| ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ | ᠪᠣᠯᠭᠠᠵᠤ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠪᠠ ᠶᠣᠰᠣ ᠰᠤᠷᠲᠠᠬᠤᠨ ᠢᠶᠠᠷ | ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠪᠣᠯᠪᠠᠰᠤᠨ ᠤ ᠴᠡᠴᠡᠭ ᠢ | ᠥᠩᠭᠡ ᠢᠯᠭᠠᠷᠠᠭᠤᠯᠵᠤ᠂ ᠪᠦᠯᠬᠦᠮᠳᠡᠯ ᠤᠨ ᠵᠢᠮᠢᠰ ᠢ ᠪᠣᠯᠪᠠᠰᠤᠷᠠᠭᠤᠯᠵᠤ᠂ ᠤᠮᠠᠷᠠᠲᠤ ᠬᠢᠯᠢ ᠶᠢᠨ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠳᠤ ᠪᠣᠯᠪᠠᠰᠤᠨ ᠤ ᠬᠡᠪ ᠳᠠᠭᠤᠷᠢᠶᠠᠯ ᠢ ᠪᠣᠶ ᠪᠣᠯᠭᠠᠪᠠ᠃ | ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ | ᠬᠥᠳᠡᠯᠮᠦᠷᠢ ᠶᠢᠨ ᠦᠢᠯᠡᠳᠦᠯᠭᠡ ᠶᠢᠨ ᠣᠨᠴᠠᠯᠢᠭᠲᠤ ᠬᠢᠴᠢᠶᠡᠯ ᠳᠡᠭᠡᠷ᠎ᠡ᠂ ᠰᠤᠷᠤᠭᠴᠢᠳ ᠠᠩᠭᠢ ᠶᠢᠨ ᠭᠡᠷ ᠠᠴᠠ ᠪᠠᠨ | ᠭᠠᠷᠴᠤ᠂ ᠰᠤᠷᠭᠠᠭᠤᠯᠢ ᠶᠢᠨ ᠬᠦᠷᠢᠶᠡᠨ ᠤ ᠨᠣᠭᠤᠭᠠᠷᠠᠭᠤᠯᠳᠠ ᠪᠠ ᠠᠷᠠᠴᠢᠯᠠᠨ ᠬᠠᠮᠠᠭᠠᠯᠠᠯᠳᠠ᠂ ᠰᠤᠷᠭᠠᠭᠤᠯᠢ ᠶᠢᠨ | ᠳᠣᠲᠣᠷᠠᠬᠢ ᠠᠷᠢᠭᠤᠨ ᠴᠡᠪᠡᠷ ᠵᠡᠷᠭᠡ ᠬᠥᠳᠡᠯᠮᠦᠷᠢ ᠳᠤ ᠣᠷᠣᠯᠴᠠᠵᠤ᠂ ᠬᠦᠴᠦ ᠬᠥᠯᠥᠰᠥ ᠪᠠᠨ ᠣᠷᠣᠰᠬᠠᠵᠤ | ᠬᠥᠳᠡᠯᠮᠦᠷᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠬᠠᠮᠲᠤ᠂ ᠠᠵᠢᠯᠴᠢ ᠠᠷᠪᠢᠴᠢ ᠠᠷᠪᠢᠯᠠᠨ ᠭᠠᠮᠨᠠᠬᠤ | ᠬᠥᠮᠦᠵᠢᠯ ᠢ ᠲᠣᠣᠱᠯᠠᠭᠤᠯᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠬᠥᠳᠡᠯᠮᠦᠷᠢ ᠶᠢᠨ ᠦᠷ᠎ᠡ | ᠪᠦᠲᠦᠭᠡᠯ ᠢ ᠨᠠᠨᠳᠢᠩᠨᠠᠨ ᠬᠠᠶᠢᠷᠠᠯᠠᠬᠤ ᠦᠵᠡᠯ ᠤᠬᠠᠮᠰᠠᠷ ᠢ ᠪᠦᠷᠢᠯᠳᠦᠭᠦᠯᠪᠡ᠃ | | | | | | ᠶᠣᠰᠣ ᠮᠣᠷᠠᠯ ᠬᠢᠭᠡᠳ ᠬᠠᠤᠯᠢ ᠪᠠᠷ ᠵᠠᠰᠠᠬᠤ ᠬᠢᠴᠢᠶᠡᠯ ᠳᠡᠭᠡᠷ᠎ᠡ᠂ ᠤᠯᠠᠮᠵᠢᠯᠠᠯᠲᠤ ᠬᠡᠯᠡᠵᠦ ᠵᠢᠭᠠᠬᠤ ᠵᠠᠭᠪᠤᠷ ᠢ | ᠰᠢᠨᠡᠴᠢᠯᠡᠵᠤ᠂ ᠠᠬᠤᠢ ᠪᠠᠶᠢᠳᠠᠯ ᠢ ᠳᠠᠭᠤᠷᠢᠶᠠᠬᠤ᠂ ᠬᠡᠷᠡᠭ ᠤᠨ ᠵᠢᠱᠢᠶ᠎ᠡ ᠶᠢ ᠵᠠᠳᠠᠯᠬᠤ᠂ ᠳᠤᠭᠤᠶᠢᠯᠠᠩ ᠬᠤᠪᠢᠶᠠᠨ | ᠶᠠᠷᠢᠯᠴᠠᠬᠤ ᠵᠡᠷᠭᠡ ᠤᠯᠠᠨ ᠡᠰᠢᠵᠢᠭᠰᠡᠨ ᠵᠢᠭᠠᠨ ᠰᠤᠷᠭᠠᠬᠤ ᠠᠷᠭ᠎ᠠ ᠬᠡᠯᠪᠡᠷᠢ ᠶᠢ ᠬᠡᠷᠡᠭᠵᠢᠭᠦᠯᠪᠡ᠃ ᠪᠠᠭᠰᠢ ᠨᠠᠷ ︽ | ᠨᠣᠮ ᠪᠢᠴᠢᠭ ᠵᠢᠭᠡᠯᠡᠨ ᠤᠩᠰᠢᠬᠤ︾᠂ ︽ᠬᠠᠮᠲᠤ ᠰᠤᠷᠤᠭᠴᠢᠳ ᠤᠨ ᠬᠤᠭᠤᠷᠣᠨᠳᠣᠬᠢ ᠵᠥᠷᠢᠴᠡᠯ ᠢ ᠡᠶᠡᠳᠡᠭᠦᠯᠬᠦ︾ | ᠵᠡᠷᠭᠡ ᠰᠤᠷᠤᠭᠴᠢᠳ ᠤᠨ ᠠᠮᠢᠳᠤᠷᠠᠯ ᠳᠤ ᠤᠢᠢᠷᠠᠳᠤᠭᠰᠠᠨ ᠠᠬᠤᠢ ᠪᠠᠶᠢᠳᠠᠯ ᠳᠤ ᠴᠢᠭᠯᠡᠭᠦᠯᠦᠨ᠂ ᠰᠤᠷᠤᠭᠴᠢᠳ ᠢᠶᠠᠷ | ᠳᠦᠷᠢ ᠲᠣᠭᠯᠠᠭᠤᠯᠵᠤ ᠶᠣᠰᠣ ᠰᠤᠷᠲᠠᠬᠤᠨ ᠤ ᠵᠢᠷᠤᠮᠵᠢᠯ ᠪᠠ ᠬᠠᠤᠯᠢ ᠴᠠᠭᠠᠵᠠ ᠶᠢᠨ ᠪᠠᠷᠢᠮᠵᠢᠶ᠎ᠠ ᠶᠢ ᠣᠶᠢᠯᠠᠭᠠᠭᠤᠯᠪᠡ | ︔ ᠪᠠᠰᠠ ᠲᠤᠰ ᠭᠠᠵᠠᠷ ᠤᠨ ᠶᠣᠰᠣ ᠰᠤᠷᠲᠠᠬᠤᠨ ᠤ ᠵᠢᠱᠢᠶᠡᠴᠢ ᠶᠢᠨ ᠦᠯᠢᠭᠡᠷ᠂ ᠨᠡᠶᠢᠭᠡᠮ ᠤᠨ ᠬᠠᠯᠠᠭᠤᠨ ᠴᠡᠭ ᠤᠨ | ᠬᠡᠷᠡᠭ ᠢ ᠣᠷᠣᠭᠤᠯᠤᠨ ᠠᠪᠴᠢᠷᠠᠵᠤ᠂ ᠰᠤᠷᠤᠭᠴᠢᠳ ᠢ ᠵᠣᠬᠢᠶᠠᠨ ᠪᠠᠶᠢᠭᠤᠯᠤᠨ ᠭᠦᠨᠵᠡᠭᠡᠶ ᠰᠤᠳᠤᠯᠤᠨ ᠶᠠᠷᠢᠯᠴᠠᠵᠤ᠂ | ᠲᠡᠳᠡᠨ ᠢ ᠬᠥᠲᠥᠯᠥᠨ ᠵᠢᠯᠣᠭᠤᠳᠴᠤ ᠪᠠᠶᠢᠭᠠᠳ ᠵᠥᠪ ᠥᠷᠲᠡᠭ ᠤᠨ ᠦᠵᠡᠯᠲᠡ ᠪᠠ ᠦᠢᠯᠡ ᠠᠵᠢᠯᠯᠠᠭ᠎ᠠ ᠶᠢᠨ | ᠵᠢᠷᠤᠮᠯᠠᠯ ᠢ ᠪᠤᠢ ᠪᠣᠯᠭᠠᠪᠠ᠃ ᠠᠯᠢ ᠣᠯᠠᠨ ᠠᠮᠢᠳᠤᠯᠢᠭ ᠪᠥᠭᠡᠳ ᠰᠣᠨᠢᠷᠬᠠᠯᠲᠠᠶ ᠬᠢᠴᠢᠶᠡᠯ ᠤᠨ ᠲᠠᠩᠬᠢᠮ ᠤᠨ | ᠠᠵᠢᠯᠯᠠᠭ᠎ᠠ ᠪᠠᠷ ᠳᠠᠮᠵᠢᠭᠤᠯᠤᠨ᠂ ᠪᠣᠯᠪᠠᠰᠤᠨ ᠤ ᠶᠣᠰᠣ ᠵᠢᠷᠤᠮ᠂ ᠬᠠᠤᠯᠢ ᠪᠠᠷ ᠵᠠᠰᠠᠬᠤ ᠤᠬᠠᠮᠰᠠᠷ᠂ ᠨᠡᠶᠢᠭᠡᠮ ᠤᠨ | ᠬᠠᠷᠢᠭᠤᠴᠠᠯᠭᠠᠲᠤ ᠰᠡᠳᠬᠢᠯᠭᠡ ᠵᠡᠷᠭᠡ ᠠᠭᠤᠯᠭ᠎ᠠ ᠶᠢ ᠠᠭᠤᠰᠤᠯᠴᠠᠭᠤᠯᠵᠤ᠂ ᠰᠤᠷᠤᠭᠴᠢᠳ ᠢ ᠪᠠᠶᠠᠷ ᠪᠠᠶᠠᠰᠬᠤᠯᠠᠩᠲᠤ | ᠠᠭᠤᠷ ᠠᠮᠢᠰᠬᠤᠯ ᠤᠨ ᠳᠤᠮᠳᠠ ᠶᠣᠰᠣ ᠰᠤᠷᠲᠠᠬᠤᠨ ᠤ ᠴᠢᠬᠤᠯᠠ ᠴᠢᠨᠠᠷ ᠢ ᠣᠶᠢᠯᠠᠭᠠᠭᠤᠯᠵᠤ᠂ ᠲᠣᠰ ᠪᠡᠶ᠎ᠡ ᠶᠢᠨ ᠬᠡᠪ | ᠪᠣᠯᠪᠠᠰᠤᠷᠠᠯ ᠢᠶᠠᠨ ᠳᠡᠭᠡᠭᠰᠢᠯᠡᠭᠦᠯᠪᠡ᠃ | | | | | | | | | ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠪᠣᠯ | ᠵᠢᠷᠭᠤᠭᠠᠨ ᠵᠢᠯ ᠤᠨ ᠳᠦᠷᠢᠮᠲᠦ ᠪᠠᠶᠢᠷᠢ ᠳᠤ ᠰᠠᠭᠤᠬᠤ ᠪᠠᠭ᠎ᠠ ᠰᠤᠷᠭᠠᠭᠤᠯᠢ ᠮᠥᠨ᠂ ᠰᠤᠷᠭᠠᠭᠤᠯᠢ | ᠪᠠᠶᠢᠭᠤᠯᠤᠭᠳᠠᠭᠰᠠᠨ ᠠᠴᠠ ᠨᠠᠰᠢ᠂ ᠰᠤᠷᠭᠠᠭᠤᠯᠢ ᠨᠢ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ | ᠢᠮᠠᠭᠲᠠ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠡᠯ᠎ᠡ ᠲᠠᠯ᠎ᠠ ᠳᠤ ᠠᠭᠤᠰᠬᠠᠵᠤ᠂ ᠦᠵᠡᠯ ᠰᠠᠨᠠᠭ᠎ᠠ ᠶᠣᠰᠣ | ᠰᠤᠷᠲᠠᠬᠤᠨ ᠤ ᠪᠠᠶᠢᠭᠤᠯᠤᠯᠲᠠ ᠶᠢᠨ ᠲᠠᠯ᠎ᠠ ᠪᠠᠷ᠂ ᠰᠤᠷᠭᠠᠭᠤᠯᠢ ᠨᠢ ︽ᠲᠤᠯᠤᠭᠠᠨ ᠰᠠᠷ᠎ᠠ ᠶᠢᠨ ᠨᠢᠭᠡᠨ︾᠂ | ᠤᠯᠤᠰ ᠤᠨ ᠪᠠᠶᠠᠷ ᠵᠡᠷᠭᠡ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠭᠦᠢᠴᠡᠳ ᠠᠰᠢᠭᠯᠠᠨ᠂ ︽ | ᠤᠯᠠᠭᠠᠨ ᠠᠨᠠᠷ ᠤᠨ ᠴᠢᠬᠢ ᠮᠣᠳᠣ ᠪᠤᠶᠢᠵᠢᠭᠤᠯᠬᠤ︾ ᠶᠣᠰᠣ ᠰᠤᠷᠲᠠᠬᠤᠨ ᠤ ᠬᠥᠮᠦᠵᠢᠯ ᠤᠨ ᠨᠠᠷᠠᠲᠤ ᠲᠡᠮᠳᠡᠭ ᠲᠤ | ᠲᠦᠰᠢᠭᠯᠡᠨ᠂ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠭᠦᠨᠵᠡᠭᠡᠶ ᠠᠬᠢᠭᠤᠯᠵᠤ᠂ ᠬᠤᠪᠢᠰᠬᠠᠯ ᠤᠨ ᠭᠤᠤᠯ | ᠰᠡᠳᠦᠪᠲᠦ ᠬᠥᠮᠦᠵᠢᠯ᠂ ᠬᠤᠪᠢᠰᠬᠠᠯ ᠤᠨ ᠣᠬᠤᠷ ᠵᠦᠴᠦᠭᠡ ᠶᠢᠨ ᠦᠵᠡᠭᠦᠯᠦᠯᠭᠡ ᠵᠡᠷᠭᠡ ᠠᠵᠢᠯᠯᠠᠭ᠎ᠠ ᠪᠠᠷ | ᠳᠠᠮᠵᠢᠭᠤᠯᠤᠨ᠂ ᠦᠨᠳᠦᠰᠦᠲᠡᠨ ᠤ ᠪᠦᠯᠬᠦᠮᠳᠡᠯ ᠤᠨ ︽ᠴᠡᠴᠡᠭ︾ ᠢ ᠪᠠᠭᠰᠢ ᠰᠤᠷᠤᠭᠴᠢᠳ ᠤᠨ ᠰᠡᠳᠬᠢᠯ ᠳᠤ ᠭᠦᠨ | ᠬᠠᠳᠠᠩᠰᠢᠭᠤᠯᠵᠤ᠂ ᠨᠠᠮ ᠤᠨ ᠣᠶᠤᠨ ᠰᠠᠨᠠᠭᠠᠨ ᠤ ᠠᠮᠢᠨ ᠰᠤᠳᠠᠰᠤ ᠶᠢ ᠰᠤᠷᠤᠭᠴᠢᠳ ᠤᠨ ᠰᠡᠳᠬᠢᠯ ᠳᠤ | ᠤᠯᠠᠮᠵᠢᠯᠠᠨ ᠵᠠᠯᠭᠠᠮᠵᠢᠯᠠᠭᠤᠯᠪᠠ᠃ ᠰᠤᠷᠭᠠᠭᠤᠯᠢ ᠶᠢᠨ ᠬᠦᠷᠢᠶᠡᠨ ᠳᠤ᠂ ᠨᠡᠶᠢᠭᠡᠮ ᠵᠢᠷᠤᠮ ᠤᠨ ᠭᠤᠤᠯᠯᠠᠬᠤ | ᠥᠷᠲᠡᠭ ᠤᠨ ᠦᠵᠡᠯᠲᠡ ᠶᠢᠨ ᠪᠢᠴᠢᠭᠡᠰᠦ ᠶᠢ ᠬᠢᠴᠢᠶᠡᠯ ᠤᠨ ᠭᠡᠷ ᠨᠢᠭᠡᠪᠦᠷᠢ ᠳᠤ ᠨᠠᠭᠠᠵᠤ᠂ ᠭᠤᠤᠯ ᠰᠡᠳᠦᠪᠲᠦ | ᠠᠩᠭᠢ ᠶᠢᠨ ᠬᠤᠷᠠᠯ᠂ ᠰᠢᠨᠵᠢᠯᠡᠬᠦ ᠤᠬᠠᠭᠠᠨ ᠤ ᠰᠠᠯᠪᠦᠷᠢ ᠶᠢ ᠠᠭᠤᠰᠤᠯᠴᠠᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ | ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠬᠢᠴᠢᠶᠡᠯ ᠤᠨ ᠲᠠᠩᠬᠢᠮ ᠳᠤ ᠣᠷᠣᠭᠤᠯᠵᠤ᠂ ᠦᠵᠡᠯ | ᠰᠠᠨᠠᠭ᠎ᠠ ᠰᠣᠶᠣᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ | | |