| ᠪᠠᠰᠠ ᠨᠢᠭᠡ ᠵᠢᠯ ᠤᠨ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠤᠯᠠᠷᠢᠯ ᠬᠦᠷᠴᠦ ᠢᠷᠡᠯ᠎ᠡ᠂ | ᠰᠢᠯᠭᠠᠭᠤᠯᠤᠭᠴᠢ ᠵᠢᠴᠢ ᠬᠡᠷ ᠤᠨ ᠠᠬᠠᠮᠠᠳ ᠤᠨ ᠵᠣᠪᠠᠨᠢᠯ ᠢ ᠦᠨᠡᠨ ᠬᠦ ᠰᠢᠢᠳᠪᠦᠷᠢᠯᠡᠵᠦ᠂ ᠰᠢᠯᠭᠠᠭᠤᠯᠤᠭᠴᠢ | ᠨᠢᠭᠡᠪᠦᠷᠢ ᠳᠤ ᠠᠮᠤᠷ ᠲᠦᠪᠰᠢᠨ᠂ ᠲᠣᠭᠲᠠᠭᠰᠠᠨ ᠴᠠᠭ ᠲᠠᠭᠠᠨ ᠰᠢᠯᠭᠠᠯᠲᠠ ᠶᠢᠨ ᠲᠠᠯᠠᠪᠤᠷ ᠲᠤ ᠬᠦᠷᠬᠦ ᠶᠢ ᠦᠨᠡᠨ ᠬᠦ | ᠪᠠᠲᠤᠯᠠᠬᠤ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠠᠷᠢᠨ | ᠨᠢᠮᠪᠠᠶ ᠪᠠᠶᠢᠷᠢᠯᠠᠭᠤᠯᠵᠤ᠂ ᠬᠠᠶᠢᠷ᠎ᠠ ᠬᠠᠯᠠᠮᠵᠢ ᠬᠦᠷᠭᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠲᠡᠷᠭᠡᠨ ᠤ ᠠᠩᠭᠢ ᠶᠢ | ᠵᠣᠬᠢᠶᠠᠨ ᠪᠠᠶᠢᠭᠤᠯᠵᠤ᠂ ᠰᠢᠯᠭᠠᠯᠳᠠ ᠶᠢᠨ ᠬᠤᠭᠤᠴᠠᠭᠠᠨ ᠤ ᠡᠮᠬᠢ ᠵᠢᠷᠣᠮ ᠢ ᠪᠠᠳᠤᠯᠠᠪᠠ᠃ | | | | | ᠣᠶᠢᠯᠠᠭᠠᠭᠰᠠᠨ ᠢᠶᠠᠷ᠂ ᠬᠠᠶᠢᠷ᠎ᠠ ᠬᠠᠯᠠᠮᠵᠢ ᠬᠦᠷᠭᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠲᠡᠷᠭᠡᠨ ᠠᠩᠭᠢ ᠪᠣᠯ | ︽ᠲᠡᠮᠡᠭᠡᠲᠦ ᠨᠤᠲᠤᠭ ᠤᠨ ᠲᠦᠷᠢᠶᠡᠰᠦᠨ ᠮᠠᠰᠢᠨ︾ ᠬᠠᠶᠢᠷ᠎ᠠ ᠬᠠᠯᠠᠮᠵᠢ ᠶᠢᠨ ᠲᠡᠷᠭᠡᠨ ᠠᠩᠭᠢ ᠪᠠᠶᠢᠵᠤ᠂ | ᠲᠦᠷᠢᠶᠡᠰᠦᠨ ᠮᠠᠰᠢᠨ ᠲᠡᠷᠭᠡ᠂ ᠵᠠᠮ ᠳᠠᠭᠠᠤ ᠮᠠᠰᠢᠨ᠂ ᠠᠷᠠᠳ ᠤᠨ ᠮᠠᠰᠢᠨ ᠵᠡᠷᠭᠡ ᠮᠠᠰᠢᠨ ᠲᠡᠷᠭᠡ ᠪᠠ ᠠᠯᠠᠱᠠ | ᠠᠶᠢᠮᠠᠭ ᠤᠨ ᠵᠢᠶᠦ᠋ᠨ ᠯᠦᠩ᠂ ᠰᠢᠩ ᠠᠨ᠂ ᠶᠢᠨ ᠳ᠋ᠦᠨ ᠭᠤᠷᠪᠠᠨ ᠵᠢᠯᠣᠭᠤᠴᠢ ᠶᠢᠨ ᠰᠤᠷᠭᠠᠭᠤᠯᠢ ᠶᠢᠨ | ᠰᠤᠷᠭᠠᠭᠴᠢ ᠶᠢᠨ ᠨᠡᠶᠢᠲᠡ 100 ᠲᠡᠷᠭᠡ 100 ᠬᠠᠶᠢᠷ᠎ᠠ ᠬᠠᠯᠠᠮᠵᠢ ᠶᠢᠨ ᠵᠢᠯᠣᠭᠤᠴᠢ ᠬᠠᠮᠲᠤ ᠪᠠᠷ ᠣᠷᠣᠯᠴᠠᠪᠠ᠃ | ᠲᠡᠷᠭᠡᠨ ᠠᠩᠭᠢ 6 ᠰᠠᠷ᠎ᠠ ᠶᠢᠨ 7 ᠤ ᠡᠳᠦᠷ ᠠᠴᠠ 6 ᠰᠠᠷ᠎ᠠ ᠶᠢᠨ 9 ᠤ ᠡᠳᠦᠷ ᠪᠣᠯᠲᠠᠯᠠᠬᠢ ᠬᠤᠭᠤᠴᠠᠭᠠᠨ ᠳᠤ ᠶᠡᠭᠡ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠰᠤᠷᠤᠭᠴᠢᠳ ᠲᠤ ᠦᠨ᠎ᠡ ᠲᠦᠯᠪᠦᠷᠢ | ᠥᠬᠡᠶ ᠪᠠᠷ ᠲᠤᠰᠴᠤ ᠬᠦᠷᠭᠡᠬᠦ ᠦᠢᠯᠡᠴᠢᠯᠡᠭᠡ ᠬᠠᠩᠭᠠᠵᠤ᠂ ᠮᠠᠰᠢᠨ ᠲᠡᠷᠭᠡ ᠤᠳ ᠭᠤᠤᠯᠳᠠᠭᠤ ᠡᠯ᠎ᠡ ᠬᠤᠷᠢᠶᠠᠯᠠᠯ ᠤᠨ | ᠡᠭᠦᠳᠡᠨ ᠳᠤ ᠰᠢᠯᠭᠠᠭᠤᠯᠤᠭᠴᠢ ᠶᠢᠨ ᠶᠠᠪᠣᠵᠣ ᠰᠠᠭᠤᠬᠤ ᠳᠤ ᠲᠥᠬᠦᠮ ᠦᠵᠡᠭᠦᠯᠵᠦ᠂ ᠰᠢᠯᠭᠠᠭᠤᠯᠤᠭᠴᠢ | ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠢᠶᠠᠷ ᠢᠶᠠᠨ ᠦᠨ᠎ᠡ ᠲᠦᠯᠪᠦᠷᠢ ᠥᠬᠡᠶ ᠪᠠᠷ ᠰᠢᠯᠭᠠᠯᠲᠠ ᠶᠢᠨ ᠲᠠᠯᠠᠪᠤᠷ ᠲᠤ | ᠬᠦᠷᠴᠦ ᠪᠣᠯᠤᠨ᠎ᠠ᠃ ᠪᠠᠰᠠ ᠱᠠᠭᠠᠷᠳᠠᠯᠭ᠎ᠠ ᠲᠠᠢ ᠰᠢᠯᠭᠠᠭᠤᠯᠤᠭᠴᠢ ᠳᠤ ᠲᠤᠰᠴᠤ ᠬᠦᠷᠭᠡᠬᠦ ᠲᠤᠰᠬᠠᠶ ᠦᠢᠯᠡᠴᠢᠯᠡᠭᠡ | ᠬᠠᠩᠭᠠᠵᠤ᠂ ᠰᠢᠯᠭᠠᠭᠤᠯᠤᠭᠴᠢ 0483 - 8222005 ᠳ᠋ᠤᠭᠠᠷ ᠢᠶᠠᠷ ᠤᠷᠢᠳᠴᠢᠯᠠᠨ ᠪᠣᠯᠵᠤᠨ ᠬᠦᠷᠭᠡᠭᠦᠯᠵᠦ | ᠪᠣᠯᠤᠨ᠎ᠠ᠃ | |