| 5 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ | ᠵᠢᠴᠢ ᠬᠢᠨᠠᠨ ᠵᠢᠯᠣᠭᠤᠳᠴᠤ ᠳᠠᠶᠢᠴᠢᠯᠠᠨ ᠪᠣᠯᠪᠠᠰᠤᠷᠠᠭᠤᠯᠬᠤ ᠬᠤᠷᠠᠯ ᠬᠤᠷᠠᠯᠳᠤᠪᠠ᠃ ᠬᠤᠷᠠᠯ ᠠᠴᠠ ᠨᠠᠮ ᠤᠨ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ | ᠬᠤᠰᠢᠭᠤᠨ ᠤ ᠨᠠᠮ ᠤᠨ ᠬᠤᠷᠢᠶ᠎ᠠ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠰᠢᠨ᠎ᠡ ᠪᠠᠶᠢᠷᠢᠯᠠᠭᠤᠯᠤᠯᠲᠠ ᠰᠢᠨ᠎ᠡ | ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠡᠮᠦᠨ᠎ᠡ ᠨᠢᠭᠡ ᠱᠠᠲᠤᠨ ᠤ ᠪᠥᠬᠦ ᠬᠤᠰᠢᠭᠤᠨ ᠤ | ᠰᠤᠷᠤᠯᠴᠠᠯᠭ᠎ᠠ ᠬᠥᠮᠦᠵᠢᠯ ᠤᠨ ᠠᠵᠢᠯ ᠢ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ | ᠰᠢᠢᠳᠪᠦᠷᠢᠯᠡᠵᠦ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠵᠤ᠂ | ᠰᠤᠷᠤᠯᠴᠠᠯᠭ᠎ᠠ ᠬᠥᠮᠦᠵᠢᠯ ᠤᠨ ᠬᠢᠨᠠᠨ ᠵᠢᠯᠣᠭᠤᠳᠬᠤ ᠠᠵᠢᠯ ᠢ ᠳᠠᠶᠢᠴᠢᠯᠠᠨ ᠪᠣᠯᠪᠠᠰᠤᠷᠠᠭᠤᠯᠪᠠ᠃ | ᠬᠤᠷᠠᠯ ᠠᠴᠠ᠂ ᠤᠨᠤᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠵᠦ᠂ ᠠᠰᠠᠭᠤᠳᠠᠯ ᠢ ᠳᠠᠭᠠᠭᠤᠯᠤᠨ | ᠰᠤᠷᠤᠯᠴᠠᠵᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠤ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷ᠂ | ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠺᠠᠳ᠋ᠷ᠂ ᠵᠠᠯᠠᠭᠤ ᠺᠠᠳ᠋ᠷ ᠪᠣᠯᠤᠨ ᠵᠠᠩᠭᠢᠯᠠᠭ᠎ᠠ ᠶᠢᠨ ᠠᠵᠢᠯ ᠤᠨ | ᠪᠠᠶᠢᠷᠢ ᠶᠢᠨ ᠺᠠᠳ᠋ᠷ ᠵᠡᠷᠭᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠴᠡᠭ ᠢᠶᠠᠷ ᠨᠡᠶᠢᠳᠡᠮ ᠢ | ᠲᠠᠶᠢᠴᠢᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠬᠦᠰᠡᠯᠡᠩ ᠢᠲᠡᠭᠡᠯ | ᠪᠢᠰᠢᠷᠡᠯ ᠢ ᠨᠢ ᠪᠠᠲᠤᠳᠬᠠᠵᠤ᠂ ᠰᠢᠯᠭᠠᠷᠠᠭᠰᠠᠨ ᠨᠠᠮᠴᠢ ᠴᠢᠨᠠᠷ ᠢ ᠨᠢ ᠳᠠᠪᠲᠠᠨ ᠪᠣᠯᠪᠠᠰᠤᠷᠠᠭᠤᠯᠵᠤ᠂ ᠦᠵᠡᠯ | ᠰᠠᠨᠠᠭᠠᠨ ᠤ ᠤᠬᠠᠮᠰᠠᠷ ᠢ ᠨᠢ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢ ᠪᠠᠶᠢᠴᠠᠭᠠᠨ ᠳᠡᠯᠭᠡᠬᠦ ᠶᠢ ᠭᠦᠨᠵᠡᠭᠡᠶᠢᠷᠡᠭᠦᠯᠵᠦ | ᠂ ᠵᠢᠵᠢᠭ ᠬᠡᠷᠡᠭ ᠢ ᠴᠠᠭᠳᠠᠨ ᠪᠠᠶᠢᠴᠠᠭᠠᠬᠤ ᠪᠠᠷ ᠳᠠᠮᠵᠢᠭᠤᠯᠤᠨ ᠵᠠᠩᠭᠢᠯᠠᠭ᠎ᠠ ᠶᠢ ᠨᠢ ᠣᠨᠣᠪᠴᠢᠲᠠᠢ ᠡᠷᠢᠵᠦ᠂ ︽ | ᠳᠠᠯᠳᠠ ᠠᠰᠠᠭᠤᠳᠠᠯ︾ ᠪᠠ ︽ᠭᠦᠨ ᠳᠠᠪᠬᠤᠷᠭ᠎ᠠ ᠶᠢᠨ ᠵᠥᠷᠢᠴᠡᠯ︾ ᠢ ᠢᠯᠡᠷᠡᠭᠦᠯᠵᠤ᠂ ᠦᠯᠡᠳᠡᠭᠳᠡᠯ ᠠᠰᠠᠭᠤᠳᠠᠯ | ᠦᠭᠡᠢ ᠪᠣᠯᠭᠠᠬᠤ ᠬᠡᠷᠡᠭᠲᠡᠢ᠃ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ | ᠶᠠᠮᠠᠷ ᠠᠰᠠᠭᠤᠳᠠᠯ ᠲᠤᠪᠤᠶᠢᠪᠠᠯ ᠲᠡᠷᠡ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠬᠦᠯᠢᠶᠡᠬᠦ ᠦᠭᠡᠢ | ᠲᠦᠰᠢᠭᠯᠡᠬᠦ ᠦᠭᠡᠢ ᠪᠠᠶᠢᠵᠤ᠂ ᠤᠨᠢᠨ ᠳᠡᠭᠡᠷ᠎ᠡ ᠨᠢ ᠬᠦᠴᠦᠯᠡᠬᠦ ᠬᠡᠷᠡᠭᠲᠡᠢ᠃ ᠰᠤᠷᠲᠠᠯ ᠤᠨ ᠠᠷᠬᠠᠭ ᠭᠡᠮ ᠢ ᠴᠢᠩᠭ᠎ᠠ | ᠠᠩᠬᠠᠷᠤᠨ ᠬᠦᠴᠦᠨ ᠢᠶᠠᠨ ᠲᠥᠪᠯᠡᠷᠡᠭᠦᠯᠦᠨ ᠬᠠᠷᠠᠯᠲᠠ ᠲᠠᠢ ᠪᠠᠷ ᠵᠠᠰᠠᠵᠤ᠂ ᠨᠠᠮ ᠤᠨ ᠰᠤᠷᠲᠠᠯ ᠵᠠᠰᠠᠭ ᠤᠨ ᠰᠤᠷᠲᠠᠯ | ᠴᠣ ᠰᠢᠨ᠎ᠡ ᠪᠠᠶᠢᠳᠠᠯ ᠲᠠᠢ ᠪᠣᠯᠬᠤ ᠶᠢ ᠦᠷᠭᠦᠯᠵᠢᠯᠡᠨ ᠠᠬᠢᠭᠤᠯᠵᠤ᠂ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ | ᠦᠷᠭᠦᠯᠵᠢᠯᠡᠨ ᠰᠠᠶᠢᠵᠢᠷᠠᠭᠤᠯᠬᠤ ᠬᠡᠷᠡᠭᠳᠡᠢ᠃ ᠱᠠᠯᠠᠪᠳᠠᠭᠤᠯᠤᠨ ᠵᠢᠯᠣᠭᠤᠳᠬᠤ ᠠᠵᠢᠯ ᠢ ᠭᠦᠨᠵᠡᠭᠡᠶᠢᠷᠡᠭᠦᠯᠵᠦ᠂ | ᠬᠠᠷᠠᠯᠲᠠ ᠶᠢᠨ ᠴᠢᠭᠯᠡᠯ ᠨᠢ ᠣᠨᠣᠪᠴᠢᠲᠠᠢ᠂ ᠪᠣᠳᠠᠲᠠᠢ ᠶᠢ ᠡᠷᠬᠢᠮᠯᠡᠨ ᠥᠨᠳᠥᠷ ᠪᠦᠲᠦᠮᠵᠢᠲᠡᠢ ᠪᠠᠶᠢᠬᠤ ᠶᠢ | ᠪᠡᠶᠡᠯᠡᠭᠦᠯᠵᠦ᠂ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠵᠤ᠂ ᠡᠯ᠎ᠡ ᠰᠠᠯᠠᠭ᠎ᠠ ᠮᠥᠴᠢᠷ | ᠨᠢᠭᠡᠴᠡ ᠶᠢ ᠵᠢᠯᠣᠭᠤᠳᠤᠨ ᠬᠠᠪᠰᠤᠷᠴᠤ ᠪᠠᠶᠢᠭᠠᠳ ᠵᠢᠷᠤᠮᠵᠢᠯ ᠲᠠᠢ ᠡᠮᠬᠢ ᠵᠢᠷᠤᠮ ᠲᠠᠢ ᠰᠤᠷᠤᠯᠴᠠᠯᠭ᠎ᠠ ᠬᠥᠮᠦᠵᠢᠯ ᠢ | ᠥᠷᠨᠢᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠤᠨ ᠳᠠᠷᠠᠭ᠎ᠠ᠂ ᠬᠤᠰᠢᠭᠤᠨ ᠤ ᠨᠠᠮ ᠤᠨ ᠬᠤᠷᠢᠶᠠᠨ ᠤ ᠲᠣᠮᠢᠯᠠᠭᠰᠠᠨ 2 ᠬᠢᠨᠠᠨ ᠵᠢᠯᠣᠭᠤᠳᠬᠤ | ᠳᠤᠭᠤᠶᠢᠯᠠᠩ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠪᠡ᠃ | | |