ᠬᠤᠰᠢᠭᠤᠨ ᠤ ᠨᠠᠮ ᠤᠨ ᠬᠤᠷᠢᠶ᠎ᠠ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠣᠣᠱᠯᠠᠭᠤᠯᠪᠠ        ᠯᠢᠦ ᡁᠢ ᠴᠢᠶᠠᠩ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/6/3
   5 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ ᠬᠤᠷᠠᠯ ᠡᠷᠭᠢᠯᠡᠪᠡ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠱᠠᠩᠬᠠᠢ ᠳᠤ ᠰᠢᠨᠵᠢᠯᠡᠨ ᠪᠠᠶᠢᠴᠠᠭᠠᠬᠤ ᠪᠠ ᠬᠡᠰᠡᠭ ᠮᠤᠵᠢ ᠣᠷᠣᠨ ᠬᠤᠳᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠣᠳᠣᠬᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠵᠠᠳᠠᠯᠤᠯᠲᠠ ᠮᠠᠭᠠᠳᠯᠠᠯᠲᠠ ᠪᠠ ᠠᠵᠤ ᠠᠬᠤᠢ ᠶᠢᠨ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠠᠵᠤ ᠠᠬᠤᠢ ᠶᠢᠨ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠳᠠᠷᠤᠯᠲᠠ ᠥᠭᠴᠦ ᠬᠤᠶᠠᠳᠤᠭᠠᠷ ᠤᠯᠠᠷᠢᠯ ᠳᠤ ᠡᠷᠡᠯᠬᠡᠭᠯᠡᠨ ᠲᠡᠮᠡᠴᠡᠬᠦ ᠬᠡᠷᠡᠭᠲᠡᠢ᠃ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠬᠢᠨᠠᠨ ᠬᠡᠮᠵᠢᠵᠦ ᠵᠠᠳᠠᠯᠬᠤ ᠶᠢ ᠦᠷᠭᠦᠯᠵᠢᠯᠡᠨ ᠰᠠᠶᠢᠲᠤᠷ ᠬᠢᠵᠦ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ᠂ ᠴᠡᠪᠡᠷ ᠡᠨᠧᠷᠭᠢ᠂ ᠰᠣᠶᠣᠯ ᠵᠢᠭᠤᠯᠴᠢᠯᠠᠯ᠂ ᠲᠣᠣᠷ᠎ᠠ ᠠᠭᠠᠷ ᠤᠨ ᠠᠵᠣ ᠠᠬᠤᠢ ᠵᠡᠷᠭᠡ ᠬᠦᠷᠢᠶᠡᠨ ᠤ ᠲᠣᠭᠤᠷᠢᠨ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠭᠤᠷᠪᠠᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠪᠠᠷᠢᠮᠲᠠᠯᠠᠵᠤ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠣᠭᠲᠠᠭᠤᠨ ᠢᠶᠠᠷ ᠣᠷᠣᠯᠭ᠎ᠠ ᠪᠠᠨ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠨ ᠠᠬᠢᠭᠤᠯᠵᠤ ᠂ ᠰᠣᠶᠣᠯ ᠵᠤᠭᠠᠴᠠᠯ ᠤᠨ ᠦᠢᠯᠡᠰ ᠵᠢᠴᠢ ᠦᠢᠯᠡᠴᠢᠯᠡᠭᠡᠨ ᠤ ᠦᠢᠯᠡᠰ ᠤᠨ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠪᠠᠳᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ  ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢ ᠨᠡᠷᠡᠶᠢᠳᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠶᠠᠷ ᠢ ᠬᠦᠷᠢᠶᠡᠯᠡᠬᠦ ᠠᠵᠢᠯ ᠤᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠴᠡᠷᠢᠭ ᠠᠩᠭᠢ ᠪᠠ ᠣᠷᠣᠨ ᠨᠤᠲᠤᠭ ᠤᠨ ᠬᠠᠮᠵᠢᠯᠴᠠᠭ᠎ᠠ ᠶᠢ ᠨᠢᠭᠲᠠᠷᠠᠭᠤᠯᠵᠤ᠂ ᠰᠠᠭᠤᠭ᠎ᠠ ᠭᠠᠵᠠᠷ ᠤᠨ ᠴᠡᠷᠢᠭ ᠠᠩᠭᠢ ᠶᠢᠨ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠢ ᠳᠡᠮᠵᠢᠵᠦ᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠴᠡᠷᠢᠭ ᠠᠩᠭᠢ ᠶᠢ ᠬᠠᠶᠢᠷᠠᠯᠠᠬᠤ᠂ ᠴᠡᠷᠢᠭ ᠢ ᠬᠦᠨᠳᠦᠳᠬᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠪᠥᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠶᠡᠷᠦᠩᠬᠡᠶ ᠱᠦᠵᠢ ᠰᠢ ᠶᠢᠨ ᠫᠢᠩ ᠤᠨ ᠰᠢᠶᠧ ᠢ ᠲᠧ ᠪᠠᠭ᠎ᠠ ᠰᠤᠷᠭᠠᠭᠤᠯᠢ ᠶᠢᠨ ᠬᠢᠯᠢ ᠬᠢᠵᠠᠭᠠᠷ ᠢ ᠰᠠᠬᠢᠵᠤ ᠰᠤᠷᠭᠠᠨ ᠬᠥᠮᠦᠵᠢᠯ ᠢ ᠳᠡᠮᠵᠢᠬᠦ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠲᠤᠷᠠᠴᠤᠳ ᠤᠨ ᠦᠢᠯᠡᠴᠢᠯᠡᠭᠡᠨ ᠤ ᠠᠩᠭᠢ ᠶᠢᠨ ᠭᠡᠰᠢᠭᠦᠳ ᠲᠤ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠩᠭᠠᠳᠬᠠᠵᠤ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠭᠦᠨᠵᠡᠭᠡᠶ ᠦᠢᠯᠡᠳᠦᠯᠭᠡᠵᠢᠭᠦᠯᠵᠦ᠂ ᠤᠯᠤᠰ ᠬᠡᠷ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠥᠯᠢᠭᠡᠷ ᠳᠠᠭᠤᠷᠢᠶᠠᠯ ᠤᠨ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠡᠷᠬᠡ ᠪᠠᠨ ᠬᠠᠮᠠᠭᠠᠯᠠᠬᠤ  ᠦᠢᠯᠡᠴᠢᠯᠡᠭᠡ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠥᠷᠭᠡᠨ ᠣᠯᠠᠨ ᠠᠵᠢᠯᠲᠠᠨ ᠢ ᠳᠠᠶᠢᠴᠢᠯᠠᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠰᠢᠷᠭᠠᠭᠤ ᠬᠠᠲᠠᠭᠤᠵᠢᠯᠲᠠᠶ ᠰᠤᠳᠤᠯᠵᠤ᠂ ᠨᠠᠩ ᠣᠯᠠᠨ ᠵᠠᠯᠠᠭᠤᠴᠤᠳ ᠢ ᠳᠠᠶᠢᠴᠢᠯᠠᠨ ᠡᠷᠳᠡᠮ ᠴᠢᠳᠠᠪᠤᠷᠢ ᠪᠠᠨ ᠢᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠯᠢᠶᠣᠤᠨᠢᠩ ᠤᠨ ᠯᠢᠶᠣᠤ ᠶᠠᠩ ᠬᠤᠲᠠ ᠶᠢᠨ ᠴᠠᠭᠠᠨ ᠰᠤᠪᠤᠷᠭ᠎ᠠ ᠲᠣᠭᠤᠷᠢᠭ ᠤᠨ ᠨᠢᠭᠡᠳᠦᠭᠡᠷ ᠵᠣᠴᠢᠳ ᠤᠨ ᠪᠠᠭᠤᠳᠠᠯ ᠤᠨ ᠭᠠᠯ ᠤᠨ ᠠᠶᠤᠯ ᠤᠨ ᠠᠳᠡᠯ᠂ ᠭᠦᠢᠵᠧᠦ ᠶᠢᠨ ᠪᠢ ᠵᠢᠶᠧ ᠬᠤᠲᠠ ᠶᠢᠨ ᠴᠢᠶᠠᠨ ᠰᠢ ᠬᠤᠲᠠ ᠶᠢᠨ ᠵᠢᠭᠤᠯᠴᠢᠯᠠᠯ ᠤᠨ ᠣᠩᠭᠤᠴᠠ ᠬᠥᠷᠪᠡᠬᠦ ᠠᠳᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠭᠠᠵᠠᠷ᠂ ᠰᠠᠭᠤᠭᠠᠯᠢ ᠠᠷᠠᠳ ᠤᠨ ᠲᠣᠭᠤᠷᠢᠭ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠪᠠ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠨᠢᠭᠡ ᠠᠴᠠ ᠨᠥᠭᠦᠭᠡ ᠶᠢ ᠵᠦᠢᠴᠢᠯᠡᠨ ᠡᠷᠡᠰᠳᠡᠯ ᠤᠨ ᠳᠠᠯᠳᠠ ᠬᠡᠮ ᠢ ᠴᠡᠭᠴᠡᠯᠡᠨ ᠵᠠᠰᠠᠵᠤ᠂ ᠭᠠᠮᠰᠢᠭ ᠲᠠᠢ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠠᠶᠤᠯ ᠥᠬᠡᠶ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号