| 5 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ | ᠳᠤᠭᠤᠶᠢᠯᠠᠩ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ | ᠬᠥᠮᠦᠵᠢᠯ ᠤᠨ ᠲᠤᠰᠬᠠᠶ ᠰᠡᠳᠦᠪ ᠤᠨ ᠲᠣᠭᠤᠷᠢᠨ ᠳᠤ 2025 ᠣᠨ ᠤ ᠵᠢᠷᠭᠤᠳᠤᠭᠠᠷ ᠤᠳᠠᠭᠠᠨ ᠤ ᠬᠠᠮᠲᠤ ᠶᠢᠨ | ᠰᠤᠷᠤᠯᠴᠠᠯᠭ᠎ᠠ ᠬᠢᠵᠦ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ | ᠬᠤᠷᠢᠶ᠎ᠠ ᠶᠢᠨ ᠱᠦᠵᠢ ᠯᠢᠦ ᡁᠢ ᠴᠢᠶᠠᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ | ᠬᠤᠷᠠᠯ ᠳᠡᠭᠡᠷ᠎ᠡ᠂ ᠪᠠᠭᠠᠨ᠎ᠠ᠂ ᠵᠦ ᠴᠢᠶᠣᠤ ᠯᠢ ᠲᠣᠰ ᠲᠣᠰ ︽ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠰᠢᠬᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠭᠰᠠᠨ | ᠦᠷ᠎ᠡ ᠪᠦᠲᠦᠮᠵᠢ ᠪᠠ ᠲᠤᠷᠰᠢᠯᠭ᠎ᠠ︾᠂ ︽ᠨᠠᠢᠮᠠᠨ ᠲᠣᠭᠲᠠᠭᠠᠯ ᠢᠶᠠᠷ ᠳᠤᠮᠳᠠᠳᠤ ᠤᠯᠤᠰ ᠢ ᠬᠤᠪᠢᠷᠠᠭᠤᠯᠤᠶ᠎ᠠ︾ ᠭᠡᠬᠦ | ᠨᠣᠮ ᠢ ᠳᠠᠭᠠᠭᠤᠯᠤᠨ ᠰᠤᠷᠤᠯᠴᠠᠪᠠ᠃ ᠯᠢᠦ ᡁᠢ ᠴᠢᠶᠠᠩ᠂ ᠪᠠᠭᠠᠨ᠎ᠠ᠂ ᠮᠠᠤ ᠽᠧᠩ ᠬᠠᠢ᠂ ᠺᠦᠩ ᠰᠢᠶᠠᠩ ᠷᠦ᠋᠂ | ᠯᠢᠨ ᠸᠧᠶ᠂ ᠵᠦ ᠴᠢᠶᠣᠤ ᠯᠢ᠂ ᠪᠠᠶᠠᠨᠳᠦ᠋ᠭᠦᠷᠡᠩ᠂ ᠵᠤᠤ ᠶᠢᠨ ᠢᠦᠶ 8 ᠨᠥᠬᠦᠷ ᠶᠠᠷᠢᠶ᠎ᠠ ᠲᠠᠯᠪᠢᠪᠠ᠃ | ᠯᠢᠦ ᡁᠢ ᠴᠢᠶᠠᠩ᠂ ᠦᠷ᠎ᠡ ᠪᠦᠲᠦᠮᠵᠢ ᠶᠢᠨ ᠲᠤᠷᠰᠢᠯᠭ᠎ᠠ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠦᠨᠡᠨᠬᠦ | ᠴᠢᠩᠭᠠᠳᠬᠠᠬᠤ ᠬᠡᠷᠡᠭᠲᠡᠢ᠃ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠬᠤ᠂ ᠵᠢᠱᠢᠶ᠎ᠡ ᠦᠵᠡᠭᠦᠯᠦᠨ | ᠳᠠᠶᠢᠴᠢᠯᠠᠬᠤ ᠶᠢ ᠪᠠᠷᠢᠮᠲᠠᠯᠠᠵᠤ᠂ ᠤᠳᠤᠷᠢᠳᠤᠯᠭ᠎ᠠ ᠲᠦᠷᠦᠭᠦᠯᠡᠨ ᠬᠢᠬᠦ᠂ ᠲᠦᠷᠦᠭᠦᠯᠡᠨ ᠠᠳᠬᠤᠬᠤ ᠶᠢ ᠪᠠᠷᠢᠮᠲᠠᠯᠠᠵᠤ᠂ | ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ | ᠪᠠᠳᠠᠷᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠭᠰᠠᠨ ᠦᠷ᠎ᠡ | ᠪᠦᠲᠦᠮᠵᠢ ᠪᠣᠯᠤᠨ ᠲᠤᠷᠰᠢᠯᠭ᠎ᠠ ᠶᠢ ᠰᠠᠶᠢᠲᠤᠷ ᠰᠤᠷᠤᠯᠴᠠᠨ ᠠᠰᠢᠭᠯᠠᠵᠤ᠂ ᠰᠤᠷᠤᠯᠴᠠᠨ ᠪᠠᠶᠢᠴᠠᠭᠠᠵᠤ | ᠥᠭᠡᠷᠡᠴᠢᠯᠡᠬᠦ ᠶᠢ ᠨᠢᠭᠡ ᠴᠤᠬᠴᠠᠵᠢᠭᠤᠯᠤᠨ ᠠᠬᠢᠭᠤᠯᠵᠤ᠂ ᠰᠤᠷᠤᠯᠴᠠᠬᠤ ᠳᠠᠭᠠᠨ ᠶᠠᠰᠤ ᠴᠢᠨᠠᠷ ᠲᠠᠢ᠂ | ᠪᠠᠶᠢᠴᠠᠭᠠᠬᠤ ᠳᠠᠭᠠᠨ ᠡᠷᠴᠢᠮ ᠲᠠᠢ᠂ ᠰᠠᠶᠢᠵᠢᠷᠠᠭᠤᠯᠬᠤ ᠳᠤ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ | ᠰᠡᠷᠡᠮᠵᠢᠯᠡᠭᠦᠯᠬᠦ ᠬᠥᠮᠦᠵᠢᠯ ᠤᠨ ᠦᠨᠳᠦᠰᠦᠨ ᠠᠴᠠ ᠨᠢ ᠵᠠᠰᠠᠬᠤ ᠦᠢᠯᠡᠳᠦᠯ ᠢ ᠪᠠᠲᠤᠳᠬᠠᠬᠤ ᠬᠡᠷᠡᠭᠲᠡᠢ᠃ | ᠨᠡᠶᠢᠲᠡᠯᠢᠭ ᠬᠡᠷᠡᠭ ᠤᠨ ᠵᠢᠱᠢᠶ᠎ᠡ ᠶᠢᠨ ᠰᠡᠷᠡᠮᠵᠢᠯᠡᠭᠦᠯᠬᠦ ᠬᠥᠮᠦᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ | ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠶ ᠳᠤᠨᠢ ᠵᠠᠷᠯᠠᠨ ᠮᠡᠳᠡᠭᠳᠡᠵᠦ᠂ ᠪᠥᠬᠦ ᠬᠤᠰᠢᠭᠤᠨ ᠤ ᠨᠠᠮ ᠤᠨ | ᠭᠡᠰᠢᠭᠦᠨ ᠤᠳᠤᠷᠢᠳᠬᠤ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠳᠡᠷᠭᠡᠳᠡᠬᠢ ᠡᠰᠡᠷᠭᠦ ᠲᠠᠯ᠎ᠠ ᠶᠢᠨ | ᠨᠡᠶᠢᠲᠡᠯᠢᠭ ᠵᠢᠱᠢᠶ᠎ᠡ ᠶᠢᠨ ᠲᠠᠯ᠎ᠠ ᠠᠴᠠ ᠭᠦᠨᠵᠡᠭᠡᠶ ᠰᠤᠷᠭᠠᠮᠵᠢ ᠠᠪᠴᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ | ᠤᠬᠠᠮᠰᠠᠷ ᠪᠠ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠶᠢ ᠤᠯᠠᠮ ᠴᠢᠨᠠᠭᠰᠢᠳᠠ | ᠴᠢᠩᠭᠠᠳᠬᠠᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷ ᠤᠨ ᠬᠥᠮᠦᠵᠢᠯ ᠬᠠᠮᠢᠶᠠᠷᠤᠯᠲᠠ ᠶᠢ ᠰᠠᠶᠢᠲᠤᠷ ᠠᠳᠬᠤᠬᠤ | ᠬᠡᠷᠡᠭᠲᠡᠶ᠃ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠪᠣᠯᠤᠨ ᠦᠨᠳᠦᠰᠦᠲᠡᠨ ᠤ ᠭᠠᠵᠠᠷ ᠣᠷᠣᠨ ᠤ | ᠺᠠᠳ᠋ᠷ ᠤᠨ ︽ᠳᠥᠷᠪᠡᠨ ᠣᠨᠴᠠᠭᠠᠶ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ | ᠡᠭᠦᠷᠭᠡᠯᠡᠬᠦ ᠶᠢ ᠴᠢᠬᠤᠯᠠᠴᠢᠯᠠᠬᠤ᠂ ᠪᠣᠳᠠᠲᠠᠶ ᠠᠵᠢᠯᠯᠠᠬᠤ ᠶᠢ ᠴᠢᠬᠤᠯᠠᠴᠢᠯᠠᠬᠤ᠂ ᠪᠣᠳᠠᠲᠤ ᠠᠮᠵᠢᠯᠲᠠ ᠶᠢ | ᠴᠢᠬᠤᠯᠠᠴᠢᠯᠠᠬᠤ ᠢᠯᠡ ᠲᠣᠳᠣ ᠰᠣᠩᠭᠤᠨ ᠬᠥᠮᠦᠵᠢᠭᠦᠯᠬᠦ ᠲᠤᠰᠠᠲᠠᠶ ᠤᠳᠤᠷᠢᠳᠤᠮᠵᠢ ᠶᠢ ᠪᠠᠲᠤ ᠪᠣᠶ ᠪᠣᠯᠭᠠᠵᠤ᠂ | ᠦᠨᠳᠦᠰᠦᠨ ᠱᠠᠲᠤᠨ ᠤ ᠠᠵᠢᠯ ᠤᠨ ᠨᠢᠭᠡᠳᠦᠭᠡᠷ ᠹᠷᠣᠨᠲ ᠲᠤ ᠺᠠᠳ᠋ᠷ ᠢ ᠰᠢᠯᠭᠠᠨ ᠪᠠᠶᠢᠴᠠᠭᠠᠵᠤ ᠢᠯᠭᠠᠨ ᠲᠠᠨᠢᠬᠤ ᠪᠠ | ᠳᠠᠪᠲᠠᠨ ᠪᠣᠯᠪᠠᠰᠤᠷᠠᠭᠤᠯᠬᠤ ᠶᠢ ᠦᠷᠭᠦᠯᠵᠢᠯᠡᠨ ᠴᠢᠬᠤᠯᠠᠴᠢᠯᠠᠬᠤ ᠬᠡᠷᠡᠭᠲᠡᠢ ᠭᠡᠪᠡ᠃ | | | |