| ᠣᠶᠢᠷ᠎ᠠ ᠳᠤ᠂ ᠠᠯᠠᠱᠠ ᠠᠶᠢᠮᠠᠭ ᠤᠨ ᠴᠤᠸᠠᠩ ᠺᠧ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠰᠤᠳᠤᠯᠤᠨ ᠨᠡᠭᠡᠭᠡᠭᠰᠡᠨ mongoyia ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠲᠠᠪᠴᠠᠩ ᠤᠨ ᠠᠩᠬᠠᠨ ᠤ ᠪᠠᠷᠠᠭ᠎ᠠ ᠶᠢ ︽9610︾ ᠵᠠᠭᠪᠤᠷ ᠢᠶᠠᠷ ᠳᠠᠮᠵᠢᠭᠤᠯᠤᠨ ᠠᠮᠵᠢᠯᠲᠠ ᠲᠠᠢ ᠪᠣᠷᠣᠯᠠᠭᠤᠯᠪᠠ᠃ | | ᠠᠯᠠᠱᠠ ᠠᠶᠢᠮᠠᠭ ᠤᠨ ᠴᠤᠸᠠᠩ ᠺᠧ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ | ᠠᠵᠢᠯᠲᠠᠳ Mongoyia ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠠᠪᠴᠠᠩ ᠢ ᠬᠠᠮᠠᠭᠠᠯᠠᠨ | ᠪᠠᠷᠠᠭ᠎ᠠ ᠪᠠᠨ ᠰᠢᠨᠡᠴᠢᠯᠡᠵᠤ᠂ ᠲᠠᠪᠴᠠᠩ ᠳᠡᠭᠡᠷ᠎ᠡ ᠡᠷᠡᠭᠲᠡᠢ ᠶᠢᠨ ᠬᠤᠪᠴᠠᠰᠤ᠂ ᠡᠮᠡᠭᠲᠡᠢ ᠶᠢᠨ ᠬᠤᠪᠴᠠᠰᠤ᠂ | ᠡᠯᠧᠺᠲᠷᠣᠨ ᠦᠢᠯᠡᠳᠬᠦᠨ ᠵᠡᠷᠭᠡ ᠡᠯ᠎ᠡ ᠲᠥᠷᠥᠯ ᠤᠨ ᠲᠠᠸᠠᠷ ᠢ ᠰᠢᠨᠡᠴᠢᠯᠡᠨ ᠭᠠᠷᠭᠠᠯ᠎ᠠ᠃ | | | | | ᠠᠯᠠᠱᠠ ᠠᠶᠢᠮᠠᠭ ᠤᠨ ᠴᠤᠸᠠᠩ ᠺᠧ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ 2016 | ᠣᠨ ᠠᠴᠠ ᠡᠬᠢᠯᠡᠨ mongoyia ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠠᠪᠴᠠᠩ ᠢ ᠰᠤᠳᠤᠯᠤᠨ | ᠨᠡᠭᠡᠭᠡᠵᠦ᠂ ᠭᠤᠷᠪᠠ ᠤᠳᠠᠭᠠᠨ ᠤ ᠬᠡᠪ ᠢ ᠨᠢ ᠦᠭᠡᠷᠡᠴᠢᠯᠡᠵᠤ ᠰᠢᠯᠢᠳᠡᠭᠵᠢᠭᠦᠯᠬᠦ ᠪᠠᠷ ᠳᠡᠮᠵᠢᠨ᠂ 2023 ᠣᠨ ᠳᠤ | ᠵᠢᠩᠬᠢᠨᠢ ᠪᠠᠷ ᠰᠦᠯᠵᠢᠶᠡᠨ ᠳᠤ ᠭᠠᠷᠴᠤ ᠨᠡᠶᠢᠲᠡᠯᠡᠪᠡ᠃ ᠲᠠᠪᠴᠠᠩ ᠨᠢ ᠪᠦᠷᠢᠮᠦᠰᠦᠨ ᠪᠡᠶ᠎ᠡ ᠪᠠᠨ ᠳᠠᠭᠠᠭᠠᠵᠤ | ᠰᠤᠳᠤᠯᠤᠨ ᠨᠡᠭᠡᠭᠡᠭᠰᠡᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠰᠲ᠋ᠧᠮ ᠲᠠᠢ᠂ ᠠᠮᠤᠷ | ᠲᠦᠪᠰᠢᠨ ᠤ ᠮᠡᠷᠭᠡᠵᠢᠯ ᠵᠡᠷᠭᠡ ᠭᠤᠤᠯ ᠬᠦᠷᠢᠶᠡᠨ ᠳᠤ ᠴᠦ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ | ᠪᠡᠶᠡᠯᠡᠭᠦᠯᠵᠡᠶ᠃ ᠣᠳᠣᠬᠠᠨ ᠳᠤ᠂ mongoyia ᠨᠢᠭᠡᠨᠲᠡ ᠮᠣᠩᠭᠤᠯ ᠤᠯᠤᠰ ᠲᠤ 9 ᠰᠦᠯᠵᠢᠶᠡᠨ ᠭᠠᠳᠠᠨᠠᠬᠢ | ᠪᠡᠶᠡᠴᠢᠯᠡᠨ ᠣᠶᠢᠯᠠᠭᠠᠬᠤ ᠳᠡᠯᠭᠡᠭᠦᠷ ᠪᠠᠶᠢᠭᠤᠯᠤᠭᠰᠠᠨ ᠪᠥᠭᠡᠳ ᠲᠤᠬᠠᠶ ᠶᠢᠨ ᠭᠠᠵᠠᠷ ᠤᠨ ᠪᠠᠷᠠᠭᠠᠨ ᠤ ᠭᠦᠢᠯᠭᠡᠭᠡᠨ ᠤ | ᠠᠵᠤ ᠠᠬᠤᠶᠢᠯᠠᠯ ᠲᠠᠢ ᠭᠦᠨᠵᠡᠭᠡᠶ ᠬᠠᠮᠲᠤᠷᠠᠯᠴᠠᠭ᠎ᠠ ᠬᠢᠵᠦ᠂ ᠭᠡᠷ ᠤᠨ ᠡᠭᠦᠳᠡᠨ ᠳᠤ ᠳᠣᠭᠢᠷᠠᠭᠤᠯᠤᠨ ᠬᠦᠷᠭᠡᠬᠦ | ᠦᠢᠯᠡᠴᠢᠯᠡᠭᠡ ᠶᠢ ᠭᠠᠩᠭᠠᠵᠤ᠂ ᠲᠠᠸᠠᠷ ᠢ ᠰᠢᠭᠤᠳ ᠬᠡᠷᠡᠭᠯᠡᠭᠴᠢᠳ ᠲᠤ ᠬᠦᠷᠭᠡᠵᠦ᠂ ᠳᠤᠮᠳᠠᠳᠤ ᠮᠣᠩᠭᠤᠯ ᠤᠨ ᠬᠢᠯᠢ | ᠠᠯᠤᠰᠯᠠᠭᠰᠠᠨ ᠠᠷᠠᠯᠵᠢᠶ᠎ᠠ ᠳᠤ ᠥᠨᠳᠥᠷ ᠪᠦᠲᠦᠮᠵᠢᠲᠡᠶ ᠳᠥᠭᠦᠮ ᠳᠥᠲᠡ ᠲᠣᠭᠠᠴᠢᠯᠠᠭᠰᠠᠨ ᠬᠥᠭᠦᠷᠭᠡ ᠪᠠᠶᠢᠭᠤᠯᠵᠤ | ᠥᠭᠭᠦᠭᠰᠡᠨ ᠪᠠᠶᠢᠨ᠎ᠠ᠃ | ᠣᠢᠢᠯᠠᠭᠠᠬᠰᠠᠨ ᠢᠶᠠᠷ᠂ ︽9610︾ ᠭᠡᠳᠡᠭ ᠨᠢ ︽ᠬᠢᠯᠢ ᠠᠯᠣᠰᠯᠠᠬᠰᠠᠨ ᠡᠯᠧᠺᠲᠷᠣᠨ ᠬᠤᠳᠠᠯᠳᠤᠭ᠎ᠠ︾ | ᠶᠤᠮ ᠂ ᠪᠤᠭᠤᠮᠲᠠ ᠶᠢᠨ ᠬᠢᠨᠠᠨ ᠬᠠᠮᠢᠶᠠᠷᠬᠤ ᠬᠡᠯᠪᠠᠷᠢ ᠶᠢᠨ ᠺᠤᠳ᠋ ᠮᠦᠠ᠃ ᠳᠥᠭᠦᠮ ᠢᠶᠠᠷ ᠬᠡᠯᠡᠪᠡᠯ᠂ ᠲᠡᠷᠡ ᠨᠢ | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠵᠢᠭᠯᠡᠨ ᠪᠣᠷᠣᠯᠠᠭᠤᠯᠬᠤ ᠶᠢ ᠭᠠᠳᠠᠭᠠᠳᠤ ᠳᠤ | ᠬᠠᠨᠳᠤᠭᠤᠯᠤᠭᠰᠠᠨ ᠶᠠᠪᠤᠳᠠᠯ ᠪᠣᠯᠣᠨ᠎ᠠ᠂ ᠳᠠᠷᠤᠢ ᠮᠠᠨ ᠤ ᠦᠷᠭᠦᠯᠵᠢ ᠬᠡᠯᠡᠳᠡᠭ ︽ᠪᠠᠷᠠᠭ᠎ᠠ ᠴᠤᠭᠯᠠᠭᠤᠯᠬᠤ ᠵᠠᠭᠪᠤᠷ︾ | ᠪᠣᠯᠤᠨ᠎ᠠ᠃ ᠬᠤᠳᠠᠯᠳᠤᠭᠠᠴᠢᠳ ᠤᠯᠤᠰ ᠤᠨ ᠳᠣᠲᠣᠭᠠᠳᠤ ᠶᠢᠨ ᠣᠯᠠᠨ ᠬᠡᠷᠡᠭᠯᠡᠭᠴᠢᠳ ᠤᠨ ᠲᠠᠷᠠᠬᠠᠶ ᠪᠤᠲᠠᠷᠬᠠᠶ | ᠵᠠᠬᠢᠶᠠᠯᠠᠭ᠎ᠠ ᠶᠢ ᠴᠤᠭᠯᠠᠷᠠᠭᠤᠯᠵᠤ᠂ ᠳᠠᠬᠢᠨ ᠨᠢᠭᠡᠳᠦᠯᠲᠡᠶ ᠪᠠᠭᠯᠠᠵᠤ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠢᠶᠠᠷ | ᠳᠠᠮᠵᠢᠭᠤᠯᠤᠨ ᠭᠠᠳᠠᠭᠠᠳᠤ ᠳᠤ ᠶᠠᠪᠤᠭᠤᠯᠳᠠᠭ᠃ ᠡᠶᠢᠮᠦᠷᠬᠦ ᠬᠡᠪ ᠵᠠᠭᠪᠤᠷ ᠨᠢ ᠪᠠᠷᠠᠭᠠᠨ ᠤ ᠭᠦᠢᠯᠭᠡᠭᠡᠨ ᠤ ᠥᠪᠡᠷ ᠤᠨ | ᠦᠷᠳᠡᠭ ᠢ ᠶᠡᠭᠡ ᠪᠠᠷ ᠪᠠᠭᠤᠷᠠᠭᠤᠯᠵᠤ ᠴᠢᠳᠠᠬᠤ ᠪᠠᠷ ᠪᠠᠷᠠᠬᠤ ᠦᠭᠡᠢ᠂ ᠪᠠᠰᠠ ᠲᠤᠬᠢᠷᠠᠭᠤᠯᠤᠨ ᠬᠦᠷᠭᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠭᠠᠳᠠᠭᠠᠳᠤ ᠶᠢᠨ ᠬᠡᠷᠡᠭᠯᠡᠭᠴᠢᠳ ᠲᠤ ᠳᠤᠮᠳᠠᠳᠤ ᠶᠢᠨ ᠲᠠᠸᠠᠷ ᠢ ᠨᠡᠩ ᠲᠦᠷᠭᠡᠨ | ᠬᠦᠷᠭᠡᠬᠦ ᠶᠢᠨ ᠬᠠᠮᠲᠤ ᠤᠯᠤᠰ ᠤᠨ ᠳᠣᠲᠣᠭᠠᠳᠤ ᠶᠢᠨ ᠬᠤᠳᠠᠯᠳᠤᠭᠠᠴᠢᠳ ᠲᠤ ᠨᠡᠩ ᠥᠷᠭᠡᠨ ᠠᠭᠤᠳᠠᠮ ᠪᠦᠬᠦ | ᠪᠥᠮᠪᠥᠷᠴᠡᠭ ᠤᠨ ᠵᠠᠬ᠎ᠠ ᠳᠡᠯᠭᠡᠭᠦᠷ ᠤᠨ ᠡᠭᠦᠳᠡ ᠶᠢ ᠨᠡᠭᠡᠭᠡᠵᠦ ᠥᠭᠴᠡᠢ᠃ | | | | |