠᠷᠰᠢᠯᠠᠬᠤ ᠪᠠᠷᠢᠯᠭ᠎ᠠ ᠪᠠ ᠪᠠᠷᠢᠯᠭ᠎ᠠ ᠶᠢᠨ ᠡᠳ᠋ ᠪᠠᠶᠢᠭᠤᠯᠬᠤ ᠵᠢᠴᠢ ᠭᠤᠣᠯ ᠤᠨ ᠤᠷᠤᠰᠬᠠᠯ ᠤᠨ ᠲᠣᠭᠲᠠᠭᠤᠨ ᠪᠠᠶᠢᠳᠠᠯ ᠢ ᠨᠥᠯᠥᠭᠡᠯᠡᠬᠦ᠂ ᠭᠤᠣᠯ ᠤᠨ ᠬᠠᠰᠢᠯᠭ᠎ᠠ ᠳᠠᠯᠠᠩ ᠤᠨ ᠠᠶᠤᠯᠭᠦᠢ ᠪᠠᠶᠢᠳᠠᠯ ᠳᠤ ᠬᠤᠬᠢᠷᠠᠯ ᠤᠴᠠᠷᠠᠭᠤᠯᠬᠤ ᠪᠠ ᠭᠤᠣᠯ ᠮᠥᠷᠡᠨ ᠶᠢᠨ ᠵᠠᠮ ᠢᠶᠠᠷ ᠦᠶᠡᠷ ᠤᠷᠤᠰᠬᠠᠬᠤ ᠶᠢ ᠬᠠᠷᠰᠢᠯᠠᠬᠤ ᠠᠵᠢᠯᠯᠠᠭ᠎ᠠ ᠭᠦᠢᠴᠡᠳᠬᠡᠬᠦ ᠶᠢ ᠬᠤᠷᠢᠭᠯᠠᠨ᠎ᠠ᠃       ᠭᠤᠴᠢᠨ ᠨᠠᠢᠮᠠᠳᠤᠭᠠᠷ ᠵᠦᠢᠯ ᠭᠤᠣᠯ ᠮᠥᠷᠡᠨ ᠤ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠬᠥᠭᠦᠷᠭᠡ ᠲᠠᠯᠪᠢᠬᠤ᠂ ᠭᠠᠷᠠᠮ ᠪᠠᠶᠢᠭᠤᠯᠬᠤ ᠪᠠ ᠪᠤᠰᠤᠳ ᠭᠤᠣᠯ ᠬᠠᠰᠢᠬᠤ᠂ ᠭᠤᠣᠯ ᠰᠤᠨᠳᠠᠯᠠᠬᠤ᠂ ᠭᠤᠣᠯ ᠰᠤᠨᠳᠠᠯᠠᠬᠤ ᠪᠠᠷᠢᠯᠭ᠎ᠠ᠂ ᠭᠤᠣᠯ ᠰᠤᠨᠳᠠᠯᠠᠭᠰᠠᠨ ᠪᠠᠷᠢᠯᠭ᠎ᠠ ᠪᠠ ᠪᠠᠷᠢᠯᠭ᠎ᠠ ᠶᠢᠨ ᠡᠳ᠋ ᠪᠦᠲᠦᠭᠡᠨ ᠪᠠᠶᠢᠭᠤᠯᠬᠤ᠂ ᠭᠤᠣᠯ ᠠᠯᠤᠰᠯᠠᠭᠰᠠᠨ ᠬᠤᠭᠤᠯᠠᠢ ᠬᠤᠭᠤᠯᠠᠢ ᠲᠠᠯᠪᠢᠬᠤ᠂ ᠴᠠᠭᠢᠯᠭᠠᠨ ᠳᠡᠭᠡᠰᠦ ᠳᠡᠪᠢᠰᠬᠦ ᠳᠡᠭᠡᠨ ᠤᠯᠤᠰ ᠤᠨ ᠲᠣᠭᠲᠠᠭᠠᠭᠰᠠᠨ ᠦᠶᠡᠷ ᠢ ᠰᠡᠷᠭᠡᠶᠢᠯᠡᠬᠦ ᠪᠠᠷᠢᠮᠵᠢᠶ᠎ᠠ ᠪᠣᠯᠣᠨ ᠪᠤᠰᠤᠳ ᠬᠤᠯᠪᠣᠭᠳᠠᠯ ᠪᠦᠬᠦᠢ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠯ ᠢᠶᠠᠨ ᠦᠶᠡᠷ  ᠢ ᠰᠡᠷᠭᠡᠶᠢᠯᠡᠬᠦ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠤᠰᠤᠨ ᠤ ᠶᠠᠪᠤᠳᠠᠯ  ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠬᠡᠷᠡᠭᠲᠡᠢ᠃       ᠡᠮᠦᠨᠡᠬᠢ ᠪᠠᠳᠠᠭ ᠲᠤ ᠳᠤᠷᠠᠳᠤᠭᠰᠠᠨ ᠪᠠᠷᠢᠯᠭ᠎ᠠ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠠᠴᠠ ᠪᠣᠯᠵᠤ᠂ ᠤᠤᠯ ᠤᠨ ᠪᠠᠶᠢᠭᠰᠠᠨ ᠤᠰᠤᠨ ᠤ ᠪᠠᠷᠢᠯᠭ᠎ᠠ ᠲᠥᠬᠦᠭᠡᠷᠦᠮᠵᠢ ᠶᠢ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠨᠤᠷᠠᠭᠠᠬᠤ ᠪᠤᠶᠤ ᠡᠪᠳᠡᠬᠦ ᠴᠢᠬᠤᠯᠠ ᠲᠠᠢ ᠪᠠᠶᠢᠪᠠᠯ᠂ ᠪᠦᠲᠦᠭᠡᠨ ᠪᠠᠶᠢᠭᠤᠯᠬᠤ ᠨᠢᠭᠡᠴᠢ ᠨᠢ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠵᠠᠷᠤᠳᠠᠯ ᠪᠣᠯᠣᠨ ᠬᠤᠬᠢᠷᠠᠯ ᠤᠨ ᠲᠥᠯᠥᠪᠦᠷᠢ ᠶᠢ ᠡᠭᠦᠷᠭᠡᠯᠡᠬᠦ ᠬᠡᠷᠡᠭᠲᠡᠢ᠃ ᠭᠡᠪᠡᠴᠦ ᠤᠤᠯ ᠤᠨ ᠪᠠᠶᠢᠭᠰᠠᠨ ᠪᠠᠷᠢᠯᠭ᠎ᠠ ᠲᠥᠬᠦᠭᠡᠷᠦᠮᠵᠢ ᠨᠢ ᠬᠠᠤᠯᠢ ᠶᠢ ᠵᠥᠷᠢᠴᠡᠭᠰᠡᠨ ᠪᠠᠷᠢᠯᠭ᠎ᠠ ᠳᠤ ᠲᠣᠭᠠᠴᠢᠭᠳᠠᠬᠤ ᠨᠢ ᠡᠭᠦᠨ ᠳᠤ ᠪᠠᠭᠲᠠᠬᠤ ᠦᠭᠡᠢ᠃       ᠭᠤᠴᠢ ᠶᠢᠰᠦᠳᠦᠭᠡᠷ ᠵᠦᠢᠯ ᠤᠯᠤᠰ ᠠᠴᠠ ᠭᠤᠣᠯ ᠮᠥᠷᠡᠨ ᠶᠢᠨ ᠵᠠᠮ ᠠᠴᠠ ᠡᠯᠡᠰᠦ ᠣᠯᠪᠤᠷᠢᠯᠠᠬᠤ ᠵᠥᠪᠰᠢᠶᠡᠷᠡᠯ ᠤᠨ ᠳᠦᠷᠢᠮ ᠢ ᠬᠡᠷᠡᠭᠵᠢᠭᠦᠯᠦᠨ᠎ᠡ᠃ ᠭᠤᠣᠯ ᠮᠥᠷᠡᠨ ᠶᠢᠨ ᠵᠠᠮ ᠠᠴᠠ ᠡᠯᠡᠰᠦ ᠣᠯᠪᠤᠷᠢᠯᠠᠬᠤ ᠵᠥᠪᠰᠢᠶᠡᠷᠡᠯ ᠤᠨ ᠳᠦᠷᠢᠮ ᠢ ᠬᠡᠷᠡᠭᠵᠢᠭᠦᠯᠬᠦ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃       ᠭᠤᠣᠯ ᠮᠥᠷᠡᠨ ᠶᠢᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠡᠯᠡᠰᠦ ᠮᠠᠯᠲᠠᠭᠠᠳ ᠭᠤᠣᠯ ᠤᠨ ᠤᠷᠤᠰᠬᠠᠯ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠪᠤᠶᠤ ᠬᠠᠰᠢᠯᠭ᠎ᠠ ᠳᠠᠯᠠᠩ ᠤᠨ ᠠᠶᠤᠯᠭᠦᠢ ᠪᠠᠶᠢᠳᠠᠯ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠬᠤᠯᠪᠣᠭᠳᠠᠯ ᠪᠦᠬᠦᠢ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ  ᠠᠴᠠ ᠣᠯᠪᠤᠷᠢᠯᠠᠬᠤ ᠶᠢ ᠬᠤᠷᠢᠭᠯᠠᠬᠤ ᠣᠷᠣᠨ ᠵᠠᠭᠠᠭᠯᠠᠨ ᠲᠣᠭᠲᠠᠭᠠᠵᠤ᠂ ᠣᠯᠪᠤᠷᠢᠯᠠᠬᠤ ᠶᠢ ᠬᠤᠷᠢᠭᠯᠠᠬᠤ ᠬᠤᠭᠤᠴᠠᠭ᠎ᠠ ᠲᠣᠭᠲᠠᠭᠠᠬᠤ ᠶᠢᠨ ᠬᠠᠮᠲᠤ ᠠᠯᠪᠠᠨ ᠵᠠᠷ ᠭᠠᠷᠭᠠᠬᠤ ᠬᠡᠷᠡᠭᠲᠡᠢ᠃       ᠳᠥᠴᠢᠳᠦᠭᠡᠷ ᠵᠦᠢᠯ ᠨᠠᠭᠤᠷ ᠢ ᠬᠦᠷᠢᠶᠡᠯᠡᠨ ᠭᠠᠵᠠᠷ ᠭᠠᠷᠭᠠᠬᠤ ᠶᠢ ᠬᠤᠷᠢᠭᠯᠠᠨ᠎ᠠ᠃ ᠨᠢᠭᠡᠨᠲᠡ ᠬᠦᠷᠢᠶᠡᠯᠡᠨ ᠬᠠᠭᠠᠯᠪᠤᠷᠢᠯᠠᠭᠰᠠᠨ ᠪᠠᠶᠢᠪᠠᠯ ᠤᠯᠤᠰ ᠤᠨ ᠲᠣᠭᠲᠠᠭᠠᠭᠰᠠᠨ ᠦᠶᠡᠷ ᠢ ᠰᠡᠷᠭᠡᠶᠢᠯᠡᠬᠦ ᠪᠠᠷᠢᠮᠵᠢᠶ᠎ᠠ ᠶᠣᠰᠣᠭᠠᠷ ᠲᠥᠯᠥᠪᠯᠡᠯᠭᠡ ᠲᠠᠢ ᠪᠠᠷ ᠲᠠᠷᠢᠶᠠᠯᠠᠬᠤ ᠪᠠᠨ ᠵᠣᠭᠰᠣᠭᠠᠵᠤ ᠨᠠᠭᠤᠷ ᠢ ᠰᠡᠷᠭᠦᠭᠡᠬᠦ ᠬᠡᠷᠡᠭᠲᠡᠢ᠃       ᠭᠤᠣᠯ ᠤᠨ ᠵᠠᠮ ᠢ ᠬᠦᠷᠢᠶᠡᠯᠡᠨ ᠬᠠᠭᠠᠯᠪᠤᠷᠢᠯᠠᠬᠤ ᠶᠢ ᠬᠤᠷᠢᠭᠯᠠᠨ᠎ᠠ᠃ ᠦᠨᠡᠬᠡᠷ ᠬᠦᠷᠢᠶᠡᠯᠡᠵᠦ ᠬᠠᠭᠠᠯᠪᠤᠷᠢᠯᠠᠬᠤ ᠴᠢᠬᠤᠯᠠᠲᠠᠢ ᠪᠣᠯ ᠰᠢᠨᠵᠢᠯᠡᠬᠦ ᠤᠬᠠᠭᠠᠨᠴᠢ ᠨᠤᠲᠠᠯᠠᠯᠲᠠ ᠬᠢᠵᠦ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠲᠤᠰ ᠱᠠᠲᠤᠨ ᠤ ᠪᠠᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃       ᠳᠥᠴᠢᠨ ᠨᠢᠭᠡᠳᠦᠭᠡᠷ ᠵᠦᠢᠯ ᠨᠢᠭᠡᠴᠢ ᠪᠠ ᠬᠤᠪᠢ ᠬᠥᠮᠥᠨ ᠤᠰᠤᠨ ᠤ ᠪᠠᠷᠢᠯᠭ᠎ᠠ ᠶᠢ ᠬᠠᠮᠠᠭᠠᠯᠠᠬᠤ ᠡᠭᠦᠷᠭᠡ  ᠲᠠᠢ᠂ ᠬᠠᠰᠢᠯᠭ᠎ᠠ ᠳᠠᠯᠠᠩ᠂ ᠡᠷᠭᠢ ᠶᠢᠨ ᠬᠠᠯᠬᠠᠪᠴᠢ᠂ ᠦᠶᠡᠷ ᠢ ᠰᠡᠷᠭᠡᠶᠢᠯᠡᠬᠦ ᠲᠥᠬᠦᠭᠡᠷᠦᠮᠵᠢ᠂ ᠤᠰᠤᠨ ᠵᠦᠢ ᠶᠢᠨ ᠬᠢᠨᠠᠨ ᠬᠡᠮᠵᠢᠬᠦ ᠲᠥᠬᠦᠭᠡᠷᠦᠮᠵᠢ᠂ ᠤᠰᠤ ᠭᠠᠵᠠᠷ ᠰᠢᠨᠵᠢᠯᠡᠭᠡᠨ ᠤ ᠬᠢᠨᠠᠨ ᠬᠡᠮᠵᠢᠬᠦ ᠲᠥᠬᠦᠭᠡᠷᠦᠮᠵᠢ ᠵᠡᠷᠭᠡ ᠪᠠᠷᠢᠯᠭ᠎ᠠ  ᠶᠢᠨ ᠲᠥᠬᠦᠭᠡᠷᠦᠮᠵᠢ ᠶᠢ ᠡᠵᠡᠯᠡᠵᠦ᠂ ᠡᠪᠳᠡᠵᠦ ᠪᠤᠯᠬᠤ ᠦᠭᠡᠢ᠃       ᠳᠥᠴᠢᠨ ᠬᠤᠶᠠᠳᠤᠭᠠᠷ ᠵᠦᠢᠯ ᠰᠢᠶᠠᠩ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠷᠭ᠎ᠠ ᠬᠡᠮᠵᠢᠶ᠎ᠡ ᠠᠪᠴᠤ ᠪᠠᠶᠢᠭᠠᠳ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠤᠰᠤᠨ ᠤ ᠪᠠᠷᠢᠯᠭ᠎ᠠ᠂ ᠢᠯᠠᠩᠭᠤᠶ᠎ᠠ ᠤᠰᠤᠨ ᠤ ᠬᠠᠰᠢᠯᠭ᠎ᠠ ᠳᠠᠯᠠᠩ ᠤᠨ ᠠᠶᠤᠯᠭᠦᠢ ᠪᠠᠶᠢᠬᠤ ᠶᠢ ᠪᠠᠲᠤᠯᠠᠵᠤ᠂ ᠲᠦᠭᠰᠢᠭᠦᠷᠢᠲᠦ ᠪᠠᠶᠢᠳᠠᠯ ᠢ ᠬᠤᠭᠤᠴᠠᠭ᠎ᠠ ᠲᠣᠭᠲᠠᠭᠠᠨ ᠠᠷᠢᠯᠭᠠᠬᠤ ᠬᠡᠷᠡᠭᠲᠡᠢ᠃ ᠤᠰᠤᠨ ᠤ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠰᠤᠨ ᠤ ᠪᠠᠷᠢᠯᠭ᠎ᠠ ᠶᠢᠨ ᠠᠶᠤᠯᠭᠦᠢ ᠪᠠᠶᠢᠳᠠᠯ ᠤᠨ ᠲᠤᠬᠠᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃       ᠳᠥᠴᠢᠨ ᠭᠤᠷᠪᠠᠳᠤᠭᠠᠷ ᠵᠦᠢᠯ ᠤᠯᠤᠰ ᠠᠴᠠ ᠤᠰᠤᠨ ᠤ ᠪᠠᠷᠢᠯᠭ᠎ᠠ ᠶᠢ ᠬᠠᠮᠠᠭᠠᠯᠠᠨ᠎ᠠ᠃ ᠤᠯᠤᠰ ᠤᠨ ᠪᠤᠢ ᠪᠦᠬᠦᠢ ᠤᠰᠤᠨ ᠤ ᠪᠠᠷᠢᠯᠭ᠎ᠠ ᠳᠤ ᠴᠥᠮ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠶᠣᠰᠣᠭᠠᠷ ᠪᠠᠷᠢᠯᠭ᠎ᠠ  ᠶᠢᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠵᠠᠭᠠᠭᠯᠠᠨ ᠲᠣᠭᠲᠠᠭᠠᠬᠤ ᠬᠡᠷᠡᠭᠲᠡᠢ᠃       ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠠᠮᠢᠶᠠᠷᠴᠤ ᠪᠠᠶᠢᠭ᠎ᠠ ᠤᠰᠤᠨ ᠤ ᠪᠠᠷᠢᠯᠭ᠎ᠠ ᠮᠥᠨ ᠪᠠᠶᠢᠪᠠᠯ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠣᠯᠣᠨ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ ᠵᠥᠪᠳᠡᠯᠴᠡᠵᠦ ᠪᠠᠶᠢᠭᠠᠳ ᠪᠠᠷᠢᠯᠭ᠎ᠠ ᠶᠢᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠨᠢ ᠵᠠᠭᠠᠭᠯᠠᠨ ᠲᠣᠭᠲᠠᠭᠠᠨ᠎ᠠ᠃       ᠡᠮᠦᠨᠡᠬᠢ ᠪᠠᠳᠠᠭ ᠲᠤ ᠲᠣᠭᠲᠠᠭᠠᠭᠰᠠᠨ ᠠᠴᠠ ᠭᠠᠳᠠᠨᠠᠬᠢ ᠪᠤᠰᠤᠳ ᠤᠰᠤᠨ ᠤ ᠪᠠᠷᠢᠯᠭ᠎ᠠ ᠨᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ᠶᠣᠰᠣᠭᠠᠷ᠂ ᠪᠠᠷᠢᠯᠭ᠎ᠠ ᠶᠢᠨ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠪᠣᠯᠣᠨ ᠬᠠᠮᠠᠭᠠᠯᠠᠯᠲᠠ ᠶᠢᠨ ᠡᠭᠦᠷᠭᠡ ᠬᠠᠷᠢᠭᠤᠴᠠᠯᠭ᠎ᠠ ᠶᠢ ᠵᠠᠭᠠᠭᠯᠠᠨ ᠲᠣᠭᠲᠠᠭᠠᠬᠤ ᠬᠡᠷᠡᠭᠲᠡᠢ᠃       ᠤᠰᠤᠨ ᠤ ᠪᠠᠷᠢᠯᠭ᠎ᠠ ᠶᠢᠨ ᠬᠠᠮᠠᠭᠠᠯᠠᠯᠲᠠ ᠶᠢᠨ ᠬᠦᠷᠢᠶ᠎ᠡ ᠬᠡᠪᠴᠢᠶᠡᠨ ᠳᠤ ᠤᠰᠤᠨ ᠤ ᠪᠠᠷᠢᠯᠭ᠎ᠠ ᠶᠢᠨ ᠠᠵᠢᠯᠯᠠᠭᠠᠨ ᠢ ᠨᠥᠯᠥᠭᠡᠯᠡᠬᠦ ᠪᠠ ᠤᠰᠤᠨ ᠤ ᠪᠠᠷᠢᠯᠭ᠎ᠠ ᠶᠢᠨ ᠠᠶᠦᠯᠭᠦᠢ ᠶᠢ ᠬᠥᠨᠥᠭᠡᠬᠦ ᠳᠡᠯᠪᠡᠴᠢᠬᠦ᠂ ᠬᠤᠳᠳᠤᠭ ᠣᠯᠪᠤᠷᠢᠯᠠᠬᠤ᠂ ᠴᠢᠯᠠᠭᠤ ᠭᠠᠷᠭᠠᠬᠤ᠂ ᠰᠢᠷᠣᠢ ᠠᠪᠬᠤ ᠵᠡᠷᠭᠡ ᠠᠵᠢᠯᠯᠠᠭ᠎ᠠ ᠭᠦᠢᠴᠡᠳᠬᠡᠬᠦ ᠶᠢ ᠬᠤᠷᠢᠭᠯᠠᠨ᠎ᠠ᠃       ᠲᠠᠪᠤᠳᠤᠭᠠᠷ ᠪᠦᠯᠦᠭ ᠤᠰᠤᠨ ᠤ ᠡᠬᠢ ᠪᠠᠶᠠᠯᠢᠭ ᠢ ᠵᠣᠬᠢᠴᠠᠭᠤᠯᠬᠤ ᠪᠠ ᠠᠷᠪᠢᠯᠠᠵᠤ ᠬᠡᠷᠡᠭᠯᠡᠬᠦ       ᠳᠥᠴᠢᠨ ᠳᠥᠷᠪᠡᠳᠦᠭᠡᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠬᠥᠭᠵᠢᠯᠲᠡ ᠶᠢᠨ ᠲᠥᠯᠥᠪᠯᠡᠭᠡᠨ  ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠪᠦᠭᠦ ᠤᠯᠤᠰ ᠤᠨ ᠤᠰᠤᠨ ᠤ ᠡᠬᠢ ᠪᠠᠶᠠᠯᠢᠭ  ᠤᠨ ᠬᠤᠷᠸ᠎ᠠ ᠲᠣᠬᠢᠷᠠᠭᠤᠯᠭ᠎ᠠ ᠶᠢᠨ ᠠᠵᠢᠯ ᠢ ᠬᠠᠷᠢᠭᠤᠴᠠᠨ᠎ᠠ᠃ ᠪᠦᠭᠦ ᠤᠯᠤᠰ ᠤᠨ ᠪᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠰᠤᠨᠳᠠᠯᠠᠭᠰᠠᠨ ᠤᠰᠤᠨ ᠤ ᠶᠠᠪᠤᠳᠠᠯ ᠤᠨ ᠤᠷᠲᠤ ᠰᠢᠭ᠋ ᠬᠤᠭᠤᠴᠠᠭᠠᠨ  ᠤ ᠪᠠ ᠤᠷᠲᠤ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠦᠪᠵᠢᠭᠦᠯᠭᠡ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠲᠤᠷᠠᠵᠤ ᠪᠠᠶᠢᠭᠠᠳ ᠲᠣᠭᠲᠠᠭᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠥᠭᠵᠢᠯᠲᠡ ᠶᠢᠨ ᠲᠥᠯᠥᠪᠯᠡᠭᠡᠨ ᠶᠢᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠵᠤ ᠳᠥᠴᠢ ᠶᠢᠨ ᠳᠠᠷᠠᠭ᠎ᠠ ᠬᠡᠷᠡᠭᠵᠢᠭᠦᠯᠦᠨ᠎ᠡ᠃ ᠣᠷᠣᠨ ᠨᠤᠲᠤᠭ ᠤᠨ ᠤᠰᠤᠨ ᠤ ᠶᠠᠪᠤᠳᠠᠯ ᠤᠨ ᠤᠷᠲᠤ ᠰᠢᠭ᠋ ᠬᠤᠭᠤᠴᠠᠭᠠᠨ ᠤ ᠪᠠ ᠤᠷᠲᠤ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠦᠪᠵᠢᠭᠦᠯᠭᠡ ᠶᠢ ᠰᠢᠶᠠᠩ  ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠲᠤᠷᠠᠵᠤ ᠪᠠᠶᠢᠭᠠᠳ ᠳᠡᠭᠡᠷ᠎ᠡ ᠨᠢᠭᠡ ᠱᠠᠲᠤᠨ ᠤ ᠤᠰᠤᠨ ᠤ ᠶᠠᠪᠤᠳᠠᠯ ᠤᠨ ᠤᠷᠲᠤ ᠰᠢᠭ᠋ ᠬᠤᠭᠤᠴᠠᠭᠠᠨ ᠤ ᠪᠠ ᠤᠷᠲᠤ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠦᠪᠵᠢᠭᠦᠯᠭᠡ ᠪᠣᠯᠣᠨ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ ᠲᠣᠭᠲᠠᠭᠠᠵᠤ᠂ ᠲᠤᠰ ᠱᠠᠲᠤᠨ ᠤ ᠠᠷᠠᠳ ᠤᠨ ᠵᠠᠰᠠᠭ  ᠤᠨ ᠣᠷᠳᠣᠨ ᠤ ᠬᠥᠭᠵᠢᠯᠲᠡ ᠶᠢᠨ ᠲᠥᠯᠥᠪᠯᠡᠭᠡᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃       ᠤᠰᠤᠨ ᠤ ᠶᠠᠪᠤᠳᠠᠯ ᠤᠨ ᠤᠷᠲᠤ ᠰᠢᠭ᠋ ᠬᠤᠭᠤᠴᠠᠭᠠᠨ ᠤ ᠪᠠ ᠤᠷᠲᠤ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠦᠪᠵᠢᠭᠦᠯᠭᠡ ᠶᠢ ᠤᠰᠤᠨ ᠤ ᠬᠠᠩᠭᠠᠯᠭ᠎ᠠ ᠬᠡᠷᠡᠭᠴᠡᠭᠡ ᠶᠢᠨ ᠣᠳᠣᠬᠢ ᠪᠠᠶᠢᠳᠠᠯ᠂ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ᠂ ᠰᠠᠪᠠ ᠭᠠᠵᠠᠷ ᠤᠨ ᠲᠥᠯᠦᠪᠵᠢᠭᠦᠯᠭᠡ᠂ ᠣᠷᠣᠨ ᠪᠦᠰᠡ ᠶᠢᠨ ᠲᠥᠯᠦᠪᠵᠢᠭᠦᠯᠭᠡ ᠶᠢ ᠦᠨᠳᠦᠰᠦᠯᠡᠨ᠂ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠬᠤ᠂ ᠶᠡᠷᠦᠩᠬᠡᠶᠢᠯᠡᠨ ᠲᠡᠩᠴᠡᠭᠦᠯᠬᠦ᠂ ᠠᠮᠢ ᠠᠬᠤᠢ ᠶᠢ ᠬᠠᠮᠠᠭᠠᠯᠠᠬᠤ᠂ ᠰᠠᠶᠢᠲᠤᠷ ᠠᠷᠪᠢᠯᠠᠨ ᠭᠠᠮᠨᠠᠬᠤ᠂ ᠡᠬᠢ ᠰᠤᠷᠪᠤᠯᠵᠢ ᠶᠢ ᠵᠦᠢ ᠵᠣᠬᠢᠰᠲᠠᠢ ᠨᠡᠭᠡᠭᠡᠬᠦ ᠵᠠᠷᠴᠢᠮ ᠶᠣᠰᠣᠭᠠᠷ ᠲᠣᠭᠲᠠᠭᠠᠬᠤ ᠬᠡᠷᠡᠭᠲᠡᠢ᠃       ᠳᠥᠴᠢᠨ ᠲᠠᠪᠤᠳᠤᠭᠠᠷ ᠵᠦᠢᠯ ᠤᠷᠤᠰᠬᠠᠯ ᠤᠰᠤ ᠶᠢ ᠲᠣᠬᠢᠷᠠᠭᠤᠯᠤᠨ ᠬᠠᠳᠠᠭᠠᠯᠠᠬᠤ ᠪᠠ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠳᠠᠭᠠᠨ ᠰᠠᠪᠠ ᠭᠠᠵᠠᠷ ᠤᠨ ᠲᠥᠯᠦᠪᠵᠢᠭᠦᠯᠭᠡ ᠪᠣᠯᠣᠨ ᠤᠰᠤᠨ ᠤ ᠶᠠᠪᠤᠳᠠᠯ ᠤᠨ ᠤᠷᠲᠤ ᠰᠢᠭ᠋ ᠪᠠ ᠤᠷᠲᠤ ᠰᠢᠭ᠋ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠦᠪᠵᠢᠭᠦᠯᠭᠡ ᠶᠢ ᠦᠨᠳᠦᠰᠦᠯᠡᠨ᠂ ᠰᠠᠪᠠ ᠭᠠᠵᠠᠷ ᠢᠶᠠᠷ ᠨᠢᠭᠡᠴᠢ ᠪᠣᠯᠭᠠᠨ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠥᠯ ᠢ ᠲᠣᠭᠲᠠᠭᠠᠬᠤ ᠬᠡᠷᠡᠭᠲᠡᠢ᠃       ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠰᠤᠨᠳᠠᠯᠠᠭᠰᠠᠨ ᠤᠰᠤᠨ ᠤ ᠬᠡᠮᠵᠢᠶ᠎ᠡ  ᠶᠢ ᠬᠤᠪᠢᠶᠠᠷᠢᠯᠠᠬᠤ ᠲᠥᠰᠥᠯ ᠪᠠ ᠭᠠᠩᠳᠠᠭᠰᠠᠨ ᠪᠠᠴᠢᠮ ᠪᠠᠶᠢᠳᠠᠯ ᠳᠣᠣᠷᠠᠬᠢ ᠤᠰᠤᠨ ᠤ ᠬᠡᠮᠵᠢᠶ᠎ᠡ ᠶᠢ ᠵᠣᠬᠢᠴᠠᠭᠤᠯᠬᠤ ᠤᠷᠢᠳᠴᠢᠯᠠᠨ ᠰᠢᠢᠳᠪᠦᠷᠢᠯᠡᠬᠦ ᠲᠥᠰᠥᠯ ᠢ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ  ᠠᠴᠠ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ ᠵᠥᠪᠳᠡᠯᠴᠡᠨ ᠲᠣᠭᠲᠠᠭᠠᠵᠤ᠂ ᠲᠥᠷᠥ ᠶᠢᠨ ᠶᠠᠪᠤᠳᠠᠯ ᠤᠨ ᠬᠤᠷᠢᠶ᠎ᠠ ᠪᠤᠶᠤ ᠲᠡᠭᠦᠨ ᠤ ᠡᠷᠬᠡ ᠣᠯᠭᠤᠭᠰᠠᠨ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ ᠪᠤᠰᠤᠳ ᠵᠠᠰᠠᠭ ᠵᠠᠬᠢᠷᠭᠠᠨ ᠤ ᠣᠷᠣᠨ ᠰᠤᠨᠳᠠᠯᠠᠭᠰᠠᠨ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠥᠯ ᠪᠠ ᠭᠠᠩᠳᠠᠭᠰᠠᠨ ᠪᠠᠴᠢᠮ ᠪᠠᠶᠢᠳᠠᠯ ᠳᠣᠣᠷᠠᠬᠢ ᠤᠰᠤᠨ ᠤ ᠬᠡᠮᠵᠢᠶ᠎ᠡ ᠶᠢ ᠵᠣᠬᠢᠴᠠᠭᠤᠯᠬᠤ ᠤᠷᠢᠳᠴᠢᠯᠠᠨ ᠰᠢᠢᠳᠪᠦᠷᠢᠯᠡᠬᠦ ᠲᠥᠰᠥᠯ ᠢ ᠬᠠᠮᠲᠤ ᠶᠢᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠲᠠᠢ ᠵᠥᠪᠳᠡᠯᠴᠡᠨ ᠲᠣᠭᠲᠠᠭᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃       ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠥᠯ ᠪᠠ ᠭᠠᠩᠳᠠᠭᠰᠠᠨ ᠪᠠᠴᠢᠮ ᠪᠠᠶᠢᠳᠠᠯ ᠳᠣᠣᠷᠠᠬᠢ ᠤᠰᠤᠨ  ᠤ ᠬᠡᠮᠵᠢᠶ᠎ᠡ ᠶᠢ ᠵᠣᠬᠢᠴᠠᠭᠤᠯᠬᠤ ᠤᠷᠢᠳᠴᠢᠯᠠᠨ ᠰᠢᠢᠳᠪᠦᠷᠢᠯᠡᠬᠦ ᠲᠥᠰᠥᠯ ᠢ ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠡᠷᠬᠡᠪᠰᠢ ᠬᠡᠷᠡᠭᠵᠢᠭᠦᠯᠬᠦ ᠬᠡᠷᠡᠭᠲᠡᠢ᠃       ᠠᠳᠠᠯᠢ ᠪᠤᠰᠤ ᠵᠠᠰᠠᠭ ᠵᠠᠬᠢᠷᠭᠠᠨ ᠤ ᠣᠷᠣᠨ ᠤ ᠬᠤᠭᠤᠷᠣᠨᠳᠣᠭᠢ ᠬᠢᠯᠢ ᠶᠢᠨ ᠵᠠᠭᠠᠭ ᠤᠨ ᠭᠤᠣᠯ ᠮᠥᠷᠡᠨ ᠳᠡᠭᠡᠷ᠎ᠡ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠵᠦᠢᠯᠡᠰ ᠢ ᠪᠦᠲᠦᠭᠡᠨ ᠪᠠᠶᠢᠭᠤᠯᠬᠤ ᠳᠠᠭᠠᠨ ᠲᠤᠰ ᠰᠠᠪᠠ ᠭᠠᠵᠠᠷ ᠤᠨ ᠵᠥᠪᠰᠢᠶᠡᠷᠡᠭᠦᠯᠦᠭᠰᠡᠨ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠥᠯ ᠳᠤ ᠨᠡᠶᠢᠴᠡᠭᠦᠯᠵᠦ᠂ ᠬᠤᠯᠪᠣᠭᠳᠠᠯ ᠪᠦᠬᠦᠢ ᠰᠢᠶᠠᠩ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠮᠲᠤ ᠶᠢᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ  ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠬᠤᠯᠪᠣᠭᠳᠠᠯ ᠪᠦᠬᠦᠢ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃       ᠳᠥᠴᠢᠨ ᠵᠢᠷᠭᠤᠳᠤᠭᠠᠷ ᠵᠦᠢᠯ ᠰᠢᠶᠠᠩ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠥᠪᠰᠢᠶᠡᠷᠡᠭᠰᠡᠨ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠥᠯ ᠪᠠ ᠣᠨ ᠤ ᠤᠰᠤ ᠢᠷᠡᠬᠦ ᠪᠠᠷᠤᠭᠯᠠᠭᠰᠠᠨ ᠬᠡᠮᠵᠢᠶ᠎ᠡ ᠶᠢ ᠦᠨᠳᠦᠰᠦᠯᠡᠨ᠂ ᠣᠨ ᠤ ᠤᠰᠤᠨ  ᠤ ᠬᠡᠮᠵᠢᠶ᠎ᠡ ᠶᠢ ᠬᠤᠪᠢᠶᠠᠷᠢᠯᠠᠬᠤ ᠲᠥᠰᠥᠯ ᠪᠠ ᠵᠣᠬᠢᠴᠠᠭᠤᠯᠬᠤ ᠲᠥᠯᠥᠪᠯᠡᠭᠡ ᠲᠣᠭᠲᠠᠭᠠᠵᠤ᠂ ᠤᠰᠤᠨ ᠤ ᠬᠡᠮᠵᠢᠶ᠎ᠡ  ᠶᠢ ᠨᠢᠭᠡᠳᠦᠯᠲᠡᠢ ᠵᠣᠬᠢᠴᠠᠭᠤᠯᠬᠤ ᠬᠡᠷᠡᠭᠲᠡᠢ︔ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠡᠷᠬᠡᠪᠰᠢ ᠳᠠᠭᠠᠬᠤ ᠬᠡᠷᠡᠭᠲᠡᠢ᠃       ᠤᠯᠤᠰ ᠤᠨ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠲᠠᠩᠭᠢᠰ ᠤᠨ ᠣᠨ ᠤ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠥᠯ ᠢ ᠤᠯᠤᠰ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠣᠨ ᠤ ᠲᠥᠯᠥᠪᠯᠡᠭᠡ ᠳᠤ ᠣᠷᠣᠭᠤᠯᠬᠤ ᠬᠡᠷᠡᠭᠲᠡᠢ᠃       ᠳᠥᠴᠢᠨ ᠳᠣᠯᠣᠳᠤᠭᠠᠷ ᠵᠦᠢᠯ ᠤᠯᠤᠰ ᠠᠴᠠ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠪᠠ ᠨᠣᠷᠮᠠᠴᠢᠯᠠᠨ ᠬᠠᠮᠢᠶᠠᠷᠬᠤ ᠶᠢ ᠤᠶᠠᠯᠳᠤᠭᠤᠯᠤᠭᠰᠠᠨ ᠳᠦᠷᠢᠮ ᠢ ᠬᠡᠷᠡᠭᠵᠢᠭᠦᠯᠦᠨ᠎ᠡ᠃       ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠠᠵᠢᠯ ᠲᠥᠷᠥᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢ ᠲᠣᠭᠲᠠᠭᠠᠵᠤ᠂ ᠠᠳᠠᠯᠢ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠶᠠᠰᠤ ᠴᠢᠨᠠᠷ ᠢ ᠬᠢᠨᠠᠨ ᠰᠢᠯᠭᠠᠬᠤ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ  ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠨᠡᠶᠢᠲᠡᠯᠡᠬᠦ ᠪᠥᠭᠡᠳ ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠲᠥᠷᠥ ᠶᠢᠨ ᠶᠠᠪᠤᠳᠠᠯ ᠤᠨ ᠬᠤᠷᠢᠶᠠᠨ ᠤ ᠶᠠᠰᠤ ᠴᠢᠨᠠᠷ ᠢ ᠬᠢᠨᠠᠨ ᠰᠢᠯᠭᠠᠬᠤ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃       ᠰᠢᠶᠠᠩ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠥᠭᠵᠢᠯᠲᠡ ᠶᠢᠨ ᠲᠥᠯᠥᠪᠯᠡᠭᠡᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠠᠳᠠᠯᠢ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠬᠠᠮᠲᠤᠷᠠᠵᠤ ᠪᠠᠶᠢᠭᠠᠳ ᠤᠰᠤ ᠬᠡᠷᠡᠭᠯᠡᠬᠦ ᠨᠣᠷᠮ᠎ᠠ᠂ ᠠᠵᠤ ᠠᠬᠤᠢ ᠮᠡᠷᠭᠡᠵᠢᠯ ᠤᠨ ᠨᠥᠬᠦᠴᠡᠯ ᠵᠢᠴᠢ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠥᠯ ᠳᠤ ᠲᠣᠭᠲᠠᠭᠠᠭᠰᠠᠨ ᠲᠤᠰ ᠵᠠᠰᠠᠭ ᠵᠠᠬᠢᠷᠭᠠᠨ ᠤ ᠣᠷᠣᠨ ᠳᠤ ᠬᠡᠷᠡᠭᠯᠡᠭᠦᠯᠬᠦ ᠤᠰᠤᠨ ᠤ ᠬᠡᠮᠵᠢᠶ᠎ᠡ ᠶᠢ ᠦᠨᠳᠦᠰᠦᠯᠡᠨ᠂ ᠣᠨ ᠤ ᠤᠰᠤ ᠬᠡᠷᠡᠭᠯᠡᠬᠦ ᠲᠥᠯᠥᠪᠯᠡᠭᠡ ᠶᠢ ᠲᠣᠭᠲᠠᠭᠠᠵᠤ᠂ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠨ  ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠨ᠎ᠠ᠃       ᠳᠥᠴᠢᠨ ᠨᠠᠢᠮᠠᠳᠤᠭᠠᠷ ᠵᠦᠢᠯ ᠭᠤᠣᠯ ᠮᠥᠷᠡᠨ᠂ ᠨᠠᠭᠤᠷ ᠲᠠᠩᠭᠢᠰ ᠪᠤᠶᠤ ᠭᠠᠵᠠᠷ ᠳᠣᠣᠷ᠎ᠠ ᠠᠴᠠ ᠤᠰᠤᠨ ᠤ ᠡᠬᠢ ᠪᠠᠶᠠᠯᠢᠭ ᠢ ᠰᠢᠭᠤᠳ ᠠᠪᠴᠤ ᠬᠡᠷᠡᠭᠯᠡᠬᠦ ᠨᠢᠭᠡᠴᠢ ᠪᠣᠯᠣᠨ ᠬᠤᠪᠢ ᠬᠥᠮᠥᠨ ᠤᠯᠤᠰ ᠤᠨ ᠤᠰᠤ ᠠᠪᠬᠤ ᠵᠥᠪᠰᠢᠶᠡᠷᠡᠯ ᠤᠨ ᠳᠦᠷᠢᠮ ᠪᠣᠯᠣᠨ ᠤᠰᠤᠨ ᠤ ᠡᠬᠢ ᠪᠠᠶᠠᠯᠢᠭ ᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠳᠦᠷᠢᠮ  ᠤᠨ ᠲᠣᠭᠲᠠᠭᠠᠯ ᠶᠣᠰᠣᠭᠠᠷ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠤᠰᠤ ᠠᠪᠬᠤ ᠵᠥᠪᠰᠢᠶᠡᠷᠡᠯ ᠤᠨ ᠦᠨᠡᠮᠯᠡᠯ ᠣᠯᠬᠤ ᠪᠠᠷ ᠭᠤᠶᠤᠴᠢᠯᠠᠬᠤ ᠶᠢᠨ ᠬᠠᠮᠲᠤ ᠤᠰᠤᠨ ᠤ ᠡᠬᠢ ᠪᠠᠶᠠᠯᠢᠭ ᠤᠨ ᠰᠦᠢᠳᠬᠡᠯ ᠲᠤᠰᠢᠶᠠᠵᠤ᠂ ᠤᠰᠤ ᠠᠪᠬᠤ ᠡᠷᠬᠡ ᠣᠯᠬᠤ ᠬᠡᠷᠡᠭᠲᠡᠢ᠃ ᠭᠡᠪᠡᠴᠦ ᠭᠡᠷ ᠪᠦᠯᠢ ᠶᠢᠨ ᠠᠮᠢᠳᠤᠷᠠᠯ ᠪᠠ ᠴᠥᠭᠡᠨ ᠪᠥᠭᠡᠳ ᠰᠤᠯᠠ ᠲᠡᠵᠢᠭᠡᠬᠦ᠂ ᠬᠠᠰᠢᠶᠠᠯᠠᠨ ᠲᠡᠵᠢᠭᠡᠵᠦ ᠪᠠᠶᠢᠭ᠎ᠠ ᠮᠠᠯ ᠵᠢᠭᠦᠷᠲᠡᠨ ᠤ ᠤᠤᠭᠤᠬᠤ ᠤᠰᠤ ᠵᠡᠷᠭᠡ ᠴᠥᠭᠡᠨ ᠬᠡᠮᠵᠢᠶᠡᠨ ᠤ ᠤᠰᠤ ᠠᠪᠬᠤ ᠶᠠᠪᠤᠳᠠᠯ ᠡᠭᠦᠨ ᠳᠤ ᠪᠠᠭᠲᠠᠬᠤ ᠦᠭᠡᠢ᠃       ᠤᠰᠤ ᠠᠪᠬᠤ ᠵᠥᠪᠰᠢᠶᠡᠷᠡᠯ ᠤᠨ ᠳᠦᠷᠢᠮ ᠢ ᠬᠡᠷᠡᠭᠵᠢᠭᠦᠯᠬᠦ ᠪᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠰᠦᠢᠳᠬᠡᠯ ᠬᠤᠷᠢᠶᠠᠬᠤ ᠪᠣᠳᠠᠲᠠᠢ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃       ᠳᠥᠴᠢ ᠶᠢᠰᠦᠳᠦᠭᠡᠷ ᠵᠦᠢᠯ ᠤᠰᠤ ᠬᠡᠷᠡᠭᠯᠡᠬᠦ ᠳᠡᠭᠡᠨ ᠬᠡᠮᠵᠢᠶ᠎ᠡ ᠶᠢ ᠨᠢ ᠪᠤᠳᠣᠬᠤ ᠬᠡᠷᠡᠭᠲᠡᠢ ᠪᠥᠭᠡᠳ ᠵᠥᠪᠰᠢᠶᠡᠷᠡᠭᠰᠡᠨ ᠤᠰᠤ ᠬᠡᠷᠡᠭᠯᠡᠬᠦ ᠲᠥᠯᠥᠪᠯᠡᠭᠡ ᠶᠣᠰᠣᠭᠠᠷ ᠤᠰᠤ ᠬᠡᠷᠡᠭᠯᠡᠬᠦ ᠬᠡᠷᠡᠭᠲᠡᠢ᠃       ᠤᠰᠤ ᠬᠡᠷᠡᠭᠯᠡᠬᠦ ᠳᠤ ᠬᠡᠷᠡᠭᠯᠡᠭᠰᠡᠨ ᠬᠡᠮᠵᠢᠶ᠎ᠡ ᠪᠠᠷ ᠨᠢ ᠰᠦᠢᠳᠬᠡᠯ ᠬᠤᠷᠢᠶᠠᠬᠤ ᠪᠠ ᠲᠣᠭᠲᠠᠭᠰᠠᠨ ᠨᠣᠷᠮ᠎ᠠ  ᠠᠴᠠ ᠬᠡᠲᠦᠷᠡᠭᠰᠡᠨ ᠳᠤᠨᠢ ᠠᠬᠢᠭᠤᠯᠤᠨ ᠪᠤᠳᠣᠵᠤ ᠦᠨ᠎ᠡ ᠨᠡᠮᠡᠬᠦ ᠳᠦᠷᠢᠮ ᠢ ᠬᠡᠷᠡᠭᠵᠢᠭᠦᠯᠦᠨ᠎ᠡ᠃       ᠲᠠᠪᠢᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤᠰᠤ ᠠᠷᠪᠢᠯᠠᠬᠤ ᠤᠰᠤᠯᠠᠯᠲᠠ  ᠶᠢᠨ ᠠᠷᠭ᠎ᠠ ᠮᠠᠶ᠋ᠢᠭ ᠪᠠ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠵᠦ᠂ ᠲᠠᠷᠢᠶᠠᠯᠠᠩ ᠤᠨ ᠤᠰᠤ ᠬᠤᠷᠠᠮᠳᠤᠯᠠᠭᠤᠯᠬᠤ᠂ ᠤᠰᠤ ᠳᠠᠮᠵᠢᠭᠤᠯᠬᠤ ᠪᠠᠷᠢᠯᠭ᠎ᠠ ᠳᠤ ᠴᠢᠬᠤᠯᠠ ᠪᠦᠬᠦᠢ ᠨᠡᠪᠴᠢᠵᠦ ᠭᠤᠭᠤᠵᠢᠬᠤ ᠶᠢ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠲᠠᠷᠢᠶᠠᠯᠠᠩ ᠤᠨ ᠤᠰᠤᠯᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃       ᠲᠠᠪᠢᠨ ᠨᠢᠭᠡᠳᠦᠭᠡᠷ ᠵᠦᠢᠯ ᠠᠵᠤ ᠦᠢᠯᠡᠳᠪᠦᠷᠢ ᠳᠤ ᠤᠰᠤ ᠬᠡᠷᠡᠭᠯᠡᠬᠦ ᠳᠡᠭᠡᠨ ᠲᠡᠷᠢᠭᠦᠨ ᠤ ᠲᠧᠬᠨᠢᠭ ᠮᠡᠷᠭᠡᠵᠢᠯ᠂ ᠤᠷᠠᠨ ᠮᠡᠷᠭᠡᠰᠢᠯ ᠪᠠ ᠲᠥᠬᠦᠭᠡᠷᠦᠮᠵᠢ ᠶᠢ ᠬᠡᠷᠡᠭᠯᠡᠵᠦ᠂ ᠤᠰᠤ ᠶᠢ ᠡᠷᠭᠢᠯᠳᠦᠭᠦᠯᠦᠨ ᠬᠡᠷᠡᠭᠯᠡᠬᠦ ᠡᠭᠡᠯᠵᠢ ᠤᠳᠠᠭ᠎ᠠ ᠶᠢ ᠨᠡᠮᠡᠭᠳᠡᠭᠦᠯᠦᠨ᠂ ᠤᠰᠤ ᠶᠢ ᠳᠠᠪᠲᠠᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠭᠦ ᠬᠡᠷᠡᠭᠲᠡᠢ᠃       ᠬᠤᠴᠤᠷᠤᠩᠭᠤᠢ᠂ ᠤᠰᠤ ᠶᠡᠭᠡ ᠬᠤᠷᠣᠭᠳᠠᠭᠤᠯᠬᠤ ᠤᠷᠠᠨ ᠮᠡᠷᠭᠡᠰᠢᠯ᠂ ᠲᠥᠬᠦᠭᠡᠷᠦᠮᠵᠢ ᠪᠠ ᠦᠢᠯᠡᠳᠬᠦᠨ ᠢ ᠤᠯᠤᠰ ᠠᠴᠠ ᠠᠯᠬᠤᠮ ᠠᠯᠬᠤᠮ ᠢᠶᠠᠷ ᠵᠠᠭᠠᠵᠠᠯᠠᠨ᠎ᠠ᠂ ᠪᠣᠳᠠᠲᠠᠢ ᠨᠡᠷᠡᠰ ᠤᠨ ᠵᠢᠭᠰᠠᠭᠠᠯᠲᠠ ᠶᠢ ᠲᠥᠷᠥ ᠶᠢᠨ ᠶᠠᠪᠤᠳᠠᠯ  ᠤᠨ ᠬᠤᠷᠢᠶᠠᠨ ᠤ ᠠᠵᠤ ᠠᠬᠤᠢ ᠶᠢ ᠶᠡᠷᠦᠩᠬᠡᠶᠢᠯᠡᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠲᠤᠷᠠᠵᠤ ᠲᠣᠭᠲᠠᠭᠠᠭᠠᠳ ᠨᠡᠶᠢᠲᠡᠯᠡᠨ᠎ᠡ᠃ ᠦᠢᠯᠡᠳᠪᠦᠷᠢᠯᠡᠭᠴᠢ᠂ ᠪᠣᠷᠣᠯᠠᠭᠤᠯᠤᠭᠴᠢ ᠪᠤᠶᠤ ᠦᠢᠯᠡᠳᠪᠦᠷᠢᠯᠡᠨ ᠡᠵᠡᠩᠨᠡᠬᠦ ᠶᠠᠪᠤᠴᠠ ᠳᠠᠬᠢ ᠬᠡᠷᠡᠭᠯᠡᠭᠴᠢᠳ ᠲᠣᠭᠲᠠᠭᠰᠠᠨ ᠬᠤᠭᠤᠴᠠᠭᠠᠨ ᠤ ᠳᠣᠲᠣᠷ᠎ᠠ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠤᠷᠠᠨ ᠮᠡᠷᠭᠡᠰᠢᠯ᠂ ᠲᠥᠬᠦᠭᠡᠷᠦᠮᠵᠢ ᠪᠣᠯᠣᠨ ᠦᠢᠯᠡᠳᠬᠦᠨ  ᠢ ᠦᠢᠯᠡᠳᠪᠦᠷᠢᠯᠡᠬᠦ᠂ ᠪᠣᠷᠣᠯᠠᠭᠤᠯᠬᠤ ᠪᠤᠶᠤ ᠬᠡᠷᠡᠭᠯᠡᠬᠦ ᠪᠠᠨ ᠵᠣᠭᠰᠤᠭᠠᠬᠤ ᠬᠡᠷᠡᠭᠲᠡᠢ᠃       ᠲᠠᠪᠢᠨ ᠬᠤᠶᠠᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠭᠠᠵᠠᠷ ᠣᠷᠣᠨ ᠤ ᠪᠠᠶᠢᠳᠠᠯ  ᠳᠠᠭᠠᠨ ᠲᠣᠬᠢᠷᠠᠭᠤᠯᠤᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠠᠮᠢᠳᠤᠷᠠᠯ ᠳᠤ ᠬᠡᠷᠡᠭᠯᠡᠬᠦ ᠤᠰᠤ ᠠᠷᠪᠢᠯᠠᠬᠤ ᠭᠡᠯᠪᠡᠷᠢ ᠶᠢᠨ ᠪᠠᠭᠠᠵᠢ ᠬᠡᠷᠡᠭᠰᠡᠯ ᠢ ᠳᠡᠯᠭᠡᠷᠡᠭᠦᠯᠵᠦ᠂ ᠬᠤᠲᠠ ᠶᠢᠨ ᠤᠰᠤ ᠬᠠᠩᠭᠠᠬᠤ ᠬᠤᠭᠤᠯᠠᠢ ᠲᠣᠣᠷ ᠤᠨ ᠤᠰᠤ ᠭᠤᠭᠤᠵᠢᠵᠤ ᠤᠷᠤᠰᠬᠤ ᠨᠣᠷᠮ᠎ᠠ ᠶᠢ ᠳᠣᠷᠣᠭᠰᠢᠯᠠᠭᠤᠯᠵᠤ᠂ ᠠᠮᠢᠳᠤᠷᠠᠯ ᠤᠨ ᠬᠡᠷᠡᠭᠯᠡᠬᠦ ᠤᠰᠤᠨ ᠤ ᠠᠰᠢᠭᠯᠠᠮᠵᠢ ᠶᠢ ᠳᠡᠭᠡᠭᠰᠢᠯᠡᠭᠦᠯᠭᠦ ᠬᠡᠷᠡᠭᠲᠡᠢ︔ ᠬᠤᠲᠠ ᠶᠢᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠶᠢ ᠴᠢᠩᠭᠠᠳᠬᠠᠵᠤ᠂ ᠳᠠᠬᠢᠯᠲᠠ ᠤᠰᠤ ᠬᠡᠷᠡᠭᠯᠡᠬᠦ ᠶᠢ ᠵᠣᠷᠢᠭᠵᠢᠭᠤᠯᠵᠤ᠂ ᠪᠣᠬᠢᠷ ᠤᠰᠤ ᠶᠢ ᠳᠠᠭᠢᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠭᠦ ᠬᠡᠷᠡᠭᠲᠡᠢ᠃       ᠲᠠᠪᠢᠨ ᠭᠤᠷᠪᠠᠳᠤᠭᠠᠷ ᠵᠦᠢᠯ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠤᠰᠤ ᠠᠷᠪᠢᠯᠠᠬᠤ ᠠᠷᠭ᠎ᠠ ᠬᠡᠮᠵᠢᠶ᠎ᠡ ᠶᠢᠨ ᠲᠥᠰᠥᠯ ᠲᠣᠭᠲᠠᠭᠠᠵᠤ᠂ ᠤᠰᠤ ᠠᠷᠪᠢᠯᠠᠬᠤ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠬᠡᠷᠡᠭᠲᠡᠢ᠃ ᠤᠰᠤ ᠠᠷᠪᠢᠯᠠᠬᠤ ᠪᠡᠯᠡᠳᠬᠡᠮᠵᠢ ᠶᠢ ᠭᠤᠣᠯ ᠴᠣᠭᠴᠠ ᠪᠠᠷᠢᠯᠭ᠎ᠠ ᠯᠤᠭ᠎ᠠ ᠬᠠᠮᠲᠤ ᠳᠤᠨᠢ ᠵᠢᠷᠤᠭᠯᠠᠨ ᠲᠥᠯᠥᠪᠯᠡᠵᠦ᠂ ᠬᠠᠮᠲᠤ ᠳᠤᠨᠢ ᠪᠠᠷᠢᠯᠭ᠎ᠠ ᠪᠠᠷᠢᠵᠤ᠂ ᠬᠠᠮᠲᠤ ᠳᠤᠨᠢ ᠠᠰᠢᠭᠯᠠᠯᠲᠠ ᠳᠤ ᠣᠷᠣᠭᠤᠯᠬᠤ ᠬᠡᠷᠡᠭᠲᠡᠢ᠃       ᠤᠰᠤ ᠬᠠᠩᠭᠠᠬᠤ ᠠᠵᠤ ᠠᠬᠤᠶᠢᠯᠠᠯ ᠪᠣᠯᠣᠨ ᠤᠰᠤ ᠬᠠᠩᠭᠠᠬᠤ ᠲᠥᠬᠦᠭᠡᠷᠦᠮᠵᠢ ᠶᠢ ᠥᠪᠡᠰᠦᠪᠡᠨ ᠪᠠᠶᠢᠭᠤᠯᠤᠭᠰᠠᠨ ᠨᠢᠭᠡᠴᠢ ᠨᠦᠭᠦᠳ ᠤᠰᠤ ᠬᠠᠩᠭᠠᠬᠤ ᠲᠥᠬᠦᠭᠡᠷᠦᠮᠵᠢ ᠶᠢᠨ ᠬᠠᠮᠠᠭᠠᠯᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠤᠰᠤ ᠭᠤᠭᠤᠵᠢᠨ ᠤᠷᠤᠰᠬᠤ ᠶᠠᠪᠤᠳᠠᠯ ᠢ ᠪᠠᠭᠠᠰᠬᠠᠬᠤ ᠬᠡᠷᠡᠭᠲᠡᠢ᠃       ᠲᠠᠪᠢᠨ ᠳᠥᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠢᠳᠡᠪᠬᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠤᠭᠤᠬᠤ ᠤᠰᠤᠨ ᠤ ᠨᠥᠬᠦᠴᠡᠯ ᠢ ᠰᠠᠶᠢᠵᠢᠷᠠᠭᠤᠯᠬᠤ ᠬᠡᠷᠡᠭᠲᠡᠢ᠃       ᠲᠠᠪᠢᠨ ᠲᠠᠪᠤᠳᠤᠭᠠᠷ ᠵᠦᠢᠯ ᠤᠰᠤᠨ ᠤ ᠪᠠᠷᠢᠯᠭ᠎ᠠ ᠶᠢᠨ ᠬᠠᠩᠭᠠᠭᠰᠠᠨ ᠤᠰᠤ ᠶᠢ ᠬᠡᠷᠡᠭᠯᠡᠬᠦ ᠳᠡᠭᠡᠨ ᠤᠯᠤᠰ  ᠤᠨ ᠲᠣᠭᠲᠠᠭᠠᠯ ᠶᠣᠰᠣᠭᠠᠷ ᠤᠰᠤ ᠬᠠᠩᠭᠠᠭᠰᠠᠨ ᠨᠢᠭᠡᠴᠢ ᠳᠤ ᠤᠰᠤᠨ ᠤ ᠰᠦᠢᠳᠬᠡᠯ ᠲᠤᠰᠢᠶᠠᠬᠤ ᠬᠡᠷᠡᠭᠲᠡᠢ᠃ ᠬᠠᠩᠭᠠᠬᠤ ᠤᠰᠤᠨ ᠤ ᠦᠨ᠎ᠡ ᠬᠠᠩᠰᠢ ᠶᠢ ᠥᠪᠡᠷ ᠤᠨ ᠥᠷᠲᠡᠭ ᠢ ᠨᠥᠬᠦᠪᠦᠷᠢᠯᠡᠬᠦ᠂ ᠵᠦᠢ ᠵᠣᠬᠢᠰᠲᠠᠢ ᠠᠰᠢᠭ ᠣᠯᠬᠤ᠂ ᠴᠢᠨᠠᠷᠯᠢᠭ ᠶᠢ ᠨᠢ ᠦᠨᠡᠲᠡᠢ ᠪᠠᠶᠢᠯᠭᠠᠬᠤ᠂ ᠲᠥᠪ ᠭᠤᠣᠯᠴᠢ ᠪᠠᠷ ᠡᠭᠦᠷᠭᠡᠯᠡᠬᠦ ᠵᠠᠷᠴᠢᠮ ᠶᠣᠰᠣᠭᠠᠷ ᠲᠣᠭᠲᠠᠭᠠᠬᠤ ᠬᠡᠷᠡᠭᠲᠡᠢ᠃ ᠪᠣᠳᠠᠲᠠᠢ ᠠᠷᠭ᠎ᠠ ᠶᠢ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠨ᠎ᠡ ᠬᠠᠩᠰᠢ ᠶᠢᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠤᠰᠤ ᠬᠠᠩᠭᠠᠬᠤ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠵᠤ ᠪᠠᠶᠢᠭᠠᠳ ᠡᠷᠬᠡ ᠲᠤᠰᠢᠶᠠᠯ ᠢᠶᠠᠨ ᠦᠨᠳᠦᠰᠦᠯᠡᠨ ᠲᠣᠭᠲᠠᠭᠠᠨ᠎ᠠ᠃       ᠵᠢᠷᠭᠤᠳᠤᠭᠠᠷ ᠪᠦᠯᠦᠭ ᠤᠰᠤᠨ ᠤ ᠬᠡᠷᠡᠭ ᠤᠨ ᠵᠢᠭᠤᠷᠠᠯᠳᠤᠭᠠᠨ ᠢ ᠰᠢᠢᠳᠪᠦᠷᠢᠯᠡᠬᠦ ᠪᠠ ᠬᠠᠤᠯᠢ ᠬᠡᠷᠡᠭᠵᠢᠭᠦᠯᠬᠦ ᠬᠢᠨᠠᠯᠲᠠ ᠲᠠᠯᠪᠢᠬᠤ ᠪᠠᠶᠢᠴᠠᠭᠠᠬᠤ       ᠲᠠᠪᠢᠨ ᠵᠢᠷᠭᠤᠳᠤᠭᠠᠷ ᠵᠦᠢᠯ ᠠᠳᠠᠯᠢ ᠪᠤᠰᠤ ᠵᠠᠰᠠᠭ ᠵᠠᠬᠢᠷᠭᠠᠨ ᠤ ᠣᠷᠣᠨ ᠤ ᠬᠤᠭᠤᠷᠣᠨᠳᠤ ᠤᠰᠤᠨ ᠤ ᠬᠡᠷᠡᠭ ᠤᠨ ᠵᠢᠭᠤᠷᠠᠯᠳᠤᠭᠠᠨ ᠭᠠᠷᠤᠭᠰᠠᠨ ᠪᠠᠶᠢᠪᠠᠯ ᠵᠥᠪᠳᠡᠯᠴᠡᠵᠦ ᠪᠠᠶᠢᠭᠠᠳ ᠰᠢᠢᠳᠪᠦᠷᠢᠯᠡᠬᠦ ᠬᠡᠷᠡᠭᠲᠡᠢ︔ ᠵᠥᠪᠳᠡᠯᠴᠡᠭᠡᠳ ᠪᠦᠲᠦᠭᠰᠡᠨ ᠦᠭᠡᠢ ᠪᠠᠶᠢᠪᠠᠯ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠯᠲᠠ ᠭᠠᠷᠭᠠᠨ᠎ᠠ᠂ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠡᠷᠬᠡᠪᠰᠢ ᠵᠢᠷᠤᠮᠯᠠᠨ ᠭᠦᠢᠴᠡᠳᠬᠡᠬᠦ ᠬᠡᠷᠡᠭᠲᠡᠢ᠃ ᠤᠰᠤᠨ ᠤ ᠬᠡᠷᠡᠭ ᠤᠨ ᠵᠢᠭᠤᠷᠠᠯᠳᠤᠭᠠᠨ ᠢ ᠰᠢᠢᠳᠪᠦᠷᠢᠯᠡᠬᠦ ᠠᠴᠠ ᠡᠮᠦᠨ᠎ᠡ᠂ ᠡᠯ᠎ᠡ ᠲᠠᠯ᠎ᠠ ᠶᠢᠨ ᠬᠢᠨ ᠵᠥᠪᠯᠡᠯᠴᠡᠭᠡᠷ ᠲᠣᠭᠲᠠᠭᠠᠭᠰᠠᠨ ᠦᠭᠡᠢ ᠪᠤᠶᠤ ᠬᠠᠮᠲᠤ ᠶᠢᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢ ᠣᠯᠣᠭᠰᠠᠨ ᠦᠭᠡᠢ ᠪᠠᠷ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠤᠨ ᠬᠤᠶᠠᠷ ᠲᠠᠯ᠎ᠠ ᠶᠢᠨ ᠵᠣᠬᠢᠬᠤ ᠬᠡᠪᠴᠢᠶᠡᠨ ᠤ ᠳᠣᠲᠣᠷ᠎ᠠ ᠠᠯᠢ ᠨᠢᠭᠡ ᠲᠠᠯ᠎ᠠ ᠶᠢᠨ ᠬᠢᠨ ᠴᠦ ᠭᠡᠳ ᠤᠰᠤ ᠵᠠᠯᠠᠬᠤ᠂ ᠤᠰᠤ ᠬᠤᠷᠢᠬᠤ᠂ ᠤᠰᠤ ᠠᠪᠬᠤ ᠪᠠ ᠤᠰᠤ ᠬᠠᠰᠢᠬᠤ ︵ᠬᠠᠳᠠᠭᠠᠯᠠᠬᠤ︶ ᠪᠠᠷᠢᠯᠭ᠎ᠠ ᠪᠠᠶᠢᠭᠤᠯᠵᠤ ᠪᠤᠯᠬᠤ ᠦᠭᠡᠢ᠂ ᠤᠰᠤᠨ  ᠤ ᠣᠳᠣᠬᠢ ᠪᠠᠶᠢᠳᠠᠯ ᠢ ᠥᠷᠥᠭᠡᠰᠦᠨ ᠲᠠᠯ᠎ᠠ ᠠᠴᠠ ᠬᠤᠪᠢᠷᠠᠭᠤᠯᠵᠤ ᠪᠤᠯᠬᠤ ᠦᠭᠡᠢ᠃       ᠲᠠᠪᠢᠨ ᠳᠣᠯᠣᠳᠤᠭᠠᠷ ᠵᠦᠢᠯ ᠨᠢᠭᠡᠴᠢ ᠶᠢᠨ ᠬᠤᠭᠤᠷᠣᠨᠳᠤ᠂ ᠬᠤᠪᠢ ᠬᠥᠮᠥᠨ ᠤ ᠬᠤᠭᠤᠷᠣᠨᠳᠤ᠂ ᠨᠢᠭᠡᠴᠢ ᠬᠢᠭᠡᠳ ᠬᠤᠪᠢ ᠬᠥᠮᠥᠨ ᠤ ᠬᠤᠭᠤᠷᠣᠨᠳᠤ ᠭᠠᠷᠤᠭᠰᠠᠨ ᠤᠰᠤᠨ ᠤ ᠬᠡᠷᠡᠭ ᠤᠨ ᠵᠢᠭᠤᠷᠠᠯᠳᠤᠭᠠᠨ ᠢ ᠵᠥᠪᠳᠡᠯᠴᠡᠵᠦ ᠪᠠᠶᠢᠭᠠᠳ ᠰᠢᠢᠳᠪᠦᠷᠢᠯᠡᠬᠦ ᠬᠡᠷᠡᠭᠲᠡᠢ︔ ᠲᠤᠬᠠᠢ ᠶᠢᠨ ᠬᠥᠮᠥᠨ ᠵᠥᠪᠳᠡᠯᠴᠡᠬᠦ ᠳᠤᠷ᠎ᠠ ᠦᠭᠡᠢ ᠪᠤᠶᠤ ᠵᠥᠪᠳᠡᠯᠴᠡᠭᠡᠳ ᠪᠦᠲᠦᠭᠰᠡᠨ ᠦᠭᠡᠢ ᠪᠠᠶᠢᠪᠠᠯ᠂ ᠰᠢᠶᠠᠩ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ  ᠤᠨ ᠣᠷᠳᠣᠨ ᠪᠤᠶᠤ ᠲᠡᠭᠦᠨ ᠤ ᠡᠷᠬᠡ ᠣᠯᠭᠤᠭᠰᠠᠨ ᠰᠠᠯᠠᠭ᠎ᠠ ᠮᠥᠴᠢᠷ ᠢᠶᠠᠷ ᠡᠶᠡᠳᠡᠭᠦᠯᠬᠦ ᠪᠠᠷ ᠭᠤᠶᠤᠴᠢᠯᠠᠵᠤ ᠪᠣᠯᠣᠨ᠎ᠠ᠂ ᠠᠷᠠᠳ ᠤᠨ ᠰᠢᠭᠦᠬᠦ ᠬᠤᠷᠢᠶᠠᠨ ᠳᠤ ᠰᠢᠭᠤᠳ ᠢᠷᠭᠡᠨ ᠤ ᠬᠡᠷᠡᠭ ᠤᠨ ᠵᠠᠭᠠᠯᠳᠤᠯᠭ᠎ᠠ ᠭᠠᠷᠭᠠᠭᠰᠠᠨ ᠴᠤ ᠪᠣᠯᠣᠨ᠎ᠠ᠃ ᠰᠢᠶᠠᠩ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠪᠤᠶᠤ ᠲᠡᠭᠦᠨ ᠤ ᠡᠷᠬᠡ ᠣᠯᠭᠤᠭᠰᠠᠨ ᠰᠠᠯᠠᠭ᠎ᠠ ᠮᠥᠴᠢᠷ ᠡᠶᠡᠳᠡᠭᠦᠯᠦᠭᠡᠳ ᠪᠦᠲᠦᠭᠰᠡᠨ ᠦᠭᠡᠢ ᠪᠠᠶᠢᠪᠠᠯ᠂ ᠲᠤᠬᠠᠢ ᠶᠢᠨ ᠬᠥᠮᠥᠨ ᠠᠷᠠᠳ ᠤᠨ ᠰᠢᠭᠦᠬᠦ ᠬᠤᠷᠢᠶᠠᠨ ᠳᠤ ᠢᠷᠭᠡᠨ ᠤ ᠬᠡᠷᠡᠭ ᠤᠨ ᠵᠠᠭᠠᠯᠳᠤᠯᠭ᠎ᠠ ᠭᠠᠷᠭᠠᠵᠤ ᠪᠣᠯᠣᠨ᠎ᠠ᠃       ᠤᠰᠤᠨ ᠤ ᠬᠡᠷᠡᠭ ᠤᠨ ᠵᠢᠭᠤᠷᠠᠯᠳᠤᠭᠠᠨ ᠢ ᠰᠢᠢᠳᠪᠦᠷᠢᠯᠡᠬᠦ ᠠᠴᠠ ᠡᠮᠦᠨ᠎ᠡ᠂ ᠲᠤᠬᠠᠶᠢᠲᠠᠢ ᠬᠥᠮᠥᠨ ᠭᠠᠭᠴᠠ ᠲᠠᠯ᠎ᠠ ᠠᠴᠠ ᠣᠳᠣᠬᠢ ᠪᠠᠶᠢᠳᠠᠯ ᠢ ᠬᠤᠪᠢᠷᠠᠭᠤᠯᠵᠤ ᠪᠤᠯᠬᠤ ᠦᠭᠡᠢ᠃       ᠲᠠᠪᠢᠨ ᠨᠠᠢᠮᠠᠳᠤᠭᠠᠷ ᠵᠦᠢᠯ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠤᠶᠤ ᠲᠡᠭᠦᠨ ᠤ ᠡᠷᠬᠡ ᠣᠯᠭᠤᠭᠰᠠᠨ ᠰᠠᠯᠠᠭ᠎ᠠ ᠮᠥᠴᠢᠷ ᠤᠰᠤᠨ ᠤ ᠬᠡᠷᠡᠭ ᠤᠨ ᠵᠢᠭᠤᠷᠠᠯᠳᠤᠭᠠᠨ ᠢ ᠰᠢᠢᠳᠪᠦᠷᠢᠯᠡᠬᠦ  ᠳᠡᠭᠡᠨ ᠲᠦᠷ ᠴᠠᠭ ᠤᠨ ᠰᠢᠢᠳᠪᠦᠷᠢᠯᠡᠬᠦ ᠠᠷᠭ᠎ᠠ ᠬᠡᠮᠵᠢᠶ᠎ᠡ ᠠᠪᠬᠤ ᠡᠷᠬᠡ ᠲᠠᠢ᠂ ᠬᠤᠯᠪᠣᠭᠳᠠᠯ ᠪᠦᠬᠦᠢ ᠡᠯ᠎ᠡ ᠲᠠᠯ᠎ᠠ  ᠶᠢᠨ ᠬᠢᠨ ᠪᠤᠶᠤ ᠲᠤᠬᠠᠢ ᠶᠢᠨ ᠬᠥᠮᠥᠨ ᠡᠷᠬᠡᠪᠰᠢ ᠳᠠᠭᠠᠬᠤ ᠬᠡᠷᠡᠭᠲᠡᠢ᠃       ᠲᠠᠪᠢ ᠶᠢᠰᠦᠳᠦᠭᠡᠷ ᠵᠦᠢᠯ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠲᠤᠰ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠬᠢᠨᠠᠨ ᠪᠠᠶᠢᠴᠠᠭᠠᠬᠤ ᠶᠢᠨ ᠬᠠᠮᠲᠤ ᠬᠠᠤᠯᠢ ᠶᠣᠰᠣᠭᠠᠷ ᠪᠠᠶᠢᠴᠠᠭᠠᠵᠤ ᠰᠢᠢᠳᠪᠦᠷᠢᠯᠡᠬᠦ ᠬᠡᠷᠡᠭᠲᠡᠢ᠃       ᠤᠰᠤᠨ ᠤ ᠶᠠᠪᠤᠳᠠᠯ ᠤᠨ ᠬᠢᠨᠠᠨ ᠪᠠᠶᠢᠴᠠᠭᠠᠬᠤ ᠠᠵᠢᠯᠲᠠᠨ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ ᠪᠠᠶᠢᠵᠤ᠂ ᠬᠠᠤᠯᠢ ᠶᠢ ᠭᠤᠣᠯᠴᠢ ᠪᠠᠷ ᠬᠡᠷᠡᠭᠵᠢᠭᠦᠯᠬᠦ ᠬᠡᠷᠡᠭᠲᠡᠢ᠃       ᠵᠢᠷᠠᠳᠤᠭᠠᠷ ᠵᠦᠢᠯ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠂ ᠰᠠᠪᠠ ᠭᠠᠵᠠᠷ ᠤᠨ ᠬᠠᠮᠢᠶᠠᠷᠤᠯᠲᠠ  ᠶᠢᠨ ᠪᠠᠶᠢᠭᠤᠯᠤᠮᠵᠢ ᠵᠢᠴᠢ ᠤᠰᠤᠨ ᠤ ᠶᠠᠪᠤᠳᠠᠯ ᠤᠨ ᠬᠢᠨᠠᠨ ᠪᠠᠶᠢᠴᠠᠭᠠᠬᠤ ᠠᠵᠢᠯᠲᠠᠳ ᠲᠤᠰ ᠬᠠᠤᠯᠢ ᠳᠤ ᠲᠣᠭᠲᠠᠭᠠᠭᠰᠠᠨ ᠬᠢᠨᠠᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠳᠡᠭᠡᠨ ᠳᠠᠷᠠᠭᠠᠬᠢ ᠵᠢᠭᠰᠠᠭᠠᠭᠰᠠᠨ ᠠᠷᠭ᠎ᠠ ᠬᠡᠮᠵᠢᠶ᠎ᠡ ᠨᠦᠭᠦᠳ ᠢ ᠠᠪᠬᠤ ᠡᠷᠬᠡ ᠲᠠᠢ᠄       ︵ᠨᠢᠭᠡ︶ ᠪᠠᠶᠢᠴᠠᠭᠠᠭᠳᠠᠬᠤ ᠨᠢᠭᠡᠴᠢ ᠶᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠭᠡᠷᠡᠴᠢ ᠦᠨᠡᠮᠯᠡᠯ᠂ ᠮᠠᠲ᠋ᠧᠷᠢᠶᠠᠯ ᠬᠠᠩᠭᠠᠯᠭᠠᠬᠤ ᠪᠠᠷ ᠱᠠᠭᠠᠷᠳᠠᠬᠤ︔       ︵ᠬᠤᠶᠠᠷ︶ ᠪᠠᠶᠢᠴᠠᠭᠠᠭᠳᠠᠬᠤ ᠨᠢᠭᠡᠴᠢ ᠶᠢ ᠲᠤᠰ ᠬᠠᠤᠯᠢ ᠶᠢ ᠬᠡᠷᠡᠭᠵᠢᠭᠦᠯᠬᠦ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠲᠣᠳᠣᠷᠬᠠᠶᠢᠯᠠᠯᠲᠠ ᠬᠢᠯᠭᠡᠬᠦ ᠪᠠᠷ ᠱᠠᠭᠠᠷᠳᠠᠬᠤ︔       ︵ᠭᠤᠷᠪᠠ︶ ᠪᠠᠶᠢᠴᠠᠭᠠᠭᠳᠠᠬᠤ ᠨᠢᠭᠡᠴᠢ ᠶᠢᠨ ᠦᠢᠯᠡᠳᠪᠦᠷᠢᠯᠡᠯ ᠤᠨ ᠭᠠᠵᠠᠷ ᠲᠤ ᠣᠷᠣᠵᠤ ᠪᠠᠶᠢᠴᠠᠭᠠᠬᠤ︔       ︵ᠳᠥᠷᠪᠡ︶ ᠪᠠᠶᠢᠴᠠᠭᠠᠭᠳᠠᠬᠤ ᠨᠢᠭᠡᠴᠢ ᠶᠢ ᠵᠠᠷᠯᠢᠭᠳᠠᠵᠤ ᠪᠠᠶᠢᠭᠠᠳ ᠲᠤᠰ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ ᠬᠠᠤᠯᠢ ᠳᠤ ᠲᠣᠭᠲᠠᠭᠠᠭᠰᠠᠨ ᠡᠭᠦᠷᠭᠡ ᠶᠢ ᠭᠦᠢᠴᠡᠳᠬᠡᠭᠦᠯᠬᠦ᠃       ᠵᠢᠷᠠᠨ ᠨᠢᠭᠡᠳᠦᠭᠡᠷ ᠵᠦᠢᠯ ᠬᠤᠯᠪᠣᠭᠳᠠᠯ ᠪᠦᠬᠦᠢ ᠨᠢᠭᠡᠴᠢ ᠪᠤᠶᠤ ᠬᠤᠪᠢ ᠬᠥᠮᠥᠨ ᠤᠰᠤᠨ ᠤ ᠶᠠᠪᠤᠳᠠᠯ ᠤᠨ ᠬᠢᠨᠠᠨ ᠪᠠᠶᠢᠴᠠᠭᠠᠬᠤ ᠠᠵᠢᠯᠲᠠᠳ ᠤᠨ ᠬᠢᠨᠠᠨ ᠪᠠᠶᠢᠴᠠᠭᠠᠬᠤ ᠠᠵᠢᠯ ᠳᠤ ᠬᠠᠮᠵᠢᠯᠴᠠᠬᠤ ᠬᠡᠷᠡᠭᠲᠡᠢ᠂ ᠤᠰᠤᠨ ᠤ ᠶᠠᠪᠤᠳᠠᠯ ᠤᠨ ᠬᠢᠨᠠᠨ ᠪᠠᠶᠢᠴᠠᠭᠠᠬᠤ ᠠᠵᠢᠯᠲᠠᠳ ᠤᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ  ᠨᠢ ᠲᠡᠪᠴᠢᠬᠦ ᠪᠤᠶᠤ ᠬᠠᠷᠰᠢᠯᠠᠵᠤ ᠪᠤᠯᠬᠤ ᠦᠭᠡᠢ᠃       ᠵᠢᠷᠠᠨ ᠬᠤᠶᠠᠳᠤᠭᠠᠷ ᠵᠦᠢᠯ ᠤᠰᠤᠨ ᠤ ᠶᠠᠪᠤᠳᠠᠯ ᠤᠨ ᠬᠢᠨᠠᠨ ᠪᠠᠶᠢᠴᠠᠭᠠᠬᠤ ᠠᠵᠢᠯᠲᠠᠨ ᠬᠢᠨᠠᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠨ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠥᠨ ᠳᠤ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠦᠵᠡᠭᠦᠯᠭᠦ ᠬᠡᠷᠡᠭᠲᠡᠢ᠃       ᠵᠢᠷᠠᠨ ᠭᠤᠷᠪᠠᠳᠤᠭᠠᠷ ᠵᠦᠢᠯ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠤᠶᠤ ᠳᠡᠭᠡᠳᠦ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ  ᠨᠢ ᠲᠤᠰ ᠱᠠᠲᠤᠨ ᠤ ᠪᠤᠶᠤ ᠳᠣᠣᠷᠠᠳᠤ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠤᠨ ᠳᠤᠮᠳᠠ ᠬᠠᠤᠯᠢ ᠶᠢ ᠵᠥᠷᠢᠴᠡᠭᠰᠡᠨ ᠪᠤᠶᠤ ᠬᠠᠷᠢᠭᠤᠴᠠᠯᠭ᠎ᠠ ᠪᠠᠨ ᠠᠯᠳᠠᠭᠰᠠᠨ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠬᠤ ᠬᠡᠷᠡᠭᠲᠡᠢ᠃       ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ       ᠵᠢᠷᠠᠨ ᠳᠥᠷᠪᠡᠳᠦᠭᠡᠷ ᠵᠦᠢᠯ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠤᠰᠤᠨ ᠤ ᠪᠠᠷᠢᠯᠭ᠎ᠠ ᠶᠢᠨ ᠬᠠᠮᠢᠶᠠᠷᠤᠯᠲᠠ  ᠶᠢᠨ ᠨᠢᠭᠡᠴᠢ ᠵᠢᠴᠢ ᠲᠡᠭᠦᠨ ᠤ ᠠᠵᠢᠯᠲᠠᠨ ᠡᠭᠦᠷᠭᠡ ᠲᠤᠰᠢᠶᠠᠯ ᠤᠨ ᠢᠶᠠᠨ ᠳᠥᠭᠦᠮ ᠢ ᠠᠰᠢᠭᠯᠠᠨ ᠪᠤᠰᠤᠳ ᠤᠨ ᠵᠣᠭᠤᠰ ᠮᠥᠩᠭᠦ ᠡᠳ᠋ ᠪᠣᠳᠠᠰ᠂ ᠪᠤᠰᠤᠳ ᠠᠰᠢᠭ ᠢ ᠬᠤᠷᠢᠶᠠᠨ ᠠᠪᠤᠭᠰᠠᠨ ᠪᠤᠶᠤ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠬᠠᠤᠯᠢ ᠳᠤ ᠲᠣᠭᠲᠠᠭᠠᠭᠰᠠᠨ ᠨᠥᠬᠦᠴᠡᠯ ᠳᠤ ᠦᠯᠦ ᠨᠡᠶᠢᠴᠡᠬᠦ ᠨᠢᠭᠡᠴᠢ ᠪᠤᠶᠤ ᠬᠤᠪᠢ ᠬᠥᠮᠥᠨ  ᠳᠤ ᠵᠥᠪᠰᠢᠶᠡᠷᠡᠯ ᠤᠨ ᠦᠨᠡᠮᠯᠡᠯ ᠬᠢᠨᠠᠨ ᠣᠯᠭᠤᠵᠤ᠂ ᠬᠢᠨᠠᠨ ᠪᠠᠶᠢᠴᠠᠭᠠᠵᠤ ᠵᠥᠪᠰᠢᠶᠡᠷᠡᠭᠰᠡᠨ ᠰᠠᠨᠠᠯ ᠢᠶᠠᠨ ᠪᠢᠴᠢᠵᠦ ᠥᠭᠭᠦᠭᠰᠡᠨ᠂ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠥᠯ ᠤᠨ ᠶᠣᠰᠣᠭᠠᠷ ᠤᠰᠤᠨ ᠤ ᠬᠡᠮᠵᠢᠶ᠎ᠡ ᠶᠢ ᠬᠤᠪᠢᠶᠠᠷᠢᠯᠠᠭᠰᠠᠨ ᠦᠭᠡᠢ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠰᠤᠨ ᠤ ᠡᠬᠢ ᠪᠠᠶᠠᠯᠢᠭ  ᠤᠨ ᠰᠦᠢᠳᠬᠡᠯ ᠬᠤᠷᠢᠶᠠᠭᠰᠠᠨ ᠦᠭᠡᠢ᠂ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ᠂ ᠡᠰᠡᠬᠦᠯ᠎ᠡ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠣᠯᠵᠤ ᠮᠡᠳᠡᠭᠡᠳ ᠪᠠᠶᠢᠴᠠᠭᠠᠨ ᠰᠢᠢᠳᠪᠦᠷᠢᠯᠡᠭᠰᠡᠨ ᠦᠭᠡᠢ᠂ ᠬᠦᠨᠳᠦ ᠨᠣᠴᠢᠲᠠᠢ ᠤᠷᠰᠢᠭ ᠲᠠᠲᠠᠵᠤ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠷᠢᠭᠤᠴᠠᠯᠭ᠎ᠠ ᠲᠠᠢ ᠡᠷᠭᠢᠯᠡᠨ ᠬᠠᠮᠢᠶᠠᠷᠬᠤ ᠬᠥᠮᠥᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠠᠴᠠ ᠡᠷᠡᠭᠦᠦ ᠶᠢᠨ ᠬᠠᠤᠯᠢ  ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠨ᠎ᠡ︔ ᠬᠠᠷᠠᠬᠠᠨ ᠡᠷᠡᠭᠦᠦ ᠵᠢᠨ‌‍ᠰᠢᠢᠳᠬᠡᠯ ᠣᠯᠭᠤᠬᠤ ᠬᠡᠮᠵᠢᠶᠡᠨ ᠳᠤ ᠭᠦᠷᠦᠭᠰᠡᠨ ᠦᠭᠡᠢ ᠪᠠᠶᠢᠪᠠᠯ ᠬᠠᠤᠯᠢ ᠶᠣᠰᠣᠭᠠᠷ ᠵᠠᠰᠠᠭ ᠵᠠᠬᠢᠷᠭᠠᠨ ‍ᠤ‌‍ᠰᠢᠢᠳᠬᠡᠯ ᠣᠯᠭᠤᠨ᠎ᠠ᠃       ᠵᠢᠷᠠᠨ ᠲᠠᠪᠤᠳᠤᠭᠠᠷ ᠵᠦᠢᠯ ᠭᠤᠣᠯ ᠮᠥᠷᠡᠨ ᠶᠢᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠦᠶᠡᠷ ᠤᠷᠤᠰᠬᠠᠬᠤ ᠶᠢ ᠬᠠᠷᠰᠢᠯᠠᠬᠤ ᠪᠠᠷᠢᠯᠭ᠎ᠠ ᠪᠠ ᠪᠠᠷᠢᠯᠭ᠎ᠠ ᠶᠢᠨ ᠡᠳ᠋ ᠢ ᠪᠦᠲᠦᠭᠡᠨ ᠪᠠᠶᠢᠭᠤᠯᠤᠭᠰᠠᠨ᠂ ᠡᠰᠡᠬᠦᠯ᠎ᠡ ᠭᠤᠣᠯ  ᠤᠨ ᠤᠷᠤᠰᠬᠠᠯ ᠤᠨ ᠲᠣᠭᠲᠠᠭ ᠤᠨ ᠪᠠᠶᠢᠳᠠᠯ ᠢ ᠨᠥᠯᠥᠭᠡᠯᠡᠬᠦ᠂ ᠭᠤᠣᠯ ᠤᠨ ᠡᠷᠭᠢ ᠶᠢᠨ ᠬᠠᠰᠢᠯᠭ᠎ᠠ ᠳᠠᠯᠠᠩ ᠤᠨ ᠠᠶᠤᠯᠭᠦᠢ ᠪᠠᠶᠢᠳᠠᠯ ᠳᠤ ᠬᠤᠣᠷ ᠬᠥᠨᠥᠭᠡᠯ ᠤᠴᠠᠷᠠᠭᠤᠯᠬᠤ ᠪᠠ ᠭᠤᠣᠯ ᠮᠥᠷᠡᠨ ᠶᠢᠨ ᠵᠠᠮ ᠤᠨ ᠦᠶᠡᠷ ᠤᠷᠤᠰᠬᠠᠬᠤ  ᠶᠢ ᠬᠠᠷᠰᠢᠯᠠᠬᠤ ᠪᠤᠰᠤᠳ ᠠᠵᠢᠯᠯᠠᠭ᠎ᠠ ᠬᠢᠭᠰᠡᠨ ᠪᠠᠶᠢᠪᠠᠯ᠂ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠡᠷᠬᠡ ᠲᠤᠰᠢᠶᠠᠯ ᠢᠶᠠᠨ ᠦᠨᠳᠦᠰᠦᠯᠡᠨ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ ᠬᠤᠭᠤᠴᠠᠭ᠎ᠠ ᠲᠣᠭᠲᠠᠭᠠᠨ ᠬᠠᠤᠯᠢ ᠶᠢ ᠵᠥᠷᠢᠴᠡᠭᠰᠡᠨ ᠪᠠᠷᠢᠯᠭ᠎ᠠ ᠪᠠ ᠪᠠᠷᠢᠯᠭ᠎ᠠ ᠶᠢᠨ ᠵᠦᠢᠯ ᠢ ᠨᠤᠷᠠᠭᠠᠯᠭᠠᠵᠤ᠂ ᠤᠤᠯ ᠪᠠᠶᠢᠳᠠᠯ ᠢ ᠨᠢ ᠰᠡᠷᠭᠦᠭᠡᠯᠭᠡᠨ᠎ᠡ︔ ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠨᠤᠷᠠᠭᠠᠭᠰᠠᠨ ᠦᠭᠡᠢ᠂ ᠤᠤᠯ ᠪᠠᠶᠢᠳᠠᠯ ᠢ ᠨᠢ ᠰᠡᠷᠭᠦᠭᠡᠭᠰᠡᠨ ᠦᠭᠡᠢ ᠪᠠᠶᠢᠪᠠᠯ ᠠᠯᠪᠠᠳᠠᠨᠨᠤᠷᠠᠭᠠᠵᠤ᠂ ᠬᠡᠷᠡᠭᠰᠡᠬᠦ ᠵᠠᠷᠤᠳᠠᠯ ᠢ ᠬᠠᠤᠯᠢ ᠶᠢ ᠵᠥᠷᠢᠴᠡᠭᠰᠡᠨ ᠨᠢᠭᠡᠴᠢ ᠪᠤᠶᠤ ᠬᠤᠪᠢ ᠬᠥᠮᠥᠨ ᠢᠶᠠᠷ ᠡᠭᠦᠷᠭᠡᠯᠡᠭᠦᠯᠵᠦ᠂ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠨᠡᠶᠢᠯᠡᠭᠦᠯᠦᠨ‌‍ᠰᠢᠢᠳᠭᠡᠨ᠎ᠡ᠃       ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠥᠪᠰᠢᠶᠡᠷᠡᠯ ᠦᠭᠡᠢ ᠪᠠᠷ ᠤᠰᠤᠨ ᠤ ᠪᠠᠷᠢᠯᠭ᠎ᠠ ᠶᠢ ᠳᠤᠷ᠎ᠠ ᠪᠠᠷ  ᠢᠶᠠᠨ ᠪᠠᠶᠢᠭᠤᠯᠤᠭᠰᠠᠨ᠂ ᠡᠰᠡᠬᠦᠯ᠎ᠡ ᠬᠥᠭᠦᠷᠭᠡ᠂ ᠭᠠᠷᠠᠮ ᠪᠣᠯᠣᠨ ᠪᠤᠰᠤᠳ ᠭᠤᠣᠯ ᠬᠠᠰᠢᠬᠤ᠂ ᠭᠤᠣᠯ ᠰᠤᠨᠳᠠᠯᠠᠬᠤ᠂ ᠭᠤᠣᠯ ᠳᠠᠭᠠᠬᠰᠠᠨ ᠪᠠᠷᠢᠯᠭ᠎ᠠ᠂ ᠪᠠᠷᠢᠵᠤ ᠪᠠᠶᠢᠭᠤᠯᠤᠭᠰᠠᠨ ᠶᠠᠭᠤᠮ᠎ᠠ ᠶᠢ ᠪᠦᠲᠦᠭᠡᠨ ᠪᠠᠶᠢᠭᠤᠯᠵᠤ᠂ ᠭᠤᠣᠯ ᠠᠯᠤᠰᠯᠠᠭᠰᠠᠨ ᠬᠤᠭᠤᠯᠠᠢ ᠬᠤᠭᠤᠯᠠᠢ᠂ ᠴᠠᠭᠢᠯᠭᠠᠨ ᠳᠡᠭᠡᠰᠦ ᠲᠠᠲᠠᠭᠰᠠᠨ ᠪᠥᠭᠡᠳ ᠦᠶᠡᠷ ᠢ ᠰᠡᠷᠭᠡᠶᠢᠯᠡᠬᠦ ᠬᠠᠤᠯᠢ ᠳᠤ ᠲᠣᠭᠲᠠᠭᠠᠯ ᠭᠠᠷᠭᠠᠭᠰᠠᠨ ᠦᠭᠡᠢ ᠪᠠᠶᠢᠪᠠᠯ᠂ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠡᠷᠬᠡ ᠲᠤᠰᠢᠶᠠᠯ ᠢᠶᠠᠨ ᠦᠨᠳᠦᠰᠦᠯᠡᠨ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ ᠬᠤᠭᠤᠴᠠᠭ᠎ᠠ ᠲᠣᠭᠲᠠᠭᠠᠨ ᠬᠤᠯᠪᠣᠭᠳᠠᠯ ᠪᠦᠬᠦᠢ ᠭᠠᠷ ᠭᠦᠢᠴᠡᠳᠬᠡᠯ ᠢ ᠨᠥᠬᠦᠪᠦᠷᠢᠯᠡᠨ ᠬᠢᠯᠭᠡᠨ᠎ᠡ︔ ᠬᠤᠭᠤᠴᠠᠭ᠎ᠠ ᠬᠡᠲᠦᠷᠡᠲᠡᠯ᠎ᠡ ᠨᠥᠬᠦᠪᠦᠷᠢᠯᠡᠨ ᠬᠢᠭᠰᠡᠨ ᠦᠭᠡᠢ ᠪᠤᠶᠤ ᠨᠥᠬᠦᠪᠦᠷᠢᠯᠡᠨ ᠰᠢᠢᠳᠪᠦᠷᠢᠯᠡᠵᠦ ᠵᠥᠪᠰᠢᠶᠡᠷᠡᠭᠳᠡᠭᠰᠡᠨ ᠦᠭᠡᠢ ᠪᠠᠶᠢᠪᠠᠯ᠂ ᠬᠠᠤᠯᠢ ᠶᠢ ᠵᠥᠷᠢᠴᠡᠭᠰᠡᠨ ᠪᠠᠷᠢᠯᠭ᠎ᠠ᠂ ᠪᠠᠷᠢᠯᠭ᠎ᠠ ᠶᠢᠨ ᠵᠦᠢᠯ ᠢ ᠬᠤᠭᠤᠴᠠᠭ᠎ᠠ ᠲᠣᠭᠲᠠᠭᠠᠨ ᠨᠤᠷᠠᠭᠠᠯᠭᠠᠨ᠎ᠠ︔ ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠨᠤᠷᠠᠭᠠᠨ ᠠᠷᠢᠯᠭᠠᠬᠤ ᠦᠭᠡᠢ ᠪᠠᠶᠢᠪᠠᠯ᠂ ᠠᠯᠪᠠ ᠪᠠᠷ ᠨᠤᠷᠠᠭᠠᠨ ᠴᠣᠭᠴᠠᠯᠠᠨ᠎ᠠ᠂ ᠬᠡᠷᠡᠭᠰᠡᠭᠰᠡᠨ ᠵᠠᠷᠤᠳᠠᠯ ᠢ ᠨᠢ ᠬᠠᠤᠯᠢ ᠵᠥᠷᠢᠴᠡᠭᠰᠡᠨ ᠨᠢᠭᠡᠴᠢ ᠪᠤᠶᠤ ᠬᠤᠪᠢ ᠬᠥᠮᠥᠨ ᠡᠭᠦᠷᠭᠡᠯᠡᠨ᠎ᠡ᠂ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠨᠡᠶᠢᠯᠡᠭᠦᠯᠦᠨ‌‍ᠰᠢᠢᠳᠭᠡᠨ᠎ᠡ᠃       ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠᠷ ᠵᠥᠪᠰᠢᠶᠡᠷᠡᠭᠦᠯᠦᠭᠰᠡᠨ ᠪᠤᠯᠪᠠᠴᠤ᠂ ᠱᠠᠭᠠᠷᠳᠠᠯᠭ᠎ᠠ ᠶᠣᠰᠣᠭᠠᠷ ᠡᠮᠦᠨᠡᠬᠢ ᠪᠠᠳᠠᠭ ᠲᠤ ᠵᠢᠭᠰᠠᠭᠠᠭᠰᠠᠨ ᠪᠠᠷᠢᠯᠭ᠎ᠠ ᠲᠥᠬᠦᠭᠡᠷᠦᠮᠵᠢ ᠪᠠᠶᠢᠭᠤᠯᠤᠭᠰᠠᠨ ᠦᠭᠡᠢ ᠪᠠᠶᠢᠪᠠᠯ᠂ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠡᠷᠬᠡ ᠲᠤᠰᠢᠶᠠᠯ ᠢᠶᠠᠨ ᠦᠨᠳᠦᠰᠦᠯᠡᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠵᠤ᠂ ᠦᠢᠯᠡ ᠪᠠᠶᠢᠳᠠᠯ  ᠤᠨ ᠬᠢᠨᠢ ᠬᠦᠨᠳᠦ ᠬᠥᠩᠭᠡᠨ ᠢ ᠦᠨᠳᠦᠰᠦᠯᠡᠵᠦ ᠪᠠᠶᠢᠭᠠᠳ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ‌‍ᠰᠢᠢᠳᠭᠡᠨ᠎ᠡ᠃       ᠵᠢᠷᠠᠨ ᠵᠢᠷᠭᠤᠳᠤᠭᠠᠷ ᠵᠦᠢᠯ ᠳᠠᠷᠠᠭᠠᠬᠢ ᠵᠢᠭᠰᠠᠭᠠᠭᠰᠠᠨ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠠ ᠦᠶᠡᠷ ᠢ ᠰᠡᠷᠭᠡᠶᠢᠯᠡᠬᠦ ᠬᠠᠤᠯᠢ ᠳᠤ ᠡᠭᠦᠨ ᠤ ᠲᠤᠬᠠᠢ ᠲᠣᠭᠲᠠᠭᠠᠭᠰᠠᠨ ᠦᠭᠡᠢ ᠪᠠᠶᠢᠪᠠᠯ᠂ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠡᠷᠬᠡ ᠲᠤᠰᠢᠶᠠᠯ ᠢᠶᠠᠨ ᠦᠨᠳᠦᠰᠦᠯᠡᠨ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ ᠬᠤᠭᠤᠴᠠᠭ᠎ᠠ ᠲᠣᠭᠲᠠᠭᠠᠨ ᠬᠠᠷᠰᠢ ᠰᠠᠭᠠᠳ ᠢ ᠠᠷᠢᠯᠭᠠᠭᠤᠯᠬᠤ ᠪᠤᠶᠤ ᠪᠤᠰᠤᠳ ᠠᠪᠤᠷᠠᠬᠤ ᠨᠥᠬᠦᠪᠦᠷᠢ ᠠᠷᠭ᠎ᠠ ᠬᠡᠮᠵᠢᠶ᠎ᠡ ᠠᠪᠤᠭᠤᠯᠵᠤ᠂ ᠲᠦᠮᠡᠨ ᠲᠥᠭᠦᠷᠢᠭ ᠠᠴᠠ ᠳᠡᠭᠡᠭᠰᠢ ᠲᠠᠪᠤᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ‌‍ᠰᠢᠢᠳᠭᠡᠨ᠎ᠡ᠄       ︵ᠨᠢᠭᠡ︶ ᠭᠤᠣᠯ ᠮᠥᠷᠡᠨ᠂ ᠨᠠᠭᠤᠷ ᠲᠣᠭᠤᠷᠢᠮ᠂ ᠴᠥᠭᠦᠷᠥᠮ᠂ ᠲᠠᠲᠠᠮᠠᠯ ᠭᠤᠣᠯ᠂ ᠤᠰᠤᠨ ᠰᠤᠪᠠᠭ ᠤᠨ ᠳᠣᠲᠣᠷ᠎ᠠ ᠦᠶᠡᠷ ᠤᠷᠤᠰᠬᠠᠬᠤ ᠶᠢ ᠬᠠᠷᠰᠢᠯᠠᠬᠤ᠂ ᠶᠠᠭᠤᠮᠠᠰ ᠬᠠᠶᠠᠬᠤ᠂ ᠣᠪᠣᠭᠠᠯᠠᠭᠰᠠᠨ ᠪᠠ ᠦᠶᠡᠷ ᠤᠷᠤᠰᠬᠠᠬᠤ  ᠶᠢ ᠬᠠᠷᠰᠢᠯᠠᠬᠤ ᠣᠢ ᠮᠣᠳᠣ ᠪᠣᠯᠣᠨ ᠥᠨᠳᠥᠷ ᠡᠰᠢᠲᠦ ᠲᠠᠷᠢᠮᠠᠯ ᠳᠠᠷᠢᠭᠰᠠᠨ︔       ︵ᠬᠤᠶᠠᠷ︶ ᠨᠠᠭᠤᠷ ᠢ ᠬᠦᠷᠢᠶᠡᠯᠡᠵᠦ ᠲᠠᠷᠢᠶᠠᠨ ᠭᠠᠵᠠᠷ ᠭᠠᠷᠭᠠᠭᠰᠠᠨ ᠪᠤᠶᠤ ᠵᠥᠪᠰᠢᠶᠡᠷᠡᠭᠦᠯᠦᠭᠰᠡᠨ ᠦᠭᠡᠢ  ᠪᠠᠷ ᠭᠤᠣᠯ ᠤᠨ ᠵᠠᠮ ᠢ ᠬᠦᠷᠢᠶᠡᠯᠡᠵᠦ ᠬᠠᠭᠠᠯᠪᠤᠷᠢᠯᠠᠭᠰᠠᠨ᠃       ᠵᠢᠷᠠᠨ ᠳᠣᠯᠣᠳᠤᠭᠠᠷ ᠵᠦᠢᠯ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠳᠤ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠠᠮᠠᠰᠠᠷ ᠭᠠᠷᠭᠠᠭᠰᠠᠨ ᠪᠠᠶᠢᠪᠠᠯ᠂ ᠰᠢᠶᠠᠩ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠨᠤᠷᠠᠭᠠᠯᠭᠠᠵᠤ᠂ ᠤᠤᠯ ᠪᠠᠶᠢᠳᠠᠯ ᠢ ᠨᠢ ᠰᠡᠷᠭᠦᠭᠡᠯᠭᠡᠨ᠎ᠡ︔ ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠨᠤᠷᠠᠭᠠᠭᠰᠠᠨ ᠦᠭᠡᠢ᠂ ᠤᠤᠯ ᠪᠠᠶᠢᠳᠠᠯ ᠢ ᠨᠢ ᠰᠡᠷᠭᠦᠭᠡᠭᠰᠡᠨ ᠦᠭᠡᠢ ᠪᠠᠶᠢᠪᠠᠯ ᠠᠯᠪᠠᠳᠠᠨᠨᠤᠷᠠᠭᠠᠵᠤ᠂ ᠤᠤᠯ ᠪᠠᠶᠢᠳᠠᠯ ᠢ ᠨᠢ ᠰᠡᠷᠭᠦᠭᠡᠵᠦ᠂ ᠲᠠᠪᠤᠨ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠨᠡᠶᠢᠯᠡᠭᠦᠯᠦᠨ‌‍ᠰᠢᠢᠳᠭᠡᠨ᠎ᠡ᠃       ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠦᠭᠡᠢ ᠪᠠᠷ ᠳᠤᠷ᠎ᠠ ᠪᠠᠷ ᠢᠶᠠᠨ ᠭᠤᠣᠯ ᠮᠥᠷᠡᠨ᠂ ᠨᠠᠭᠤᠷ ᠲᠣᠭᠤᠷᠢᠮ ᠳᠤ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠠᠮᠠᠰᠠᠷ  ᠢ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ ᠪᠤᠶᠤ ᠥᠷᠭᠡᠳᠬᠡᠨ ᠪᠠᠶᠢᠭᠤᠯᠤᠭᠰᠠᠨ ᠪᠠᠶᠢᠪᠠᠯ᠂ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ  ᠠᠴᠠ ᠡᠷᠬᠡ ᠲᠤᠰᠢᠶᠠᠯ ᠢᠶᠠᠨ ᠦᠨᠳᠦᠰᠦᠯᠡᠨ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ ᠬᠤᠭᠤᠴᠠᠭ᠎ᠠ ᠲᠣᠭᠲᠠᠭᠠᠨ ᠤᠤᠯ ᠪᠠᠶᠢᠳᠠᠯ ᠢ ᠨᠢ ᠰᠡᠷᠭᠦᠭᠡᠯᠭᠡᠵᠦ᠂ ᠲᠠᠪᠤᠨ ᠲᠦᠮᠡᠨ ᠲᠥᠭᠦᠷᠢᠭ  ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ‌‍ᠰᠢᠢᠳᠭᠡᠨ᠎ᠡ᠃       ᠵᠢᠷᠠᠨ ᠨᠠᠢᠮᠠᠳᠤᠭᠠᠷ ᠵᠦᠢᠯ ᠤᠯᠤᠰ ᠤᠨ ᠲᠣᠳᠣᠷᠬᠠᠢ ᠵᠠᠷᠯᠢᠭ ᠢᠶᠠᠷ ᠵᠠᠭᠠᠵᠠᠯᠠᠭᠰᠠᠨ ᠬᠤᠴᠤᠷᠤᠩᠭᠤᠢ᠂ ᠤᠰᠤ ᠶᠡᠭᠡ ᠬᠤᠷᠣᠭᠳᠠᠭᠤᠯᠬᠤ ᠤᠷᠠᠨ ᠮᠡᠷᠭᠡᠰᠢᠯ᠂ ᠲᠥᠬᠦᠭᠡᠷᠦᠮᠵᠢ ᠪᠠ ᠦᠢᠯᠡᠳᠬᠦᠨ ᠢ ᠦᠢᠯᠡᠳᠪᠦᠷᠢᠯᠡᠭᠰᠡᠨ᠂ ᠪᠣᠷᠣᠯᠠᠭᠤᠯᠤᠭᠰᠠᠨ ᠪᠤᠶᠤ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠬᠡᠷᠡᠭᠯᠡᠭᠰᠡᠨ ᠪᠠᠶᠢᠪᠠᠯ᠂ ᠰᠢᠶᠠᠩ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠠᠵᠤ ᠠᠬᠤᠢ ᠶᠢ ᠶᠡᠷᠦᠩᠬᠡᠶᠢᠯᠡᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠦᠢᠯᠡᠳᠪᠦᠷᠢᠯᠡᠬᠦ᠂ ᠪᠣᠷᠣᠯᠠᠭᠤᠯᠬᠤ ᠪᠤᠶᠤ ᠬᠡᠷᠡᠭᠯᠡᠬᠦ ᠶᠢ ᠨᠢ ᠵᠣᠭᠰᠣᠭᠠᠵᠤ᠂ ᠬᠤᠶᠠᠷ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ‌‍ᠰᠢᠢᠳᠭᠡᠨ᠎ᠡ᠃       ᠵᠢᠷᠠ ᠶᠢᠰᠦᠳᠦᠭᠡᠷ ᠵᠦᠢᠯ ᠳᠠᠷᠠᠭᠠᠬᠢ ᠵᠢᠭᠰᠠᠭᠠᠭᠰᠠᠨ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠠᠶᠢᠪᠠᠯ ᠂ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠡᠷᠬᠡ ᠲᠤᠰᠢᠶᠠᠯ ᠢᠶᠠᠨ ᠦᠨᠳᠦᠰᠦᠯᠡᠨ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ ᠬᠤᠭᠤᠴᠠᠭ᠎ᠠ ᠲᠣᠭᠲᠠᠭᠠᠨ ᠵᠠᠯᠠᠷᠠᠭᠤᠯᠬᠤ ᠠᠷᠭ᠎ᠠ ᠬᠡᠮᠵᠢᠶ᠎ᠡ ᠠᠪᠤᠭᠤᠯᠵᠤ᠂ ᠬᠤᠶᠠᠷ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ‌‍ᠰᠢᠢᠳᠭᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠤᠰᠤ ᠠᠪᠬᠤ ᠵᠥᠪᠰᠢᠶᠡᠷᠡᠯ ᠤᠨ ᠦᠨᠡᠮᠯᠡᠯ ᠢ  ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠄       ︵ᠨᠢᠭᠡ︶ ᠵᠥᠪᠰᠢᠶᠡᠷᠡᠭᠦᠯᠦᠭᠰᠡᠨ ᠦᠭᠡᠢ ᠪᠠᠷ ᠳᠤᠷ᠎ᠠ ᠪᠠᠷ ᠢᠶᠠᠨ ᠤᠰᠤ ᠠᠪᠤᠭᠰᠠᠨ︔       ︵ᠬᠤᠶᠠᠷ︶ ᠵᠥᠪᠰᠢᠶᠡᠷᠡᠭᠰᠡᠨ ᠤᠰᠤ ᠠᠪᠬᠤ ᠵᠥᠪᠰᠢᠶᠡᠷᠡᠯ ᠳᠤ ᠲᠣᠭᠲᠠᠭᠠᠭᠰᠠᠨ ᠨᠥᠬᠦᠴᠡᠯ ᠶᠣᠰᠣᠭᠠᠷ ᠤᠰᠤ ᠠᠪᠤᠭᠰᠠᠨ ᠦᠭᠡᠢ᠃       ᠳᠠᠯᠠᠳᠤᠭᠠᠷ ᠵᠦᠢᠯ ᠤᠰᠤᠨ ᠤ ᠡᠬᠢ ᠪᠠᠶᠠᠯᠢᠭ ᠤᠨ ᠰᠦᠢᠳᠬᠡᠯ ᠲᠤᠰᠢᠶᠠᠬᠤ ᠶᠢ ᠲᠡᠪᠴᠢᠭᠰᠡᠨ᠂ ᠲᠤᠰᠢᠶᠠᠬᠤ  ᠶᠢ ᠬᠤᠶᠢᠰᠢᠯᠠᠭᠤᠯᠤᠭᠰᠠᠨ ᠪᠤᠶᠤ ᠤᠳᠠᠭᠠᠰᠢᠷᠠᠭᠤᠯᠤᠨ ᠥᠷᠢᠲᠦᠭᠰᠡᠨ ᠪᠠᠶᠢᠪᠠᠯ᠂ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠡᠷᠬᠡ ᠲᠤᠰᠢᠶᠠᠯ  ᠢᠶᠠᠨ ᠦᠨᠳᠦᠰᠦᠯᠡᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠲᠤᠰᠢᠶᠠᠯᠭᠠᠨ᠎ᠠ︔ ᠬᠤᠭᠤᠴᠠᠭ᠎ᠠ ᠥᠩᠭᠡᠷᠡᠲᠡᠯ᠎ᠡ ᠲᠤᠰᠢᠶᠠᠬᠤ ᠦᠭᠡᠢ ᠪᠣᠯ ᠬᠤᠭᠤᠴᠠᠭ᠎ᠠ ᠰᠠᠭᠠᠲᠠᠭᠠᠭᠰᠠᠨ ᠡᠳᠦᠷ ᠠᠴᠠ ᠡᠬᠢᠯᠡᠨ ᠡᠳᠦᠷ ᠪᠦᠷᠢ ᠰᠠᠭᠠᠲᠠᠭᠠᠭᠰᠠᠨ ᠬᠡᠰᠡᠭ ᠤᠨ ᠮᠢᠩᠭᠠᠨ ᠤ ᠬᠤᠶᠠᠷ ᠢᠶᠠᠷ ᠪᠤᠳᠣᠵᠤ ᠰᠠᠭᠠᠲᠠᠭᠠᠭᠰᠠᠨ ᠮᠥᠩᠭᠦ ᠨᠡᠮᠡᠵᠦ ᠬᠤᠷᠢᠶᠠᠬᠤ ᠶᠢᠨ ᠬᠠᠮᠲᠤ ᠲᠤᠰᠢᠶᠠᠪᠠᠰᠤ ᠵᠣᠬᠢᠬᠤ ᠪᠤᠶᠤ ᠨᠥᠬᠦᠵᠦ ᠲᠤᠰᠢᠶᠠᠬᠤ ᠤᠰᠤᠨ ᠤ ᠡᠬᠢ ᠪᠠᠶᠠᠯᠢᠭ ᠤᠨ ᠰᠦᠢᠳᠬᠡᠯ ᠤᠨ ᠨᠢᠭᠡ ᠳᠠᠭᠢᠨ ᠠᠴᠠ ᠳᠡᠭᠡᠭᠰᠢ ᠲᠠᠪᠤᠨ ᠳᠠᠭᠢᠨ ᠠᠴᠠ ᠳᠣᠷᠣᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ‌‍ᠰᠢᠢᠳᠭᠡᠨ᠎ᠡ᠃      ᠳᠠᠯᠠᠨ ᠨᠢᠭᠡᠳᠦᠭᠡᠷ ᠵᠦᠢᠯ ᠪᠦᠲᠦᠭᠡᠨ ᠪᠠᠶᠢᠭᠤᠯᠤᠯᠲᠠ ᠶᠢᠨ ᠵᠦᠢᠯ ᠡᠰ ᠤᠨ ᠤᠰᠤ ᠠᠷᠪᠢᠯᠠᠬᠤ ᠲᠥᠬᠦᠭᠡᠷᠦᠮᠵᠢ ᠶᠢ ᠪᠠᠶᠢᠭᠤᠯᠤᠭᠰᠠᠨ ᠦᠭᠡᠢ ᠪᠤᠶᠤ ᠲᠡᠷᠡ ᠨᠢ ᠤᠯᠤᠰ ᠤᠨ ᠲᠣᠭᠲᠠᠭᠠᠭᠰᠠᠨ ᠱᠠᠭᠠᠷᠳᠠᠯᠭ᠎ᠠ ᠳᠤ ᠭᠦᠷᠦᠭᠰᠡᠨ ᠦᠭᠡᠢ ᠪᠠᠶᠢᠲᠠᠯ᠎ᠠ ᠳᠤᠷ᠎ᠠ ᠪᠠᠷ ᠢᠶᠠᠨ ᠠᠰᠢᠭᠯᠠᠯᠲᠠ ᠳᠤ ᠣᠷᠣᠭᠤᠯᠤᠭᠰᠠᠨ ᠪᠠᠶᠢᠪᠠᠯ᠂ ᠰᠢᠶᠠᠩ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠡᠷᠬᠡ ᠲᠤᠰᠢᠶᠠᠯ ᠢᠶᠠᠨ ᠦᠨᠳᠦᠰᠦᠯᠡᠨ ᠵᠠᠷᠯᠢᠭᠳᠠᠵᠤ ᠪᠠᠶᠢᠭᠠᠳ ᠬᠡᠷᠡᠭᠯᠡᠬᠦ ᠶᠢ ᠨᠢ ᠵᠣᠭᠰᠣᠭᠠᠵᠤ᠂ ᠬᠤᠭᠤᠴᠠᠭ᠎ᠠ ᠲᠣᠭᠲᠠᠭᠠᠨ ᠵᠠᠯᠠᠷᠠᠭᠤᠯᠵᠤ᠂ ᠲᠠᠪᠤᠨ ᠲᠦᠮᠡᠨ ᠲᠥᠭᠦᠷᠢᠭ  ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ‌‍ᠰᠢᠢᠳᠭᠡᠨ᠎ᠡ᠃       ᠳᠠᠯᠠᠨ ᠬᠤᠶᠠᠳᠤᠭᠠᠷ ᠵᠦᠢᠯ ᠳᠠᠷᠠᠭᠠᠬᠢ ᠵᠢᠭᠰᠠᠭᠠᠭᠰᠠᠨ ᠠᠵᠢᠯᠯᠠᠭ᠎ᠠ ᠶᠢᠨ ᠨᠢᠭᠡ ᠶᠢ ᠬᠢᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠨ᠎ᠡ︔ ᠬᠠᠷᠠᠬᠠᠨ ᠡᠷᠡᠭᠦᠦ ᠵᠢᠨ‌‍ᠰᠢᠢᠳᠬᠡᠯ ᠣᠯᠭᠤᠬᠤ ᠬᠡᠮᠵᠢᠶᠡᠨ ᠳᠤ ᠭᠦᠷᠦᠭᠰᠡᠨ ᠦᠭᠡᠢ ᠪᠥᠭᠡᠳ ᠦᠶᠡᠷ ᠢ ᠰᠡᠷᠭᠡᠶᠢᠯᠡᠬᠦ ᠬᠠᠤᠯᠢ ᠳᠤ ᠲᠣᠭᠲᠠᠭᠠᠭᠰᠠᠨ ᠦᠭᠡᠢ ᠪᠠᠶᠢᠪᠠᠯ᠂ ᠰᠢᠶᠠᠩ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ  ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠡᠷᠬᠡ ᠲᠤᠰᠢᠶᠠᠯ ᠢᠶᠠᠨ ᠦᠨᠳᠦᠰᠦᠯᠡᠨ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ ᠠᠪᠤᠷᠠᠬᠤ ᠠᠷᠭ᠎ᠠ ᠬᠡᠮᠵᠢᠶ᠎ᠡ ᠠᠪᠤᠭᠤᠯᠵᠤ᠂ ᠲᠦᠮᠡᠨ ᠲᠥᠭᠦᠷᠢᠭ ᠠᠴᠠ ᠳᠡᠭᠡᠭᠰᠢ ᠲᠠᠪᠤᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ‌‍ᠰᠢᠢᠳᠭᠡᠨ᠎ᠡ︔ ᠠᠮᠤᠷ ᠢ ᠬᠠᠮᠠᠭᠠᠯᠠᠬᠤ ᠬᠠᠮᠢᠶᠠᠷᠤᠯᠲᠠ ᠵᠢᠨ‌‍ᠰᠢᠢᠳᠭᠡᠭᠦ ᠳᠦᠷᠢᠮ ᠢ ᠵᠥᠷᠢᠴᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ  ᠠᠴᠠ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠵᠢᠨ‌‍ᠰᠢᠢᠳᠬᠡᠯ ᠣᠯᠭᠤᠨ᠎ᠠ︔ ᠪᠤᠰᠤᠳ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠄       ︵ᠨᠢᠭᠡ︶ ᠤᠰᠤᠨ ᠤ ᠪᠠᠷᠢᠯᠭ᠎ᠠ ᠵᠢᠴᠢ ᠬᠠᠰᠢᠯᠭ᠎ᠠ ᠳᠠᠯᠠᠩ᠂ ᠡᠷᠭᠢ ᠶᠢᠨ ᠬᠠᠮᠠᠭᠠᠯᠠᠯᠲᠠ ᠵᠡᠷᠭᠡ ᠬᠤᠯᠪᠣᠭᠳᠠᠯ ᠪᠦᠬᠦᠢ ᠲᠥᠬᠦᠭᠡᠷᠦᠮᠵᠢ ᠶᠢ ᠡᠵᠡᠯᠡᠵᠦ᠂ ᠡᠪᠳᠡᠭᠰᠡᠨ᠂ ᠦᠶᠡᠷ ᠢ ᠰᠡᠷᠭᠡᠶᠢᠯᠡᠬᠦ ᠲᠥᠬᠦᠭᠡᠷᠦᠮᠵᠢ᠂ ᠤᠰᠤᠨ ᠵᠦᠢ ᠶᠢᠨ ᠬᠢᠨᠠᠨ ᠬᠡᠮᠵᠢᠬᠦ ᠲᠥᠬᠦᠭᠡᠷᠦᠮᠵᠢ᠂ ᠤᠰᠤ ᠭᠠᠵᠠᠷ ᠰᠢᠨᠵᠢᠯᠡᠭᠡᠨ ᠤ ᠬᠢᠨᠠᠨ ᠬᠡᠮᠵᠢᠬᠦ ᠲᠥᠬᠦᠭᠡᠷᠦᠮᠵᠢ  ᠶᠢ ᠡᠪᠳᠡᠭᠰᠡᠨ︔       ︵ᠬᠤᠶᠠᠷ︶ ᠤᠰᠤᠨ ᠤ ᠪᠠᠷᠢᠯᠭ᠎ᠠ ᠶᠢᠨ ᠬᠠᠮᠠᠭᠠᠯᠠᠯᠲᠠ ᠶᠢᠨ ᠬᠦᠷᠢᠶ᠎ᠡ ᠬᠡᠪᠴᠢᠶᠡᠨ ᠳᠤ ᠤᠰᠤᠨ ᠤ ᠪᠠᠷᠢᠯᠭ᠎ᠠ  ᠶᠢᠨ ᠠᠵᠢᠯᠯᠠᠭᠠᠨ ᠢ ᠨᠥᠯᠥᠭᠡᠯᠡᠬᠦ ᠪᠠ ᠤᠰᠤᠨ ᠤ ᠪᠠᠷᠢᠯᠭ᠎ᠠ ᠶᠢᠨ ᠠᠶᠦᠯᠭᠦᠢ ᠶᠢ ᠬᠥᠨᠥᠭᠡᠬᠦ ᠳᠡᠯᠪᠡᠴᠢᠯᠲᠡ᠂ ᠬᠤᠳᠳᠤᠭ ᠣᠯᠪᠤᠷᠢᠯᠠᠬᠤ᠂ ᠴᠢᠯᠠᠭᠤ ᠭᠠᠷᠭᠠᠬᠤ᠂ ᠰᠢᠷᠣᠢ ᠠᠪᠬᠤ ᠵᠡᠷᠭᠡ ᠠᠵᠢᠯᠯᠠᠭ᠎ᠠ ᠬᠢᠭᠰᠡᠨ᠃       ᠳᠠᠯᠠᠨ ᠭᠤᠷᠪᠠᠳᠤᠭᠠᠷ ᠵᠦᠢᠯ ᠦᠶᠡᠷ ᠢ ᠰᠡᠷᠭᠡᠶᠢᠯᠡᠬᠦ ᠡᠳ᠋ ᠪᠣᠳᠠᠰ᠂ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ᠂ ᠲᠠᠷᠢᠶᠠᠯᠠᠩ ᠤᠨ ᠤᠰᠤᠨ ᠠᠰᠢᠭᠯᠠᠯᠲᠠ᠂ ᠤᠰᠤᠨ ᠵᠦᠢ ᠶᠢᠨ ᠬᠢᠨᠠᠨ ᠬᠡᠮᠵᠢᠯᠲᠡ ᠪᠠ ᠬᠡᠮᠵᠢᠯᠲᠡ ᠵᠢᠴᠢ ᠪᠤᠰᠤᠳ ᠤᠰᠤᠨ ᠪᠠᠷᠢᠯᠭ᠎ᠠ ᠶᠢᠨ ᠲᠥᠬᠦᠭᠡᠷᠦᠮᠵᠢ ᠪᠠ ᠪᠠᠭᠠᠵᠢ ᠬᠡᠷᠡᠭᠰᠡᠯ ᠢ ᠡᠵᠡᠯᠡᠭᠰᠡᠨ᠂ ᠬᠤᠯᠠᠭᠠᠶᠢᠯᠠᠭᠰᠠᠨ ᠪᠤᠶᠤ ᠪᠤᠯᠢᠶᠠᠭᠰᠠᠨ᠂ ᠤᠯᠤᠰ ᠤᠨ ᠭᠠᠮᠰᠢᠭ ᠠᠴᠠ ᠠᠪᠤᠷᠠᠬᠤ᠂ ᠠᠶᠤᠯ ᠠᠴᠠ ᠠᠪᠤᠷᠠᠬᠤ᠂ ᠦᠶᠡᠷ ᠢ ᠰᠡᠷᠭᠡᠶᠢᠯᠡᠬᠦ᠂ ᠨᠡᠭᠦᠳᠡᠯ ᠤᠨ ᠠᠷᠠᠳ ᠢ ᠲᠥᠪᠬᠢᠨᠡᠭᠦᠯᠬᠦ ᠪᠠ ᠨᠥᠬᠦᠪᠦᠷᠢ ᠣᠯᠭᠤᠬᠤ ᠵᠢᠴᠢ ᠤᠰᠤᠨ ᠠᠰᠢᠭᠯᠠᠯᠲᠠ ᠶᠢᠨ ᠪᠤᠰᠤᠳ ᠪᠦᠲᠦᠭᠡᠨ ᠪᠠᠶᠢᠭᠤᠯᠤᠯᠲᠠ ᠶᠢᠨ ᠵᠣᠭᠤᠰ ᠮᠥᠩᠭᠦ ᠡᠳ᠋ ᠪᠣᠳᠠᠰ ᠢ ᠰᠠᠮᠰᠢᠭᠰᠠᠨ ᠪᠤᠶᠤ ᠨᠡᠭᠦᠯᠭᠡᠨ ᠬᠡᠷᠡᠭᠯᠡᠭᠡᠳ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠷᠡᠭᠦᠦ  ᠶᠢᠨ ᠬᠠᠷᠢᠭᠤᠴᠠᠯᠭ᠎ᠠ ᠬᠦᠯᠢᠶᠡᠯᠭᠡᠨ᠎ᠡ᠃       ᠳᠠᠯᠠᠨ ᠳᠥᠷᠪᠡᠳᠦᠭᠡᠷ ᠵᠦᠢᠯ ᠤᠰᠤᠨ ᠤ ᠬᠡᠷᠡᠭ ᠤᠨ ᠵᠢᠭᠤᠷᠠᠯᠳᠤᠭᠠᠨ ᠭᠠᠷᠤᠭᠰᠠᠨ ᠵᠢᠴᠢ ᠲᠡᠭᠦᠨ ᠢ ᠰᠢᠢᠳᠪᠦᠷᠢᠯᠡᠬᠦ ᠶᠠᠪᠤᠴᠠ ᠳᠤ ᠬᠡᠷᠡᠭ ᠥᠳᠥᠭᠡᠨ ᠦᠢᠮᠡᠭᠦᠯᠵᠦ᠂ ᠪᠦᠯᠦᠭᠯᠡᠨ ᠵᠣᠳᠣᠯᠳᠤᠵᠤ᠂ ᠨᠡᠶᠢᠲᠡ ᠶᠢᠨ ᠪᠠ ᠬᠤᠪᠢ ᠬᠥᠮᠥᠨ ᠤ ᠡᠳ᠋ ᠮᠥᠩᠭᠦ ᠶᠢ ᠪᠤᠯᠢᠶᠠᠬᠤ ᠪᠤᠶᠤ ᠡᠪᠳᠡᠵᠦ᠂ ᠪᠤᠰᠤᠳ ᠤᠨ ᠪᠡᠶ᠎ᠡ ᠶᠢᠨ ᠡᠷᠬᠡ ᠴᠢᠯᠦᠭᠡ ᠶᠢ ᠬᠠᠤᠯᠢ ᠪᠤᠰᠤ ᠪᠠᠷ ᠬᠢᠵᠠᠭᠠᠷᠯᠠᠭᠠᠳ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠨ᠎ᠡ︔ ᠡᠷᠡᠭᠦᠦ ᠵᠢᠨ‌‍ᠰᠢᠢᠳᠬᠡᠯ ᠣᠯᠭᠤᠬᠤ ᠬᠡᠮᠵᠢᠶᠡᠨ ᠳᠤ ᠬᠠᠷᠠᠬᠠᠨ ᠭᠦᠷᠦᠭᠰᠡᠨ ᠦᠭᠡᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠵᠢᠨ‌‍ᠰᠢᠢᠳᠬᠡᠯ ᠣᠯᠭᠤᠨ᠎ᠠ᠃       ᠳᠠᠯᠠᠨ ᠲᠠᠪᠤᠳᠤᠭᠠᠷ ᠵᠦᠢᠯ ᠠᠳᠠᠯᠢ ᠪᠤᠰᠤ ᠵᠠᠰᠠᠭ ᠵᠠᠬᠢᠷᠭᠠᠨ ᠤ ᠣᠷᠣᠨ ᠤ ᠬᠤᠭᠤᠷᠣᠨᠳᠤ ᠤᠰᠤᠨ ᠤ ᠬᠡᠷᠡᠭ ᠤᠨ ᠵᠢᠭᠤᠷᠠᠯᠳᠤᠭᠠᠨ ᠭᠠᠷᠤᠭᠠᠳ ᠳᠠᠷᠠᠭᠠᠬᠢ ᠵᠢᠭᠰᠠᠭᠠᠭᠰᠠᠨ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠬᠠᠷᠢᠭᠤᠴᠠᠯᠭ᠎ᠠ ᠲᠠᠢ ᠡᠷᠭᠢᠯᠡᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ ᠶᠣᠰᠣᠭᠠᠷ ᠵᠠᠰᠠᠭ ᠵᠠᠬᠢᠷᠭᠠᠨ ‍ᠤ‌‍ᠰᠢᠢᠳᠬᠡᠯ ᠣᠯᠭᠤᠨ᠎ᠠ᠄       ︵ᠨᠢᠭᠡ︶ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠥᠯ ᠪᠠ ᠤᠰᠤᠨ ᠤ ᠬᠡᠮᠵᠢᠶ᠎ᠡ ᠶᠢ ᠵᠣᠬᠢᠴᠠᠭᠤᠯᠬᠤ ᠤᠷᠢᠳᠴᠢᠯᠠᠨ ᠰᠢᠢᠳᠪᠦᠷᠢᠯᠡᠬᠦ ᠲᠥᠰᠥᠯ ᠢ ᠬᠡᠷᠡᠭᠵᠢᠭᠦᠯᠬᠦ ᠶᠢ ᠲᠡᠪᠴᠢᠭᠰᠡᠨ︔       ︵ᠬᠤᠶᠠᠷ︶ ᠤᠰᠤᠨ ᠤ ᠬᠡᠮᠵᠢᠶ᠎ᠡ ᠶᠢᠨ ᠨᠢᠭᠡᠳᠦᠯᠲᠡᠢ ᠲᠣᠬᠢᠷᠠᠭᠤᠯᠤᠯᠲᠠ ᠶᠢ ᠦᠯᠦ ᠳᠠᠭᠠᠬᠰᠠᠨ︔       ︵ᠭᠤᠷᠪᠠ︶ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯᠲᠠ ᠶᠢ ᠬᠡᠷᠡᠭᠵᠢᠭᠦᠯᠬᠦ ᠶᠢ ᠲᠡᠪᠴᠢᠭᠰᠡᠨ︔       ︵ᠳᠥᠷᠪᠡ︶ ᠤᠰᠤᠨ ᠤ ᠬᠡᠷᠡᠭ ᠤᠨ ᠵᠢᠭᠤᠷᠠᠯᠳᠤᠭᠠᠨ ᠢ ᠰᠢᠢᠳᠪᠦᠷᠢᠯᠡᠬᠦ ᠠᠴᠠ ᠡᠮᠦᠨ᠎ᠡ᠂ ᠡᠯ᠎ᠡ ᠲᠠᠯ᠎ᠠ  ᠶᠢᠨ ᠬᠢᠨ ᠤ ᠵᠥᠪᠯᠡᠯᠴᠡᠭᠡᠷ ᠲᠣᠭᠲᠠᠭᠠᠭᠰᠠᠨ ᠦᠭᠡᠢ ᠪᠤᠶᠤ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢ ᠣᠯᠣᠭᠰᠠᠨ ᠦᠭᠡᠢ ᠪᠠᠷ ᠲᠤᠰ ᠬᠠᠤᠯᠢ ᠶᠢᠨ ᠲᠣᠭᠲᠠᠭᠠᠯ ᠢ ᠥᠷᠥᠭᠡᠰᠦᠨ ᠲᠠᠯ᠎ᠠ ᠠᠴᠠ ᠵᠥᠷᠢᠴᠡᠨ ᠤᠰᠤᠨ ᠤ ᠣᠳᠣᠬᠢ ᠪᠠᠶᠢᠳᠠᠯ ᠢ ᠬᠤᠪᠢᠷᠠᠭᠤᠯᠤᠭᠰᠠᠨ᠃       ᠳᠠᠯᠠᠨ ᠵᠢᠷᠭᠤᠳᠤᠭᠠᠷ ᠵᠦᠢᠯ ᠤᠰᠤ ᠲᠠᠲᠠᠬᠤ᠂ ᠤᠰᠤ ᠬᠠᠰᠢᠬᠤ ︵ᠬᠠᠳᠠᠭᠠᠯᠠᠬᠤ︶᠂ ᠤᠰᠤ ᠵᠠᠯᠠᠬᠤ  ᠳᠠᠭᠠᠨ ᠣᠯᠠᠨ ᠨᠡᠶᠢᠲᠡ ᠶᠢᠨ ᠠᠰᠢᠭ ᠲᠤᠰᠠ ᠪᠤᠶᠤ ᠪᠤᠰᠤᠳ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠪᠠᠶᠢᠪᠠᠯ ᠬᠠᠤᠯᠢ ᠶᠣᠰᠣᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠨ᠎ᠡ᠃       ᠳᠠᠯᠠᠨ ᠳᠣᠯᠣᠳᠤᠭᠠᠷ ᠵᠦᠢᠯ ᠲᠤᠰ ᠬᠠᠤᠯᠢ ᠶᠢᠨ ᠭᠤᠴᠢ ᠶᠢᠰᠦᠳᠦᠭᠡᠷ ᠵᠦᠢᠯ ᠳᠠᠬᠢ ᠭᠤᠣᠯ ᠮᠥᠷᠡᠨ ᠤ ᠵᠠᠮ ᠠᠴᠠ ᠡᠯᠡᠰᠦ ᠣᠯᠪᠤᠷᠢᠯᠠᠬᠤ ᠲᠤᠬᠠᠢ ᠵᠥᠪᠰᠢᠶᠡᠷᠡᠯ ᠤᠨ ᠳᠦᠷᠢᠮ ᠠᠴᠠ ᠵᠥᠷᠢᠴᠡᠭᠰᠡᠨ ᠠᠵᠢᠯᠯᠠᠭ᠎ᠠ ᠳᠤ ᠣᠯᠭᠤᠬᠤ ᠵᠠᠰᠠᠭ ᠵᠠᠬᠢᠷᠭᠠᠨ ‍ᠤ‌‍ᠰᠢᠢᠳᠬᠡᠯ ᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃       ᠨᠠᠢᠮᠠᠳᠤᠭᠠᠷ ᠪᠦᠯᠦᠭ ᠬᠠᠪᠰᠤᠷᠤᠯᠲᠠ ᠳᠦᠷᠢᠮ       ᠳᠠᠯᠠᠨ ᠨᠠᠢᠮᠠᠳᠤᠭᠠᠷ ᠵᠦᠢᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠣᠭᠲᠠᠭᠠᠭᠰᠠᠨ ᠪᠤᠶᠤ ᠣᠷᠣᠯᠴᠠᠬᠰᠠᠨ ᠣᠯᠠᠨ ᠤᠯᠤᠰ ᠤᠨ ᠪᠤᠶᠤ ᠤᠯᠤᠰ ᠤᠨ ᠬᠢᠯᠢ ᠶᠢᠨ ᠵᠠᠭᠠᠭ ᠳᠡᠭᠡᠷᠡᠬᠢ ᠭᠤᠣᠯ ᠮᠥᠷᠡᠨ᠂ ᠨᠠᠭᠤᠷ ᠲᠠᠩᠭᠢᠰ ᠲᠠᠢ ᠬᠤᠯᠪᠣᠭᠳᠠᠬᠤ ᠣᠯᠠᠨ ᠤᠯᠤᠰ ᠤᠨ ᠭᠡᠷ᠎ᠡ᠂ ᠬᠡᠯᠡᠯᠴᠡᠭᠡᠷ ᠲᠤ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠲᠠᠢ ᠠᠳᠠᠯᠢ ᠪᠤᠰᠤ ᠲᠣᠭᠲᠠᠭᠠᠯ ᠲᠠᠢ ᠪᠠᠶᠢᠪᠠᠯ᠂ ᠣᠯᠠᠨ ᠤᠯᠤᠰ ᠤᠨ ᠭᠡᠷ᠎ᠡ᠂ ᠬᠡᠯᠡᠯᠴᠡᠭᠡᠷ ᠤᠨ ᠲᠣᠭᠲᠠᠭᠠᠯ ᠢ ᠬᠡᠷᠡᠭᠯᠡᠨ᠎ᠡ᠃ ᠭᠡᠪᠡᠴᠦ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠨᠠᠯ ᠢᠶᠠᠨ ᠦᠯᠡᠳᠡᠭᠡᠬᠦ ᠪᠠᠷ ᠢᠯᠡᠷᠬᠡᠶᠢᠯᠡᠭᠰᠡᠨ ᠵᠦᠢᠯ ᠪᠠᠳᠠᠭ ᠡᠭᠦᠨ ᠳᠤ ᠪᠠᠭᠲᠠᠬᠤ ᠦᠭᠡᠢ᠃       ᠳᠠᠯᠠ ᠶᠢᠰᠦᠳᠦᠭᠡᠷ ᠵᠦᠢᠯ ᠲᠤᠰ ᠬᠠᠤᠯᠢ ᠳᠤ ᠬᠡᠯᠡᠵᠦ ᠪᠠᠶᠢᠭ᠎ᠠ ᠤᠰᠤᠨ ᠤ ᠪᠠᠷᠢᠯᠭ᠎ᠠ ᠭᠡᠳᠡᠭ ᠪᠣᠯ ᠭᠤᠣᠯ ᠮᠥᠷᠡᠨ᠂ ᠨᠠᠭᠤᠷ ᠲᠠᠩᠭᠢᠰ ᠪᠣᠯᠣᠨ ᠭᠠᠵᠠᠷ ᠳᠣᠣᠷᠠᠬᠢ ᠤᠰᠤᠨ ᠤ ᠡᠬᠢ ᠰᠤᠷᠪᠤᠯᠵᠢ ᠳᠤ ᠤᠰᠤᠨ ᠤ ᠡᠬᠢ ᠪᠠᠶᠠᠯᠢᠭ  ᠢ ᠨᠡᠭᠡᠭᠡᠬᠦ᠂ ᠠᠰᠢᠭᠯᠠᠬᠤ᠂ ᠡᠵᠡᠮᠳᠡᠬᠦ᠂ ᠵᠣᠬᠢᠴᠠᠭᠤᠯᠬᠤ ᠪᠠ ᠬᠠᠮᠠᠭᠠᠯᠠᠬᠤ ᠡᠯ᠎ᠡ ᠲᠥᠷᠥᠯ ᠤᠨ ᠪᠠᠷᠢᠯᠭ᠎ᠠ ᠶᠢ ᠵᠢᠭᠠᠵᠤ ᠪᠠᠶᠢᠨ᠎ᠠ᠃       ᠨᠠᠶᠠᠳᠤᠭᠠᠷ ᠵᠦᠢᠯ ᠳᠠᠯᠠᠢ ᠶᠢᠨ ᠤᠰᠤ ᠶᠢ ᠨᠡᠭᠡᠭᠡᠬᠦ᠂ ᠠᠰᠢᠭᠯᠠᠬᠤ᠂ ᠬᠠᠮᠠᠭᠠᠯᠠᠬᠤ ᠪᠠ ᠬᠠᠮᠢᠶᠠᠷᠬᠤ ᠶᠠᠪᠤᠳᠠᠯ  ᠢ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃       ᠨᠠᠶᠠᠨ ᠨᠢᠭᠡᠳᠦᠭᠡᠷ ᠵᠦᠢᠯ ᠦᠶᠡᠷ ᠢ ᠰᠡᠷᠭᠡᠶᠢᠯᠡᠬᠦ ᠠᠵᠢᠯᠯᠠᠭ᠎ᠠ ᠶᠢ ᠦᠶᠡᠷ ᠢ ᠰᠡᠷᠭᠡᠶᠢᠯᠡᠬᠦ ᠬᠠᠤᠯᠢ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃       ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠶᠠᠪᠤᠳᠠᠯ ᠢ ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠬᠠᠤᠯᠢ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃       ᠨᠠᠶᠠᠨ ᠬᠤᠶᠠᠳᠤᠭᠠᠷ ᠵᠦᠢᠯ ᠲᠤᠰ ᠬᠠᠤᠯᠢ ᠶᠢ 2002 ᠣᠨ ᠤ 10 ᠳ᠋ᠤᠭᠠᠷ ᠰᠠᠷ᠎ᠠ ᠶᠢᠨ 1 ᠤ ᠡᠳᠦᠷ  ᠠᠴᠠ ᠡᠬᠢᠯᠡᠨ ᠮᠥᠷᠳᠡᠨ᠎ᠡ᠃                 ᠡᠷᠳᠡᠨᠢᠬᠦᠦ᠂ ᠰᠤᠶᠤᠯᠲᠤ᠂ ᠣᠳᠣᠨ᠂ ᠨᠠᠰᠤᠨᠵᠢᠷᠭᠠᠯ᠂ ᠨᠠᠮᠤᠷ ᠨᠠᠷ ᠣᠷᠴᠢᠭᠤᠯᠤᠨ ᠨᠠᠶᠢᠷᠠᠭᠤᠯᠵᠤ ᠬᠢᠨᠠᠪᠠ
 
ᠢᠷᠡᠯᠲᠡ᠄ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号