ᠠᠯᠠᠱᠠ ᠵᠡᠭᠦᠨ ᠬᠤᠰᠢᠭᠤ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠮᠠᠰᠢᠨᠲᠤ ᠪᠤᠰᠤ ᠲᠡᠷᠭᠡᠨ ᠤ ︽ᠡᠮᠬᠢ ᠵᠠᠮᠪᠠᠷᠠᠭ᠎ᠠ ᠦᠭᠡᠢ ᠵᠣᠭᠰᠣᠬᠤ ᠪᠠᠶᠢᠳᠠᠯ︾ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2025/6/16
    ᠰᠤᠷᠭᠠᠭᠤᠯᠢ ᠶᠢᠨ ᠬᠦᠷᠢᠶ᠎ᠡ᠂ ᠬᠤᠳᠠᠯᠳᠤᠭᠠᠨ ᠤ ᠵᠡᠭᠡᠯᠢ ᠲᠣᠭᠤᠷᠢᠭ ᠵᠡᠷᠭᠡ ᠬᠥᠮᠦᠨ ᠣᠯᠠᠨ ᠴᠤᠭᠯᠠᠷᠠᠳᠠᠭ ᠭᠠᠵᠠᠷ ᠲᠠᠯᠠᠪᠤᠷ ᠤᠨ ᠮᠠᠰᠢᠨᠲᠤ ᠪᠤᠰᠤ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠠᠰᠠᠭᠤᠳᠠᠯ ᠳᠤ ᠴᠢᠭᠯᠡᠭᠦᠯᠦᠨ᠂ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ︽ᠲᠡᠷᠭᠡ ᠵᠣᠭᠰᠣᠭᠠᠬᠤ ᠪᠠᠶᠢᠷᠢ ᠶᠢ ᠬᠤᠪᠢᠶᠠᠷᠢᠯᠠᠬᠤ + ᠬᠠᠤᠯᠢ ᠬᠡᠷᠡᠭᠵᠢᠭᠦᠯᠬᠦ ᠶᠢ ᠪᠡᠶᠡᠴᠢᠯᠡᠨ ᠣᠶᠢᠯᠠᠭᠠᠬᠤ ᠡᠳᠦᠷ︾ ᠤᠨ ᠬᠠᠮ ᠠᠷᠭ᠎ᠠ ᠬᠡᠮᠵᠢᠶ᠎ᠡ ᠭᠠᠷᠭᠠᠵᠤ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠᠷ ᠬᠤᠲᠠ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠲᠠᠰ ᠳᠡᠪᠰᠢᠭᠦᠯᠬᠦ ᠶᠢ ᠠᠬᠢᠭᠤᠯᠵᠤ᠂ ᠠᠮᠤᠷ ᠲᠦᠪᠰᠢᠨ ᠡᠮᠬᠢ ᠵᠢᠷᠤᠮ ᠲᠠᠢ ᠶᠠᠪᠤᠵᠤ ᠰᠠᠭᠤᠬᠤ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠪᠠ᠃    ᠠᠯᠠᠱᠠ ᠵᠡᠭᠦᠨ ᠬᠤᠰᠢᠭᠤᠨ ᠤ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠮᠠᠰᠢᠨᠲᠤ ᠪᠤᠰᠤ ᠲᠡᠷᠭᠡ ᠵᠣᠭᠰᠣᠭᠠᠬᠤ ᠣᠷᠣᠨ ᠳᠤ᠂ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠵᠢᠯᠲᠠᠳ ᠮᠠᠰᠢᠨᠲᠤ ᠪᠤᠰᠤ ᠲᠡᠷᠭᠡ ᠵᠣᠭᠰᠣᠭᠠᠬᠤ ᠴᠡᠭ ᠢ ᠵᠦᠶ ᠵᠣᠬᠢᠰᠲᠠᠶ ᠲᠣᠭᠲᠠᠭᠠᠪᠠ᠃
   ᠣᠶᠢᠯᠠᠭᠠᠭᠰᠠᠨ ᠢᠶᠠᠷ᠂ ᠮᠠᠰᠢᠨᠲᠤ ᠪᠤᠰᠤ ᠲᠡᠷᠭᠡ ᠶᠢ ᠵᠣᠭᠰᠣᠭᠠᠬᠤ ᠳᠤ ᠨᠠᠩ ᠡᠮᠬᠢ ᠳᠢᠭᠯᠢᠮ ᠲᠠᠢ᠂ ᠨᠠᠩ ᠭᠤᠶᠣ ᠰᠠᠶᠢᠬᠠᠨ ᠪᠣᠯᠭᠠᠬᠤ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠬᠥᠮᠦᠨ ᠤ ᠤᠷᠤᠰᠬᠠᠯ ᠤᠨ ᠬᠡᠮᠵᠢᠶ᠎ᠡ᠂ ᠵᠠᠮ ᠤᠨ ᠨᠥᠬᠦᠴᠡᠯ ᠤᠨ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠶᠢ ᠦᠨᠳᠦᠰᠦᠯᠡᠨ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠠᠯᠠᠱᠠ ᠠᠶᠢᠮᠠᠭ ᠤᠨ ᠬᠠᠷᠢᠶᠠᠲᠤ ᠳᠤᠮᠳᠠᠳᠤ ᠰᠤᠷᠭᠠᠭᠤᠯᠢ᠂ ᠠᠯᠠᠱᠠ ᠵᠡᠭᠦᠨ ᠬᠤᠰᠢᠭᠤᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠵᠡᠷᠭᠡ 7 ᠰᠤᠷᠭᠠᠭᠤᠯᠢ ᠵᠢᠴᠢ ᠭᠤᠷᠪᠠᠳᠣᠭᠠᠷ ᠭᠦᠦᠷ ᠤᠨ ᠵᠠᠬ᠎ᠠ ᠳᠡᠯᠭᠡᠭᠦᠷ ᠵᠡᠷᠭᠡ ᠬᠤᠲᠠ ᠶᠢᠨ ᠲᠣᠭᠤᠷᠢᠭ ᠤᠨ ᠭᠤᠤᠯ ᠪᠣᠯᠬᠤ ᠬᠤᠳᠠᠯᠳᠤᠭᠠᠨ ᠤ ᠵᠡᠭᠡᠯᠢ ᠲᠣᠭᠤᠷᠢᠭ ᠲᠤ ᠮᠠᠰᠢᠨᠲᠤ ᠪᠤᠰᠤ ᠲᠡᠷᠭᠡ ᠵᠣᠭᠰᠣᠭᠠᠬᠤ ᠴᠡᠭ ᠢ ᠨᠡᠶᠢᠲᠡ 20 ᠭᠠᠷᠤᠶ ᠵᠠᠭᠠᠭᠯᠠᠨ ᠲᠣᠭᠲᠠᠭᠠᠪᠠ᠃ ᠡᠳᠡᠭᠡᠷ ᠵᠢᠷᠤᠮᠵᠢᠭᠰᠠᠨ ᠲᠡᠷᠭᠡ ᠵᠣᠭᠰᠣᠭᠠᠬᠤ ᠭᠠᠵᠠᠷ ᠲᠡᠷᠭᠡ ᠬᠥᠰᠬᠡ ᠶᠢᠨ ︽ᠲᠠᠯᠪᠢᠬᠤ ᠭᠠᠵᠠᠷ ᠥᠬᠡᠶ︾ ᠬᠦᠴᠢᠷᠳᠡᠯ ᠢ ᠰᠢᠢᠳᠪᠦᠷᠢᠯᠡᠭᠰᠡᠨ ᠢᠶᠠᠷ ᠪᠠᠷᠠᠬᠤ ᠥᠬᠡᠶ᠂ ᠨᠠᠩ ᠴᠤ ᠲᠣᠳᠣᠷᠬᠠᠶ ᠲᠡᠮᠳᠡᠭ ᠢᠶᠠᠷ ᠰᠠᠭᠤᠭᠠᠯᠢ ᠠᠷᠠᠳ ᠪᠠ ᠰᠤᠷᠤᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠡᠮᠬᠢ ᠵᠢᠷᠤᠮ ᠲᠠᠢ ᠪᠠᠷ  ᠲᠡᠷᠭᠡ ᠬᠦᠰᠭᠡ ᠪᠠᠨ ᠵᠣᠭᠰᠣᠭᠠᠵᠤ᠂ ᠵᠠᠮ ᠢ ᠨᠠᠩ ᠰᠠᠭᠠᠳ ᠥᠬᠡᠶ ᠨᠡᠪᠲᠡᠷᠡᠭᠦᠯᠵᠦ᠂ ᠬᠤᠲᠠ ᠶᠢᠨ ᠦᠵᠡᠮᠵᠢ ᠶᠢ ᠨᠠᠩ ᠴᠡᠪᠡᠷ ᠲᠡᠭᠰᠢ ᠪᠣᠯᠭᠠᠪᠠ᠃    ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ︽ᠱᠤᠭᠤᠮ ᠬᠤᠪᠢᠶᠠᠨ ᠬᠠᠮᠢᠶᠠᠷᠬᠤ︾ ᠬᠢᠭᠡᠳ ︽ᠪᠥᠬᠦ ᠠᠷᠠᠳ ᠢᠶᠠᠷ ᠢᠶᠠᠨ ᠣᠷᠣᠯᠴᠠᠬᠤ ︾ ᠬᠤᠶᠠᠷ ᠢ ᠵᠡᠷᠭᠡ ᠪᠠᠷ ᠬᠡᠷᠡᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠬᠥᠮᠦᠨ ᠣᠯᠠᠨ ᠴᠤᠭᠯᠠᠷᠠᠬᠤ ᠭᠠᠵᠠᠷ ᠤᠨ ᠮᠠᠰᠢᠨᠲᠤ ᠪᠤᠰᠤ ᠲᠡᠷᠭᠡ ᠶᠢᠨ ᠵᠣᠭᠰᠣᠭᠠᠬᠤ ᠳᠤ ᠬᠦᠴᠢᠷ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ ᠬᠤᠲᠠ ᠶᠢᠨ ᠪᠣᠯᠪᠠᠰᠤᠨ ᠢ ︽ᠣᠷᠣᠨ ᠪᠠᠶᠢᠷᠢ ᠳᠤᠨᠢ ᠣᠷᠣᠭᠤᠯᠵᠤ︾᠂ ᠪᠥᠬᠦ ᠠᠷᠠᠳ ᠤᠨ ᠶᠠᠪᠤᠵᠤ ᠰᠠᠭᠤᠬᠤ ᠳᠤ ᠨᠠᠩ ᠲᠠᠭᠠᠯᠠᠮᠵᠢᠲᠠᠶ ᠣᠷᠴᠢᠨ ᠲᠣᠭᠤᠷᠢᠨ ᠢ ᠪᠣᠢ ᠪᠣᠯᠭᠠᠪᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号