| 6 ᠰᠠᠷ᠎ᠠ ᠶᠢᠨ 2 ᠤᠨ ᠡᠳᠦᠷ᠂ ᠠᠯᠠᠱᠠ ᠵᠡᠭᠦᠨ ᠬᠤᠰᠢᠭᠤᠨ ᠤ ᠰᠢᠨᠬᠤᠸᠠ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠤᠨ ᠦᠨᠳᠦᠰᠦᠲᠡᠨ ᠤ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠨᠠᠮ ᠤᠨ ᠪᠠᠶᠢᠭᠤᠯᠤᠯᠲᠠ ᠶᠢᠨ | ᠨᠢᠭᠡᠴᠡ ᠲᠠᠢ ᠬᠠᠮᠲᠤᠷᠠᠨ᠂ ᠬᠠᠷᠢᠶᠠᠲᠤ ᠣᠷᠣᠨ ᠤ ᠳᠣᠲᠣᠷᠠᠬᠢ ᠦᠢᠯᠡᠰ ᠬᠤᠷᠢᠶᠠᠯᠠᠯ ᠠᠴᠠ ᠵᠡᠭᠦᠨᠰᠢ ᠪᠠᠨ᠂ ᠨᠠᠨ | ᠬᠤ᠋ ᠭᠥᠩ ᠭᠤᠸᠠᠨ ᠠᠴᠠ ᠪᠠᠷᠠᠭᠤᠨᠰᠢ ᠪᠠᠨ 170 ᠮᠧᠲᠷ ᠭᠠᠵᠠᠷ ᠤᠨ ᠰᠢᠷᠣᠶ ᠶᠢᠨ ᠵᠠᠮ ᠢ ᠲᠥᠪᠯᠡᠷᠡᠭᠦᠯᠦᠨ | ᠰᠡᠯᠪᠢᠨ ᠵᠠᠰᠠᠵᠤ᠂ ᠪᠠᠷᠢᠯᠭ᠎ᠠ ᠶᠢᠨ ᠠᠩᠭᠢ ᠵᠥᠪᠬᠡᠨ ᠨᠢᠭᠡ ᠯᠡ ᠡᠳᠦᠷ ᠤᠨ ᠬᠤᠭᠤᠴᠠᠭᠠᠨ ᠳᠤ ᠪᠦᠬᠦ ᠠᠵᠢᠯ ᠢᠶᠠᠨ | ᠲᠠᠭᠤᠰᠬᠠᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ | ᠥᠬᠡᠶ᠂ ᠪᠠᠰᠠ ᠣᠶᠢᠷ᠎ᠠ ᠬᠠᠪᠢ ᠶᠢᠨ ᠰᠣᠷᠣᠭᠴᠢ ᠶᠢᠨ ᠰᠤᠷᠭᠠᠭᠤᠯᠢ ᠳᠤ ᠶᠠᠪᠣᠬᠤ ᠵᠠᠮ ᠬᠠᠷᠢᠯᠴᠠᠭᠠᠨ ᠤ | ᠳᠠᠷᠤᠯᠲᠠ ᠶᠢ ᠨᠠᠮᠳᠠᠭᠤᠯᠵᠠᠶ᠃ | | | | | ᠨᠡᠶᠢᠭᠡᠮ ᠲᠣᠭᠤᠷᠢᠭ ᠤᠨ ᠠᠭᠤᠰᠤᠯᠴᠠᠭᠰᠠᠨ ᠨᠠᠮ ᠤᠨ ᠪᠠᠶᠢᠭᠤᠯᠤᠯᠲᠠ ᠶᠢᠨ ᠨᠢᠭᠡᠴᠡ ᠪᠣᠯᠤᠭᠰᠠᠨ ᠤ | ᠬᠤᠪᠢ ᠳᠤ᠂ ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠮ ᠬᠠᠷᠢᠯᠴᠠᠭᠠᠨ ᠤ | ᠦᠢᠯᠡᠰ ᠤᠨ ᠬᠥᠭᠵᠢᠯᠲᠡ ᠶᠢᠨ ᠲᠥᠪ ᠠᠴᠠ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ | ᠲᠠᠩᠰᠠ ᠶᠢᠨ ᠬᠦᠰᠡᠯ ᠱᠠᠭᠠᠷᠳᠠᠯᠭ᠎ᠠ ᠳᠤ ᠢᠳᠡᠪᠬᠢᠲᠡᠶ ᠬᠠᠷᠢᠭᠤᠯᠲᠠ ᠥᠭᠴᠦ᠂ ᠮᠧᠬᠠᠨᠢᠭ ᠢᠶᠠᠷ ᠬᠠᠶᠠᠭᠳᠠᠮᠠᠯ | ᠬᠠᠭᠤᠴᠢᠨ ᠪᠠᠷᠤᠭᠰᠢᠨ ᠢ ᠳᠡᠪᠢᠰᠬᠦ ᠲᠥᠰᠦᠯ ᠢ ᠬᠡᠷᠡᠭᠯᠡᠨ ᠪᠠᠷᠢᠯᠭ᠎ᠠ ᠶᠢᠨ ᠠᠵᠢᠯ ᠢ ᠬᠢᠵᠦ᠂ ᠵᠠᠮ ᠤᠨ ᠰᠠᠭᠤᠷᠢ ᠶᠢ | ᠲᠡᠭᠰᠢᠯᠡᠬᠦ ᠠᠴᠠ ᠪᠠᠷᠣᠭᠰᠢᠨ ᠳᠡᠪᠢᠰᠬᠦ ᠬᠦᠷᠲᠡᠯ᠎ᠡ᠂ ᠡᠯ᠎ᠡ ᠭᠤᠭᠴᠤᠭ᠎ᠠ ᠶᠢ ᠠᠪᠴᠠᠯᠳᠤᠭᠤᠯᠤᠨ ᠠᠬᠢᠭᠤᠯᠵᠤ᠂ | ᠠᠷᠠᠳ ᠤᠨ ᠲᠥᠯᠥᠭᠡ ᠦᠨᠡᠨᠬᠦ ᠪᠣᠳᠠᠲᠠᠶ ᠠᠵᠢᠯ ᠬᠢᠵᠤ᠂ 170 ᠮᠧᠲᠷ ᠤᠨ ᠵᠠᠮ ᠢ ᠨᠢᠭᠡ ᠡᠳᠦᠷ ᠲᠤ | ᠰᠢᠭᠤᠷᠬᠠᠶᠢᠯᠠᠨ ᠳᠠᠭᠤᠰᠬᠠᠬᠪᠠ᠃ | | | |