ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ ᠲᠠᠷᠢᠶᠠᠨ ᠭᠠᠵᠠᠷ ᠲᠤ ᠲᠤᠰᠬᠠᠢ ᠮᠡᠷᠭᠡᠵᠢᠯ ᠤᠨ ᠮᠡᠳᠡᠯᠭᠡ ᠪᠣᠯᠤᠨ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠪᠠᠨ ᠬᠤᠪᠢᠶᠠᠯᠴᠠᠪᠠ
ᠨᠡᠶᠢᠲᠡᠯᠡᠭᠰᠡᠨ ᠴᠠᠭ᠄
2025/6/18
   6 ᠰᠠᠷ᠎ᠠ ᠶᠢᠨ 2 ᠤᠨ ᠡᠳᠦᠷ᠂ ᠠᠯᠠᠱᠠ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠᠶᠠᠨᠬᠤᠲᠠ ᠪᠠᠯᠭᠠᠰᠤᠨ ᠤ ᠪᠠᠶᠠᠨᠬᠦ᠋ᠳᠡᠭᠡ ᠭᠠᠴᠠᠭ᠎ᠠ ᠶᠢᠨ A ᠲᠣᠭᠤᠷᠢᠭ ᠤᠨ ᠢᠳᠡᠰᠢᠨ ᠨᠣᠭᠤᠭ᠎ᠠ ᠶᠢᠨ ᠬᠦᠯᠡᠮᠵᠢ ᠳᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠭᠤᠯᠤᠯ ᠵᠢᠴᠢ ᠲᠠᠷᠢᠶᠠᠨ ᠡᠮ ᠢ ᠦᠨ᠎ᠡ ᠲᠦᠯᠪᠦᠷᠢ ᠥᠬᠡᠶ ᠪᠠᠷ ᠲᠠᠷᠬᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠬᠠᠶ ᠶᠢᠨ ᠭᠠᠵᠠᠷ ᠤᠨ ᠲᠠᠷᠢᠶᠠᠴᠢᠳ ᠲᠤ ᠬᠡᠷᠡᠭᠯᠡᠭᠡᠨ ᠤ ᠲᠠᠷᠢᠶᠠᠯᠠᠩ ᠤᠨ ᠮᠡᠷᠭᠡᠵᠢᠯ ᠪᠠ ᠳᠣᠲᠣᠨᠣ ᠳᠡᠮᠵᠢᠯᠭᠡ ᠦᠵᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠦᠨᠡᠨ ᠬᠦ ᠬᠦᠴᠦᠨ ᠨᠡᠮᠡᠷᠢᠯᠡᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠯᠢᠳᠡᠭ ᠣᠨᠴᠠ ᠲᠣᠮᠢᠯᠠᠭᠳᠠᠭᠰᠠᠳ ᠭᠤᠸᠠᠨ ᠬᠤᠢ ᠮᠢᠩ ᠪᠠᠭᠰᠢ ᠭᠦᠨ ᠵᠤᠵᠠᠭᠠᠨ ᠲᠤᠰᠬᠠᠢ ᠮᠡᠷᠭᠡᠵᠢᠯ ᠤᠨ ᠮᠡᠳᠡᠯᠭᠡ ᠪᠣᠯᠤᠨ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠳᠠᠭᠠᠨ ᠲᠦᠰᠢᠭᠯᠡᠵᠦ᠂ ᠢᠳᠡᠰᠢᠨ ᠨᠣᠭᠤᠭ᠎ᠠ ᠲᠠᠷᠢᠬᠤ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠤᠷᠳᠤᠭᠤᠷ ᠣᠷᠣᠭᠤᠯᠬᠤ᠂ ᠲᠠᠷᠢᠶᠠᠨ ᠭᠠᠵᠠᠷ ᠤᠨ ᠬᠠᠮᠢᠶᠠᠷᠤᠯᠲᠠ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ᠂ ᠤᠨᠤᠯ ᠤᠨ ᠲᠠᠶᠢᠯᠤᠮᠵᠢ ᠪᠣᠯᠤᠨ ᠲᠤᠬᠠᠢ ᠶᠢᠨ ᠲᠠᠯᠠᠪᠠᠢ ᠳᠤ ᠵᠢᠱᠢᠶ᠎ᠡ ᠦᠵᠡᠭᠦᠯᠬᠦ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ ᠪᠣᠯᠪᠠᠰᠤᠷᠠᠯ ᠢ ᠥᠷᠨᠢᠭᠦᠯᠪᠡ᠃ ᠲᠠᠷᠢᠶᠠᠴᠢᠳ ᠤᠨ ᠳᠤᠷᠠᠳᠤᠭᠰᠠᠨ ᠲᠠᠷᠢᠮᠠᠯ ᠤᠨ ᠬᠦᠴᠢᠷ ᠠᠰᠠᠭᠤᠳᠠᠯ ᠤᠨ ᠲᠤᠬᠠᠶ ᠭᠤᠸᠠᠨ ᠪᠠᠭᠰᠢ ᠨᠢᠭᠡᠳ ᠨᠢᠭᠡ ᠪᠠᠷ ᠬᠦᠯᠢᠴᠡᠩᠭᠦᠶ ᠪᠠᠷ ᠬᠠᠷᠢᠭᠤᠯᠪᠠ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠠᠵᠢᠯᠲᠠᠳ ᠲᠠᠷᠢᠶᠠᠨ ᠡᠮ ᠢ ᠲᠠᠷᠢᠶᠠᠴᠢᠳ ᠲᠤ ᠬᠦᠷᠭᠡᠬᠦ ᠶᠢᠨ ᠬᠠᠮᠲᠤ ᠬᠡᠷᠡᠭᠯᠡᠬᠦ ᠠᠷᠭ᠎ᠠ ᠪᠠ ᠠᠩᠬᠠᠷᠬᠤ ᠵᠦᠢᠯᠡᠰ ᠢ ᠨᠠᠷᠢᠨ ᠲᠠᠶᠢᠯᠪᠤᠷᠢᠯᠠᠵᠤ᠂ ᠲᠠᠷᠢᠶᠠᠴᠢᠳ ᠲᠤ ᠰᠢᠨᠵᠢᠯᠡᠬᠦ ᠤᠬᠠᠭᠠᠨᠴᠢ ᠪᠥᠭᠡᠳ ᠠᠮᠤᠷ ᠲᠦᠪᠰᠢᠨ ᠢᠶᠠᠷ ᠡᠮ ᠬᠡᠷᠡᠭᠯᠡᠬᠦ ᠬᠡᠷᠡᠭᠲᠡᠶ ᠭᠡᠵᠦ ᠵᠠᠬᠢᠪᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号