ᠠᠯᠠᠱᠠ ᠵᠡᠭᠦᠨ ᠬᠤᠰᠢᠭᠤ᠄  ᠬᠤᠲᠠ ᠶᠢᠨ ᠬᠠᠭᠤᠴᠢᠷᠠᠭᠰᠠᠨ ᠰᠢᠲᠠᠮᠠᠬᠠᠶ ᠬᠡᠶ ᠶᠢᠨ ᠬᠤᠭᠤᠯᠠᠶ ᠶᠢ ᠰᠢᠨᠡᠳᠬᠡᠨ ᠥᠭᠡᠷᠡᠴᠢᠯᠡᠬᠦ ᠢᠨᠵᠧᠨᠧᠷᠢᠩ ᠨᠢ ᠨᠢᠭᠡᠨᠲᠡ 4 ᠲᠦᠮᠡ ᠭᠠᠷᠤᠶ ᠡᠷᠦᠬᠡ ᠳᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2025/6/16
   ᠬᠤᠲᠠ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠤᠯᠠᠮ ᠴᠢᠨᠠᠭᠰᠢᠳᠠ ᠪᠠᠲᠤᠯᠠᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠠᠴᠠ ᠨᠠᠰᠢ᠂ ᠠᠯᠠᠱᠠ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠬᠤᠲᠠ ᠶᠢᠨ  ᠬᠠᠭᠤᠴᠢᠷᠠᠭᠰᠠᠨ ᠰᠢᠲᠠᠮᠠᠬᠠᠶ ᠬᠡᠶ ᠶᠢᠨ ᠬᠤᠭᠤᠯᠠᠶ ᠶᠢᠨ ᠰᠢᠨᠡᠳᠬᠡᠨ ᠥᠭᠡᠷᠡᠴᠢᠯᠡᠬᠦ ᠢᠨᠵᠧᠨᠧᠷᠢᠩ ᠢ ᠡᠬᠢᠯᠡᠭᠦᠯᠬᠦ ᠶᠢᠨ ᠬᠠᠮᠲᠤ 2025 ᠣᠨ ᠤ 12 ᠰᠠᠷ᠎ᠠ ᠳᠤ ᠪᠥᠲᠥᠭᠡᠨ ᠪᠠᠶᠢᠭᠤᠯᠵᠤ ᠳᠠᠭᠤᠰᠬᠠᠬᠤ ᠪᠠᠷ ᠲᠥᠯᠥᠪᠯᠡᠵᠦ᠂ ᠢᠨᠵᠧᠨᠧᠷᠢᠩ ᠢ ᠡᠬᠢᠯᠡᠭᠦᠯᠦᠭᠰᠡᠨ ᠤ ᠳᠠᠷᠠᠭ᠎ᠠ 4 ᠲᠦᠮᠡ ᠭᠠᠷᠤᠶ ᠰᠢᠲᠠᠮᠠᠬᠠᠶ ᠬᠡᠶ ᠬᠡᠷᠡᠭᠯᠡᠬᠦ ᠡᠷᠦᠬᠡ ᠳᠤ ᠠᠰᠢᠭ ᠬᠦᠷᠲᠡᠭᠡᠬᠦ ᠪᠣᠯᠤᠨ᠎ᠠ᠃
   ᠣᠶᠢᠯᠠᠭᠠᠭᠰᠠᠨ ᠢᠶᠠᠷ᠂ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠭᠤᠴᠢᠷᠠᠭᠰᠠᠨ ᠰᠢᠲᠠᠮᠠᠬᠠᠶ ᠬᠡᠶ ᠶᠢᠨ ᠬᠤᠭᠤᠯᠠᠶ ᠶᠢ ᠰᠢᠨᠡᠳᠬᠡᠨ ᠥᠭᠡᠷᠡᠴᠢᠯᠡᠬᠦ ᠢᠨᠵᠧᠨᠧᠷᠢᠩ ᠨᠢ ᠪᠠᠶᠠᠨᠬᠤᠲᠠ ᠶᠢᠨ ᠬᠤᠲᠠ ᠶᠢᠨ ᠲᠣᠭᠤᠷᠢᠭ ᠤᠨ ᠨᠢᠭᠡᠨᠲᠡ ᠰᠢᠲᠠᠮᠠᠬᠠᠶ ᠬᠡᠶ ᠨᠡᠪᠲᠡᠷᠡᠭᠰᠡᠨ 172 ᠬᠤᠷᠢᠶᠠᠯᠠᠯ ᠢ ᠥᠭᠡᠷᠡᠴᠢᠯᠡᠬᠦ ᠪᠣᠯᠤᠨ᠎ᠠ᠃ ᠥᠭᠡᠷᠡᠴᠢᠯᠡᠨ ᠪᠠᠶᠢᠭᠤᠯᠬᠤ ᠢᠨᠵᠧᠨᠧᠷᠢᠩ ᠨᠢ ᠪᠠᠶᠠᠨᠬᠤᠲᠠ ᠶᠢᠨ ᠬᠤᠲᠠ ᠶᠢᠨ ᠲᠣᠭᠤᠷᠢᠭ ᠤᠨ ᠬᠡᠰᠡᠭ ᠬᠤᠲᠠ ᠶᠢᠨ ᠶᠠᠪᠤᠳᠠᠯ ᠤᠨ ᠳᠤᠮᠳᠠ ᠳᠠᠷᠤᠯᠲᠠᠲᠤ ᠬᠤᠭᠤᠯᠠᠶ᠂ ᠬᠤᠷᠢᠶᠠᠯᠠᠯ ᠤᠨ ᠬᠦᠷᠢᠶᠡᠨ ᠳᠠᠬᠢ ᠬᠤᠭᠤᠯᠠᠶ ᠶᠢ ᠰᠢᠨᠡᠳᠬᠡᠨ ᠥᠭᠡᠷᠡᠴᠢᠯᠡᠬᠦ᠂ ᠰᠢᠲᠠᠮᠠᠬᠠᠶ ᠬᠡᠶ ᠶᠢᠨ ᠲᠥᠬᠦᠭᠡᠷᠦᠮᠵᠢ ᠶᠢ ᠭᠠᠵᠠᠷ ᠲᠤ ᠵᠠᠯᠭᠠᠬᠤ᠂ ᠬᠡᠰᠡᠭ ᠬᠤᠭᠤᠯᠠᠶ ᠶᠢᠨ ᠲᠣᠤᠷ ᠤᠨ ᠢᠵᠢ ᠪᠥᠷᠢᠳᠦᠭᠦᠯᠬᠦ ᠪᠣᠳᠠᠰ ᠲᠠᠢ ᠬᠤᠯᠪᠣᠭᠰᠠᠨ ᠣᠶᠤᠨᠴᠢ ᠲᠥᠬᠦᠭᠡᠷᠦᠮᠵᠢ ᠶᠢ ᠤᠭᠰᠠᠷᠠᠬᠤ᠂ ᠪᠣᠶ ᠪᠥᠬᠦᠶ ᠰᠢᠲᠠᠮᠠᠬᠠᠶ ᠬᠡᠶ ᠬᠡᠷᠡᠭᠯᠡᠬᠦ ᠡᠷᠦᠬᠡ ᠳᠤ ᠠᠮᠤᠷ ᠲᠦᠪᠰᠢᠨ ᠤ ᠰᠡᠷᠭᠡᠶᠢᠯᠡᠯᠲᠡ ᠶᠢᠨ ᠲᠥᠬᠦᠭᠡᠷᠦᠮᠵᠢ ᠨᠡᠮᠡᠵᠦ ᠤᠭᠰᠠᠷᠠᠬᠤ᠂ ᠭᠤᠤᠯᠳᠠᠯᠭ᠎ᠠ ᠲᠠᠢ ᠬᠡᠷᠡᠭᠯᠡᠭᠴᠢ ᠲᠤ ᠢᠵᠢ ᠪᠦᠷᠢᠳᠦᠭᠰᠡᠨ ᠤᠶᠤᠨᠲᠤ ᠲᠣᠨᠤᠭ ᠲᠥᠬᠦᠭᠡᠷᠦᠮᠵᠢ ᠤᠭᠰᠠᠷᠠᠬᠤ ᠵᠡᠷᠭᠡ ᠶᠢ ᠪᠠᠭᠲᠠᠭᠠᠨ᠎ᠠ᠃    ᠣᠳᠣ ᠪᠣᠯᠲᠠᠯ᠎ᠠ᠂ ᠨᠢᠭᠡᠨᠲᠡ ᠪᠠᠶᠠᠨᠬᠤᠲᠠ ᠶᠢᠨ ᠬᠤᠲᠠ ᠶᠢᠨ ᠲᠣᠭᠤᠷᠢᠭ ᠤᠨ 16 ᠬᠤᠷᠢᠶᠠᠯᠠᠯ ᠤᠨ ᠰᠢᠲᠠᠮᠠᠬᠠᠶ ᠬᠡᠶ ᠶᠢᠨ ᠬᠤᠭᠤᠯᠠᠶ ᠶᠢᠨ ᠰᠢᠨᠡᠳᠭᠡᠬᠦ ᠠᠵᠢᠯ ᠢ ᠡᠬᠢᠯᠡᠭᠦᠯᠵᠦ᠂ ᠲᠠᠷᠠᠭᠠᠴᠢ ᠶᠢᠨ ᠠᠯᠬᠤᠮ ᠳᠤ ᠰᠢᠲᠠᠮᠠᠬᠠᠶ ᠬᠡᠶ ᠶᠢᠨ ᠲᠥᠬᠦᠭᠡᠷᠦᠮᠵᠢ ᠶᠢ ᠭᠠᠵᠠᠷ ᠲᠤ ᠵᠠᠯᠭᠠᠬᠤ᠂ ᠰᠢᠲᠠᠮᠠᠬᠠᠶ ᠬᠡᠶ ᠬᠡᠷᠡᠭᠯᠡᠬᠦ ᠡᠷᠦᠬᠡ ᠶᠢᠨ ᠠᠮᠤᠷ ᠢ ᠬᠠᠮᠠᠭᠠᠯᠠᠬᠤ ᠲᠥᠬᠦᠭᠡᠷᠦᠮᠵᠢ ᠶᠢ ᠤᠭᠰᠠᠷᠠᠬᠤ ᠵᠡᠷᠭᠡ ᠶᠢ ᠬᠢᠵᠦ᠂ ᠪᠦᠬᠦᠯᠢ ᠴᠣᠭᠴᠠ ᠶᠢᠨ ᠢᠨᠵᠧᠨᠧᠷᠢᠩ ᠢ 2025 ᠣᠨ ᠤ 12 ᠰᠠᠷ᠎ᠠ ᠳᠤ ᠳᠠᠭᠤᠰᠬᠠᠬᠤ ᠪᠠᠷ ᠲᠥᠯᠥᠪᠯᠡᠵᠦ ᠪᠣᠶ᠃  
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号