ᠬᠤᠰᠢᠭᠤᠨ ᠤ ᠨᠠᠮ ᠤᠨ ᠬᠤᠷᠢᠶ᠎ᠠ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠡ    ᠪᠥᠬᠦ ᠬᠤᠰᠢᠭᠤᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠭᠰᠠᠨ ᠰᠤᠷᠤᠯᠴᠠᠯᠭ᠎ᠠ ᠬᠥᠮᠦᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ    ᠯᠢᠦ ᡁᠢ ᠴᠢᠶᠠᠩ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/6/16
   5 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠤ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠪᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ ᠬᠤᠷᠠᠯ ᠡᠷᠭᠢᠯᠡᠪᠡ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠾᠧᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠮᠤ ᠪᠤᠳᠠᠭᠠᠨ ᠤ ᠠᠮᠤᠷ ᠲᠦᠪᠰᠢᠨ ᠢ ᠲᠣᠭᠲᠠᠪᠤᠷᠢᠵᠢᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠣᠳᠠᠲᠠᠢ ᠠᠳᠬᠤᠨ ᠨᠠᠷᠢᠯᠢᠭ ᠠᠳᠬᠤᠵᠤ᠂ ᠬᠢᠯᠢ ᠬᠢᠵᠠᠭᠠᠷ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠦᠨ ᠠᠬᠢᠭᠤᠯᠵᠤ᠂ ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠬᠤ ᠪᠠ ᠠᠮᠢᠳᠤᠯᠢᠭᠵᠢᠭᠤᠯᠤᠨ ᠠᠰᠢᠭᠯᠠᠬᠤ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠲᠤᠬᠠᠶ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠳ᠋ᠦᠩᠨᠡᠨ ᠦᠨᠡᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠣᠳᠣᠬᠠᠨ ᠤ ᠪᠠᠶᠢᠳᠠᠯ ᠳᠠᠭᠠᠨ ᠰᠠᠭᠤᠷᠢᠯᠠᠨ᠂ ᠠᠯᠤᠰ ᠬᠡᠲᠦ ᠶᠢ ᠪᠣᠳᠣᠯᠬᠢᠯᠠᠵᠤ᠂ ᠴᠢᠬᠤᠯᠠ ᠶᠡᠭᠡ ᠲᠥᠷᠥᠯ ᠵᠦᠢᠯ᠂ ᠭᠤᠤᠯᠳᠠᠯᠭ᠎ᠠ ᠲᠠᠢ ᠢᠨᠵᠧᠨᠧᠷᠢᠩ᠂ ᠴᠢᠬᠤᠯᠠ ᠥᠭᠡᠷᠡᠴᠢᠯᠡᠯᠲᠡ ᠶᠢ ᠨᠠᠷᠢᠨ ᠨᠢᠮᠪᠠᠶ ᠲᠥᠯᠥᠪᠵᠢᠭᠦᠯᠵᠦ᠂ ᠪᠠᠶᠢᠴᠠᠭᠠᠨ ᠰᠤᠳᠤᠯᠤᠯᠲᠠ ᠬᠢᠵᠦ᠂ ᠵᠠᠳᠠᠯᠤᠨ ᠨᠤᠲᠠᠯᠠᠵᠤ᠂ ᠥᠨᠳᠥᠷ ᠲᠦᠪᠰᠢᠨ ᠪᠥᠬᠦᠶ ᠲᠥᠯᠥᠪᠵᠢᠭᠦᠯᠭᠡ ᠪᠠᠷ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠨᠢᠭᠡ ᠴᠤᠬᠴᠠᠵᠢᠭᠤᠯᠬᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠵᠢᠭᠰᠠᠭᠠᠯ ᠤᠨ ᠭᠠᠵᠠᠷ ᠢ ᠰᠠᠶᠢᠲᠤᠷ ᠬᠡᠷᠡᠭᠯᠡᠵᠦ᠂ ᠰᠠᠶᠢᠲᠤᠷ ᠬᠠᠮᠢᠶᠠᠷᠴᠤ᠂ ᠤᠯᠠᠨ ᠲᠦᠮᠡᠨ ᠢ ᠢᠳᠡᠪᠬᠢᠲᠡᠢ ᠬᠦᠳᠦᠯᠦᠨ ᠵᠢᠯᠣᠭᠤᠳᠴᠤ ᠪᠠᠶᠢᠭᠠᠳ ᠪᠣᠯᠪᠠᠰᠤᠨ ᠤ ᠤᠬᠠᠮᠰᠠᠷ ᠢ ᠨᠢ ᠳᠡᠭᠡᠭᠰᠢᠯᠡᠭᠦᠯᠵᠦ᠂ ᠪᠣᠯᠪᠠᠰᠤᠨ ᠤ ᠰᠢᠨ᠎ᠡ ᠰᠤᠷᠲᠠᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ︽ᠨᠠᠮ ᠵᠠᠰᠠᠭ ᠤᠨ ᠪᠠᠶᠢᠭᠤᠯᠭ᠎ᠠ ᠰᠠᠶᠢᠲᠤᠷ ᠭᠠᠮᠨᠠᠨ ᠠᠷᠪᠢᠯᠠᠵᠤ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠲᠦᠷᠢᠮ︾ ᠢ ᠤᠯᠠᠮᠵᠢᠯᠠᠨ ᠰᠤᠷᠤᠯᠴᠠᠵᠤ᠂ ᠵᠠᠷᠤᠳᠠᠯ ᠤᠨ ᠬᠠᠮᠢᠶᠠᠷᠤᠯᠲᠠ᠂ ᠤᠯᠤᠰ ᠤᠨ ᠳᠣᠲᠣᠭᠠᠳᠤ ᠶᠢᠨ ᠠᠯᠪᠠᠨ ᠶᠠᠪᠤᠳᠠᠯ ᠢᠶᠠᠷ ᠲᠦᠷ ᠴᠠᠭ ᠭᠠᠳᠠᠭᠠᠳᠤ ᠳᠤ ︵ᠬᠢᠯᠢ︶ᠭᠠᠷᠬᠤ᠂ ᠠᠯᠪᠠᠨ ᠶᠠᠪᠤᠳᠠᠯ ᠤᠨ ᠵᠣᠴᠢᠯᠠᠭ᠎ᠠ᠂ ᠠᠯᠪᠠᠨ ᠶᠠᠪᠤᠳᠠᠯ ᠤᠨ ᠮᠠᠰᠢᠨ ᠲᠡᠷᠭᠡ᠂ ᠬᠤᠷᠠᠯ ᠤᠨ ᠠᠵᠢᠯᠯᠠᠭ᠎ᠠ᠂ ᠠᠯᠪᠠᠨ ᠬᠡᠷᠡᠭᠯᠡᠭᠡᠨ ᠤ ᠭᠡᠷ ᠪᠠᠶᠢᠰᠢᠩ᠂ ᠡᠬᠢ ᠪᠠᠶᠠᠯᠢᠭ ᠢ ᠠᠷᠪᠢᠯᠠᠬᠤ ᠵᠡᠷᠭᠡ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠵᠦ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠬᠠᠮᠢᠶ᠎ᠠ ᠪᠦᠬᠦᠢ ᠠᠵᠢᠯ ᠢ ᠱᠠᠯᠠᠪᠳᠠᠭᠤᠯᠤᠨ ᠵᠢᠯᠣᠭᠤᠳᠬᠤ᠂ ᠬᠢᠨᠠᠯᠲᠠ ᠲᠠᠯᠪᠢᠵᠤ ᠪᠠᠶᠢᠴᠠᠭᠠᠬᠤ᠂ ᠮᠥᠷᠳᠡᠨ ᠪᠠᠶᠢᠴᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠥᠬᠦ ᠬᠤᠰᠢᠭᠤᠨ ᠤ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠬᠤ ᠶᠢ ᠦᠨᠳᠦᠰᠦᠨ ᠠᠴᠠ ᠨᠢ ᠵᠠᠰᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠠᠯᠢᠩ ᠥᠷᠢᠲᠦᠬᠦ ᠰᠠᠭᠤᠷᠢ ᠲᠤᠭ᠎ᠠ ᠶᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠠᠰᠠᠭᠤᠳᠠᠯ ᠢ ᠰᠢᠢᠳᠪᠦᠷᠢᠯᠡᠬᠦ ᠶᠢ ᠲᠥᠷᠥᠯ ᠬᠤᠪᠢᠶᠠᠨ ᠠᠬᠢᠭᠤᠯᠵᠤ᠂ ᠴᠠᠯᠢᠩ ᠥᠷᠢᠲᠦᠬᠦ ᠠᠮᠠᠷᠬᠠᠨ ᠡᠭᠦᠰᠬᠦ ᠣᠯᠠᠨ ᠡᠭᠦᠰᠬᠦ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ ᠪᠠᠶᠢᠩᠭᠤᠵᠢᠭᠤᠯᠤᠨ ᠬᠢᠨᠠᠨ ᠬᠡᠮᠵᠢᠵᠦ ᠦᠨᠡᠯᠡᠨ ᠵᠢᠱᠢᠬᠦ᠂ ᠪᠠᠶᠢᠴᠠᠭᠠᠨ ᠰᠢᠪᠠᠳᠠᠬᠤ ᠪᠠ ᠡᠷᠡᠰᠳᠡᠯ ᠢ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠥᠷᠭᠡᠨ ᠣᠯᠠᠨ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃        ᠬᠤᠷᠠᠯ ᠠᠴᠠ ᠪᠥᠬᠦ ᠬᠤᠰᠢᠭᠤᠨ ᠤ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠨ ᠢ ᠢᠯᠭᠠᠷᠠᠭᠤᠯᠤᠨ ᠳᠢᠭᠯᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠲᠥᠷᠥᠯ ᠤᠨ ᠲᠠᠩᠰᠨ ᠶᠢᠨ ᠪᠠᠶᠢᠳᠠᠯ ᠢ ᠣᠨᠣᠪᠴᠢᠲᠠᠶ ᠡᠵᠡᠮᠰᠢᠵᠦ᠂ ᠵᠢᠭᠰᠠᠭᠠᠨ ᠪᠠᠶᠢᠴᠠᠭᠠᠬᠤ ᠶᠢᠨ ᠳᠠᠭᠠᠤ ᠴᠡᠭᠴᠡᠯᠡᠨ ᠵᠠᠰᠠᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠲᠥᠯᠥᠪᠯᠡᠨ ᠰᠤᠳᠤᠯᠵᠤ᠂ ᠪᠤᠴᠠᠭᠠᠬᠤ ᠪᠠᠯᠠ ᠮᠥᠩᠭᠦ ᠶᠢᠨ ᠢᠷᠡᠯᠲᠡ ᠶᠢ ᠴᠢᠷᠮᠠᠶᠢᠨ ᠥᠷᠭᠡᠳᠬᠡᠵᠦ᠂ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠪᠦᠬᠦ ᠬᠤᠰᠢᠭᠤᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠰᠤᠷᠤᠯᠴᠠᠯᠭ᠎ᠠ ᠬᠥᠮᠦᠵᠢᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠦᠷᠭᠦᠯᠵᠢᠯᠡᠨ ᠭᠦᠨᠵᠡᠭᠡᠢ ᠰᠤᠷᠤᠯᠴᠠᠨ ᠪᠠᠶᠢᠴᠠᠭᠠᠵᠤ ᠰᠠᠶᠢᠵᠢᠷᠠᠭᠤᠯᠬᠤ ᠶᠢ ᠭᠦᠨᠵᠡᠭᠡᠢ ᠠᠬᠢᠭᠤᠯᠵᠤ᠂ ᠰᠡᠷᠡᠮᠵᠢᠯᠡᠭᠦᠯᠬᠦ ᠬᠥᠮᠦᠵᠢᠯ᠂ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢᠨ ᠦᠷᠭᠦᠯᠵᠢᠯᠡᠨ ᠬᠦᠴᠦᠯᠡᠬᠦ ᠶᠢ ᠰᠤᠯᠠᠷᠠᠭᠤᠯᠤᠯ ᠦᠭᠡᠢ ᠠᠳᠬᠤᠬᠤ ᠶᠢ ᠪᠠᠲᠤᠯᠠᠵᠤ᠂ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠪᠠᠰᠠ ᠪᠤᠰᠤᠳ ᠵᠦᠢᠯᠡᠰ ᠢ ᠰᠤᠳᠤᠯᠵᠠᠢ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号